ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ 24 ᠳ᠋ᠤᠭᠡᠷ ᠤᠳᠠᠭᠠᠨ  ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/10
     9 ᠳ᠋ᠤᠭᠡᠷ ᠰᠠᠷ᠎ᠠ ᠶᠢᠨ 9 ︵ᠭᠠᠷᠠᠭ ᠤᠨ ᠵᠢᠷᠭᠤᠭᠠᠨ︶ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠨ ᠶᠠᠨ 2023 ᠣᠨ ᠤ 24 ᠳ᠋ᠤᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢ ᠠᠬᠢᠭᠤᠯᠬᠤ ᠳᠡᠭᠡᠳᠦ ᠬᠡᠮᠵᠢᠶᠡᠨ ᠠᠴᠠ ᠰᠢᠨᠵᠢᠶᠠᠩ ᠤᠨ ᠠᠵᠢᠯ  ᠤᠨ ᠰᠤᠳᠠᠯ  ᠢ ᠪᠠᠷᠢᠵᠤ ᠴᠢᠭᠯᠡᠯ ᠢ ᠲᠣᠭᠲᠠᠭᠠᠵᠤ᠂ ᠣᠳᠣᠬᠠᠨ ᠤ ᠰᠢᠨᠵᠢᠶᠠᠩ ᠤᠨ ᠠᠵᠢᠯ ᠤᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠬᠤ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠰᠢᠨᠵᠢᠶᠠᠩ ᠢ ᠵᠠᠰᠠᠬᠤ ᠰᠢᠨ᠎ᠡ ᠴᠠᠭ ᠦᠶ᠎ᠡ ᠶᠢᠨ ᠠᠷᠭ᠎ᠠ ᠪᠣᠳᠣᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠵᠦ᠂ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠵᠡᠷᠭᠡ ᠲᠠᠯ᠎ᠠ ᠪᠠᠷ ᠴᠢᠬᠤᠯᠠ ᠵᠢᠭᠠᠪᠤᠷᠢ ᠥᠭᠴᠦ᠂ ᠰᠢᠨᠵᠢᠶᠠᠩ ᠤᠨ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠤ ᠠᠮᠤᠷ ᠲᠣᠭᠲᠠᠭᠤᠨ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠵᠠᠢ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠠᠵᠢᠯ ᠢᠶᠠᠨ ᠪᠠᠶᠢᠷᠢᠯᠠᠭᠤᠯᠤᠨ ᠥᠷᠨᠢᠭᠦᠯᠵᠦ᠂ ᠶᠠᠷᠢᠶᠠᠨ ᠤ ᠵᠣᠷᠢᠭ ᠰᠠᠨᠠᠭ᠎ᠠ ᠶᠢ ᠦᠨᠡᠨ ᠬᠦ ᠰᠣᠶᠣᠯ ᠵᠢᠭᠤᠯᠴᠢᠯᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃       ᠬᠤᠷᠠᠯ ᠳᠡᠭᠡᠷ᠎ᠡ᠂ ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 .22︾ ᠤᠨ ᠣᠨᠴᠠ ᠶᠡᠭᠡ ᠠᠳᠡᠯ ᠠᠴᠠ ᠰᠤᠷᠭᠠᠮᠵᠢ ᠠᠪᠴᠤ᠂ ︽ᠴᠠᠭ ᠢᠮᠠᠭᠲᠠ ᠰᠠᠨᠠᠭ᠎ᠠ ᠠᠯᠭᠠᠰᠠᠯ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠢ︔ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠡᠴᠦᠰ ᠲᠤ ᠨᠢ ᠲᠤᠯᠲᠠᠯ᠎ᠠ ᠠᠩᠬᠠᠷᠴᠤ᠂ ᠡᠴᠦᠰ ᠲᠤ ᠨᠢ ᠲᠤᠯᠲᠠᠯ᠎ᠠ ᠥᠭᠡᠷᠡᠴᠢᠯᠡᠵᠦ᠂ ᠡᠯ᠎ᠡ ᠲᠦᠷᠦᠯ ᠤᠨ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ  ᠳᠤ ᠨᠢ ᠦᠨᠡᠨ ᠬᠦ ᠠᠷᠢᠯᠭᠠᠬᠤ ᠬᠡᠷᠡᠭᠲᠡᠢ︔ ᠠᠶᠤᠯ ᠦᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠢ ᠥᠨᠳᠥᠷ ᠪᠦᠲᠦᠮᠵᠢᠲᠡᠢ ᠥᠷᠨᠢᠭᠦᠯᠬᠦ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠪᠠ ᠲᠦᠭᠵᠢᠮᠡᠯ ᠠᠰᠠᠭᠤᠳᠠᠯ ᠳᠤ ᠴᠢᠭᠯᠡᠭᠦᠯᠦᠨ᠂ ᠲᠣᠭᠲᠠᠴᠠ ᠠᠴᠠ ᠭᠠᠷᠳᠠᠨ ᠬᠠᠨᠳᠤᠯᠭᠠᠲᠤ ᠴᠢᠨᠠᠷᠲᠠᠢ ᠵᠠᠯᠠᠷᠠᠭᠤᠯᠤᠨ ᠵᠠᠰᠠᠵᠤ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠴᠢᠩᠭ᠎ᠠ ᠠᠳᠬᠤᠵᠤ᠂ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠤᠰᠬᠠᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠰᠠᠯᠠᠩ ᠵᠠᠳᠠᠭᠠᠢ ᠬᠤᠶᠢᠷᠭᠤ᠂ ᠠᠵᠢᠯ  ᠳᠤ ᠪᠠᠨ ᠰᠤᠯᠠ ᠲᠤᠷᠤᠢ ᠪᠠᠶᠢᠬᠤ ᠶᠢ ᠨᠢ ᠴᠢᠩᠭ᠎ᠠ ᠰᠢᠢᠳᠭᠡᠬᠦ ᠬᠡᠷᠡᠭᠲᠡᠢ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯ ᠢ ᠠᠬᠢᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ︔ ᠠᠵᠢᠯ ᠬᠢᠵᠦ ᠦᠢᠯᠡᠰ ᠪᠣᠰᠬᠠᠬᠤ᠂ ᠡᠭᠦᠷᠭᠡ ᠪᠠᠨ ᠡᠭᠦᠷᠭᠡᠯᠡᠵᠦ ᠠᠵᠢᠯ ᠬᠢᠬᠦ ᠬᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠤᠯᠠᠨ ᠲᠦᠮᠡᠨ ᠤ ᠠᠵᠢᠯ ᠢ ᠬᠢᠬᠦ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯᠳᠠᠯᠭ᠎ᠠ ᠲᠠᠢ ᠠᠵᠢᠯ ᠢ ᠲᠦᠷᠭᠡᠨ ᠬᠢᠬᠦ ᠶᠢ ᠴᠢᠩᠭ᠎ᠠ ᠠᠳᠬᠤᠵᠤ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号