ᠣᠷᠳᠣᠰ ᠬᠤᠲᠠ ᠶᠢᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠪᠥᠬᠦ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2023/9/11
   ᠵᠢᠯ ᠡᠬᠢᠯᠡᠭᠰᠡᠨ ᠠᠴᠠ ᠨᠠᠭᠠᠰᠢ᠂ ᠣᠷᠳᠣᠰ ᠬᠤᠳᠠ ᠶᠢᠨ ᠬᠢᠨ ᠨᠥᠭᠡᠴᠡ ᠶᠢᠨ ᠬᠡᠮᠵᠢᠶ᠎ᠡ ᠶᠢ ᠲᠣᠭᠲᠠᠪᠤᠷᠢᠵᠢᠭᠤᠯᠬᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠬᠤᠳᠠ ᠶᠢᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢ ᠶᠡᠭᠡ ᠪᠠᠷ ᠳᠡᠭᠡᠭᠰᠢᠯᠡᠭᠦᠯᠪᠡ᠃ ᠡᠨᠡ ᠵᠢᠯ ᠤᠨ 1 ᠠᠴᠠ 7 ᠳ᠋ᠤᠭᠠᠷ ᠰᠠᠷ᠎ᠠ ᠳᠤ᠂ ᠣᠷᠳᠣᠰ ᠬᠤᠲᠠ ᠶᠢᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 18.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 412.5 ᠳᠠᠬᠢᠨ ᠨᠡᠮᠡᠭᠳᠡᠨ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠲᠡᠷᠢᠭᠦᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠲᠤᠰᠢᠶᠠᠭᠰᠠᠨ 7 ᠳ᠋ᠦᠩᠰᠢᠭᠤᠷ ᠲᠥᠭᠦᠷᠢᠭ ᠤᠨ ᠬᠠᠷᠠᠯᠲᠠ ᠶᠢᠨ ᠡᠭᠦᠷᠭᠡ ᠶᠢ 5 ᠰᠠᠷ᠎ᠠ ᠤᠷᠢᠳᠴᠢᠯᠠᠨ ᠳᠠᠪᠠᠭᠤᠯᠤᠨ ᠪᠡᠶᠡᠯᠡᠭᠦᠯᠵᠦ᠂ ᠣᠶᠢᠷ᠎ᠠ ᠶᠢᠨ ᠭᠤᠷᠪᠠᠨ ᠵᠢᠯ ᠤᠨ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠪᠡᠯᠡ ᠣᠷᠣᠭᠤᠯᠤᠯᠲᠠ ᠶᠢᠨ ᠵᠥᠪᠳᠡᠯᠴᠡᠭᠡᠨ ᠤ ᠴᠤᠭᠯᠠᠭᠠᠨ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠰᠢᠶᠠᠩᠭᠠᠩ ᠣᠣᠮᠧᠨ ᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠦᠵᠡᠰᠬᠦᠯᠡᠩ ᠪᠠ ᠵᠥᠪᠳᠡᠯᠴᠡᠭᠡᠨ ᠤ ᠲᠠᠪᠴᠠᠩ ᠳᠤ ᠲᠦᠰᠢᠭᠯᠡᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠭᠠᠳᠠᠭᠠᠳᠤ ᠪᠡᠯᠡ ᠶᠢ ᠲᠠᠲᠠᠬᠤ ᠠᠵᠢᠯ ᠢ ᠶᠡᠭᠡ ᠪᠠᠷ ᠥᠷᠨᠢᠭᠦᠯᠵᠦ᠂ ᠭᠠᠳᠠᠭᠠᠳᠤ ᠬᠦᠷᠦᠩᠭᠡ ᠣᠷᠤᠭᠤᠯᠤᠯᠲᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠳᠤ ᠠᠰᠢᠭ ᠬᠦᠷᠲᠡᠭᠡᠵᠦ ᠰᠡᠳᠬᠢᠯ ᠢ ᠨᠢ ᠳᠤᠯᠠᠭᠠᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠠᠷᠭ᠎ᠠ ᠪᠣᠳᠣᠯᠭ᠎ᠠ ᠬᠦᠷᠭᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠳᠤ ᠪᠦᠬᠦ ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠭᠠᠳᠠᠭᠠᠳᠤ ᠬᠦᠷᠦᠩᠭᠡ ᠣᠷᠤᠭᠤᠯᠤᠯᠲᠠ ᠲᠠᠢ ᠠᠵᠤ ᠠᠬᠤᠶᠢᠯᠠᠯ ᠢ ︽ᠲᠠᠳᠠᠨ ᠣᠷᠣᠭᠤᠯᠵᠤ᠂ ᠦᠯᠡᠳᠡᠭᠡᠨ ᠠᠪᠴᠤ᠂ ᠰᠠᠶᠢᠲᠤᠷ ᠬᠥᠭᠵᠢᠭᠦᠯᠬᠦ︾ ᠶᠢ ᠦᠨᠡᠨ ᠬᠦ ᠪᠠᠲᠤᠯᠠᠵᠤ᠂ ᠪᠦᠬᠦ ᠬᠤᠳᠠ ᠶᠢᠨ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠶᠢᠨ ᠲᠣᠭᠲᠠᠭᠤᠨ ᠢᠶᠠᠷ ᠨᠡᠮᠡᠭᠳᠡᠬᠦ ᠰᠠᠭᠤᠷᠢ ᠶᠢ ᠪᠠᠲᠤᠳᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号