ᠳᠤᠮᠳᠠᠳᠤ ᠤᠯᠤᠰ ᠤᠨ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠦᠨ ᠳᠡᠯᠭᠡᠷᠡᠭᠦᠯᠬᠦ ᠲᠥᠪ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠳᠡᠯᠭᠡᠷᠡᠭᠦᠯᠬᠦ ᠲᠥᠪ ᠤᠨ ᠫᠠᠶᠢᠰᠠ ᠣᠯᠭᠤᠬᠤ ᠶᠣᠰᠣᠯᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/8/5
   7 ᠳ᠋ᠤᠭᠠᠷ ᠰᠠᠷ᠎ᠠ ᠶᠢᠨ 22 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠭᠤᠣᠯᠯᠠᠨ ᠡᠷᠭᠢᠯᠡᠵᠦ᠂ ᠰᠣᠶᠣᠯ ᠪᠠ ᠵᠢᠭᠤᠯᠴᠢᠯᠠᠯ ᠤᠨ ᠶᠠᠮᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠬᠦ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠬᠢᠯᠡᠭᠰᠡᠨ ︽ᠡᠬᠡ ᠭᠠᠵᠠᠷ ᠤᠨ ᠪᠠᠶᠠᠷ ᠤᠨ ᠳᠠᠭᠤᠤ  ᠡᠭᠡᠯᠢᠲᠦ ᠬᠤᠳᠠ ᠶᠢ ᠪᠦᠪᠡᠶᠢᠯᠡᠨ᠎ᠡ︾ 2023 ᠣᠨ ᠤ ᠪᠦᠬᠦ ᠤᠯᠤᠰ ᠤᠨ ᠵᠤᠨ ᠤ ᠤᠯᠠᠷᠢᠯ ᠤᠨ ᠬᠥᠳᠡᠭᠡ ᠲᠣᠰᠬᠤᠨ ᠤ ᠦᠳᠡᠰᠢᠯᠡᠭᠡ ᠶᠢᠨ ᠣᠷᠳᠣᠰ ᠬᠤᠳᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠳᠤᠮᠳᠠᠳᠤ ᠤᠯᠤᠰ ᠤᠨ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠦᠨ ᠳᠡᠯᠭᠡᠷᠡᠭᠦᠯᠬᠦ ᠲᠥᠪ ᠤᠨ ᠣᠷᠳᠣᠰ ᠬᠤᠳᠠ ᠶᠢᠨ ᠳᠡᠯᠭᠡᠷᠡᠭᠦᠯᠬᠦ ᠲᠥᠪ ᠤᠨ ᠫᠠᠶᠢᠰᠠ ᠣᠯᠭᠤᠬᠤ ᠶᠣᠰᠣᠯᠠᠯ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠵᠢᠦ ᠴᠧᠩ ᠭᠦᠩ ᠣᠷᠳᠣᠨ ᠳᠤ ᠦᠪᠡᠳᠡᠭᠰᠢ ᠶᠡᠭᠡ ᠪᠠᠷ ᠶᠠᠪᠤᠭᠳᠠᠪᠠ᠃    ᠲᠥᠪ ᠤᠨ ᠦᠨᠳᠦᠰᠦᠲᠡᠨ ᠤ ᠬᠥᠭᠵᠢᠮ ᠤᠨ ᠪᠦᠯᠬᠦᠮ ᠤᠨ ᠠᠯᠪᠠᠨ ᠭᠡᠷ ᠤᠨ ᠡᠷᠬᠢᠯᠡᠭᠴᠢ ᠢ ᠳ᠋ᠡ ᠫᠢᠩ᠂ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠬᠦ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠲᠥᠪ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠭᠠᠵᠠᠷ ᠤᠨ ᠳᠡᠳ᠋ ᠳᠠᠷᠤᠭ᠎ᠠ ᠰᠢᠤᠸᠠᠢ ᠰᠢᠨ ᠾᠦᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠯᠠᠨ ᠨᠡᠶᠢᠲᠡ ᠶᠢᠨ ᠰᠣᠶᠣᠯ ᠤᠨ ᠭᠠᠵᠠᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠠᠨ ᠯᠢ ᠰᠢᠶᠠ᠂ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠴᠢᠨ ᠯᠧᠢ᠂ ᠶᠤᠸᠠᠨ ᠰᠢᠨ ᠬᠤᠸᠠ᠂ ᠭᠤᠸᠠᠩᠵᠧᠦ ᠬᠤᠲᠠ ᠶᠢᠨ ᠰᠣᠶᠣᠯ ᠷᠠᠳᠢᠣ᠋ ᠵᠢᠭᠤᠯᠴᠢᠯᠠᠯ ᠤᠨ ᠲᠣᠪᠴᠢᠶ᠎ᠠ ᠶᠢᠨ ᠪᠣᠳᠠᠰ ᠤᠨ ᠪᠤᠰᠤ ᠰᠣᠶᠣᠯ ᠤᠨ ᠦᠪ  ᠤᠨ ᠭᠠᠵᠠᠷ ᠤᠨ ᠳᠠᠷᠤᠭ᠎ᠠ ᠹᠧᠩ ᠳ᠋ᠢᠩ ᠪᠥᠸᠧ ᠵᠢᠴᠢ ᠲᠦᠷᠦᠭᠦᠸ ᠪᠦᠯᠦᠭ ᠤᠨ ᠳᠤᠮᠳᠠᠳᠤ ᠤᠯᠤᠰ ᠤᠨ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠦᠨ ᠳᠡᠯᠭᠡᠷᠡᠭᠦᠯᠬᠦ 10 ᠲᠥᠪ᠂ ᠭᠤᠸᠠᠩᠵᠧᠦ ᠬᠤᠲᠠ ᠶᠢᠨ ᠯᠢ ᠸᠠᠨ ᠲᠣᠭᠤᠷᠢᠭ ᠤᠨ ᠰᠣᠶᠣᠯ ᠷᠠᠳᠢᠣ᠋ ᠲᠧᠯᠸᠢᠰ ᠪᠡᠶ᠎ᠡ ᠶᠢᠨ ᠲᠠᠮᠢᠷ ᠤᠨ ᠲᠣᠪᠴᠢᠶ᠎ᠠ᠂ ᠯᠢ ᠸᠠᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠦᠪ   ᠤᠨ ᠬᠠᠮᠠᠭᠠᠯᠠᠯᠲᠠ ᠶᠢᠨ ᠲᠥᠪ᠂ ᠣᠷᠳᠣᠰ ᠬᠤᠲᠠ ᠶᠢᠨ ᠡᠯ᠎ᠡ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠶᠣᠯ ᠤᠨ ᠣᠷᠳᠣᠨ ᠤ ᠬᠠᠷᠢᠭᠤᠴᠠᠯᠭᠠᠲᠠᠨ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠲᠣᠰ ᠠᠵᠢᠯᠯᠠᠭ᠎ᠠ ᠳᠤ ᠣᠷᠣᠯᠴᠠᠵᠠᠢ᠃      2021 ᠣᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠬᠦ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠲᠥᠪ ᠪᠣᠯᠣᠨ ᠲᠥᠪ ᠤᠨ ᠦᠨᠳᠦᠰᠦᠲᠡᠨ ᠤ ᠬᠥᠭᠵᠢᠮ ᠤᠨ ᠪᠦᠯᠬᠦᠮ ᠤᠨ ᠬᠢᠨᠠᠨ ᠰᠢᠯᠭᠠᠷᠠᠭᠤᠯᠵᠤ᠂ ᠵᠠᠷᠯᠠᠨ ᠨᠡᠶᠢᠲᠡᠯᠡᠬᠦ ᠪᠠᠷ ᠳᠠᠮᠵᠢᠭᠤᠯᠵᠤ᠂ ᠣᠷᠳᠣᠰ ᠬᠤᠳᠠ ᠶᠢᠨ ᠰᠣᠶᠣᠯ ᠤᠨ ᠣᠷᠳᠣᠨ ᠡᠯᠪᠡᠭ ᠪᠠᠶᠠᠯᠢᠭ ᠦᠨᠳᠦᠰᠦᠲᠡᠨ ᠤ ᠳᠠᠭᠤᠤ ᠬᠥᠭᠵᠢᠮ ᠤᠨ ᠡᠬᠢ ᠪᠠᠶᠠᠯᠢᠭ ᠪᠣᠯᠣᠨ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠦᠨ ᠳᠡᠯᠭᠡᠷᠡᠭᠦᠯᠬᠦ ᠯᠠᠪᠳᠠᠭᠤᠨ ᠪᠠᠲᠤᠲᠠᠢ ᠠᠵᠢᠯ ᠤᠨ ᠰᠠᠭᠤᠷᠢ ᠪᠠᠷ ᠢᠶᠠᠨ ᠳᠤᠮᠳᠠᠳᠤ ᠤᠯᠤᠰ ᠤᠨ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠦᠨ ᠳᠡᠯᠭᠡᠷᠡᠭᠦᠯᠬᠦ ᠲᠥᠪ ᠲᠤ ᠠᠮᠵᠢᠯᠲᠠᠲᠠᠢ ᠰᠣᠩᠭᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠴᠤᠷᠢ ᠶᠢᠨ ᠭᠠᠭᠴᠠ ᠰᠣᠩᠭᠤᠭᠳᠠᠭᠰᠠᠨ ᠨᠢᠭᠡᠴᠢ ᠪᠣᠯᠵᠠᠢ᠃ ᠡᠨᠡ ᠪᠣᠯ ᠣᠷᠳᠣᠰ ᠬᠤᠳᠠ ᠶᠢᠨ ᠰᠣᠶᠣᠯ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠦᠨᠳᠦᠰᠦᠲᠡᠨ ᠤ ᠳᠠᠭᠤᠤ ᠬᠥᠭᠵᠢᠮ ᠢ ᠲᠦᠭᠡᠮᠡᠯᠵᠢᠭᠦᠯᠦᠨ ᠳᠡᠯᠭᠡᠷᠡᠭᠦᠯᠬᠦ ᠠᠵᠢᠯ ᠢ ᠨᠤᠲᠠᠯᠠᠭᠰᠠᠨ ᠶᠠᠪᠤᠳᠠᠯ ᠪᠣᠯᠣᠨ᠎ᠠ᠂ ᠡᠨᠡ ᠨᠢ ᠡᠭᠡᠯᠢᠲᠦ ᠬᠤᠳᠠ ᠣᠷᠳᠣᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠳᠤ ᠪᠠᠰᠠ ᠨᠢᠭᠡ ᠤᠯᠤᠰ ᠤᠨ ᠲᠡᠰ ᠤᠨ ᠲᠠᠪᠴᠠᠩ ᠰᠢᠨ᠎ᠡ ᠪᠠᠷ ᠨᠡᠮᠡᠭᠳᠡᠭᠰᠡᠨ ᠢ ᠬᠠᠷᠠᠭᠤᠯᠵᠤ ᠪᠤᠢ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号