2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ — ᠬᠢᠩᠭᠠᠨ ᠲᠠᠪᠠᠭ᠎ᠠ  ᠳᠤ ᠪᠤᠯᠵᠤᠨ  ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2023/9/13
     ᠨᠠᠮᠤᠷ ᠤᠨ ᠡᠬᠢ ᠪᠠᠷ᠂ ᠬᠢᠩᠭᠠᠨ ᠳᠠᠪᠠᠭ᠎ᠠ ᠶᠢᠨ ᠥᠩᠭᠡ ᠦᠵᠡᠮᠵᠢ ᠭᠤᠶᠢᠲᠠ ᠰᠠᠶᠢᠬᠠᠨ ᠪᠠᠶᠢᠵᠤ᠂ ᠥᠪᠥᠷ ᠮᠣᠩᠭᠤᠯ ᠤᠨ ᠬᠢᠩᠭᠠᠨ ᠠᠶᠢᠮᠠᠭ ᠨᠢ ᠦᠩᠭᠡ ᠦᠵᠡᠮᠵᠢ ᠬᠠᠮᠤᠭ ᠤᠨ ᠰᠠᠶᠢᠬᠠᠨ ᠴᠠᠭ ᠢᠶᠠᠨ ᠤᠭᠲᠤᠨ ᠠᠪᠴᠢᠷᠠᠪᠠ᠃ ᠰᠢ ᠶᠢᠨ ᠫᠢᠩ ᠶᠡᠷᠦᠩᠬᠡᠢ ᠱᠦᠵᠢ ᠳᠤ ᠴᠢᠩ ᠰᠡᠳᠬᠢᠯ ᠢᠶᠠᠷ ᠮᠠᠭᠲᠠᠭᠳᠠᠨ ᠰᠠᠶᠢᠰᠢᠶᠠᠭᠳᠠᠭᠰᠠᠨ ᠷᠠᠰᠢᠶᠠᠨ ᠤ ᠥᠩᠭᠡ ᠦᠵᠡᠮᠵᠢ ᠨᠡᠩ ᠴᠤ ᠰᠢᠯᠦᠭ ᠵᠢᠷᠤᠭ ᠮᠡᠲᠦ ᠭᠤᠶᠤ ᠰᠠᠶᠢᠬᠠᠨ ᠪᠠᠶᠢᠵᠤ᠂ ᠮᠠᠰᠢ ᠤᠯᠠᠨ ᠬᠥᠮᠥᠰ ᠤᠨ ᠬᠦᠰᠡᠨ ᠮᠥᠷᠥᠭᠡᠳᠬᠦ ᠭᠠᠵᠠᠷ ᠪᠣᠯᠤᠭᠰᠠᠨ ᠪᠠᠶᠢᠨ᠎ᠠ᠃      ᠨᠠᠶᠢᠵᠠ ᠨᠥᠬᠦᠳ ᠬᠤᠯᠠ ᠠᠴᠠ ᠢᠷᠡᠬᠦ ᠢᠨᠦ᠂  ᠪᠠᠶᠠᠷ ᠪᠤᠰᠤ ᠤᠤ ᠭᠡᠭᠴᠢ ᠪᠠᠷ᠂ ᠣᠳᠣᠬᠠᠨ ᠳᠤ ᠬᠢᠩᠭᠠᠨ ᠠᠶᠢᠮᠠᠭ ᠤᠨ ᠷᠠᠰᠢᠶᠠᠨ ᠬᠤᠲᠠ ᠶᠠᠭ ᠬᠠᠯᠠᠭᠤᠨ ᠰᠡᠳᠬᠢᠯᠭᠡ ᠪᠠᠷ ᠲᠦᠷᠪᠡᠨ ᠵᠦᠭ ᠨᠠᠢᠮᠠᠨ ᠵᠤᠪᠬᠢᠰ ᠤᠨ ᠵᠣᠴᠢᠳ ᠨᠠᠶᠢᠵᠠ ᠨᠠᠷ ᠲᠠᠢ ︽ᠬᠤᠣᠰ ᠴᠢᠭᠯᠡᠯ ᠠᠴᠠ ᠬᠤᠯᠪᠤᠯᠴᠠᠬᠤ︾ ᠶᠢ ᠬᠦᠰᠡᠨ ᠬᠦᠯᠢᠶᠡᠵᠦ ᠪᠠᠶᠢᠨ᠎ᠠ᠃ 9 ᠳ᠋ᠦ᠋ᠭᠡᠷ ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ 2023 ᠣᠨ ᠤ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠠᠳᠡ ᠶᠠᠪᠤᠭᠳᠠᠵᠤ᠂ ᠷᠤᠮᠠᠨᠲ᠋ᠢᠭ ᠦᠩᠭᠡ ᠪᠤᠲᠤᠭ ᠲᠠᠢ ᠰᠣᠶᠣᠯ ᠵᠢᠭᠤᠯᠴᠢᠯᠠᠯ ᠤᠨ ᠦᠪᠡᠳᠡᠭᠰᠢ ᠳᠠᠶᠢᠯᠠᠯᠭ᠎ᠠ ᠶᠢ ᠶᠠᠭ ᠠᠳᠡ ᠪᠡᠯᠡᠳᠬᠡᠵᠦ ᠪᠠᠶᠢᠨ᠎ᠠ᠃      ᠪᠦᠬᠦ ᠤᠯᠤᠰ ᠤᠨ ᠬᠠᠷᠠᠭ᠎ᠠ ᠷᠠᠰᠢᠶᠠᠨ ᠳᠤ ᠳᠠᠬᠢᠨᠲᠠ ᠲᠥᠪᠯᠡᠷᠡᠵᠦ᠂ ᠡᠨᠡ ᠬᠦ ᠬᠤᠲᠠ ᠤᠯᠠᠨ ᠤ ᠠᠩᠬᠠᠷᠤᠯ  ᠢ ᠲᠠᠲᠠᠭᠰᠠᠨ ᠦᠶ᠎ᠡ ᠶᠢᠨ ᠳᠦᠷᠢ ᠲᠥᠷᠬᠦ ᠪᠠᠷ ᠪᠡᠷᠭᠡ ᠪᠠᠷᠲᠠᠭ᠎ᠠ ᠶᠢ ᠲᠤᠭᠤᠯᠠᠨ᠂ ᠭᠡᠷᠡᠯ ᠭᠢᠯᠪᠠᠭ᠎ᠠ ᠪᠠᠨ ᠰᠠᠴᠤᠷᠠᠭᠤᠯᠵᠤ  ᠂ ᠬᠢᠩᠭᠠᠨ ᠠᠶᠢᠮᠠᠭ᠂ ᠲᠡᠷᠡᠴᠢᠯᠡᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠦᠢᠯᠡᠰ ᠤᠨ ᠨᠡᠩ ᠥᠷᠭᠡᠨ ᠠᠭᠤᠳᠠᠮ ᠣᠷᠣᠨ ᠵᠠᠢ ᠶᠢ ᠨᠡᠭᠡᠭᠡᠵᠦ᠂ ᠨᠡᠩ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠬᠤ ᠶᠢ ᠤᠷᠢᠳᠴᠢᠯᠠᠨ ᠮᠡᠳᠡᠵᠦ ᠪᠣᠯᠣᠨ᠎ᠠ᠃      ᠡᠨᠡ ᠪᠣᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠶᠡᠭᠡ ᠬᠤᠷᠠᠯ
     ᠡᠨᠡ ᠪᠣᠯ ᠳᠦᠷᠪᠡᠨ ᠤᠯᠠᠷᠢᠯ ᠴᠦᠮ   ᠢᠶᠠᠷ ᠭᠤᠶᠤᠬᠠᠨ᠂ ᠵᠢᠭᠤᠯᠴᠢᠯᠠᠯ ᠬᠥᠭᠵᠢᠶᠡᠨᠲᠡᠢ ᠭᠠᠵᠠᠷ
     ᠡᠨᠡ ᠪᠣᠯ ᠰᠤᠶᠤᠯ ᠵᠢᠭᠤᠯᠴᠢᠯᠠᠯ ᠠᠩᠬᠠᠷᠤᠯ ᠢ ᠲᠠᠲᠠᠮ᠎ᠠ  ᠂ ᠤᠷᠤᠭᠰᠢᠯᠠᠨ ᠬᠦᠭᠵᠢᠭᠦ ᠵᠠᠪᠰᠢᠶᠠᠨ
     ᠠᠭᠤᠯᠠ ᠤᠰᠤᠨ ᠤ ᠪᠠᠷᠢᠯᠳᠤᠯᠭ᠎ᠠ  ᠂ ᠬᠢᠩᠭᠠᠨ ᠠᠶᠢᠮᠠᠭ ᠤᠨ ᠪᠤᠯᠵᠤᠭ᠎ᠠ᠃ ᠡᠳᠦᠭᠡ ᠶᠢᠨ ᠬᠢᠩᠭᠠᠨ ᠠᠶᠢᠮᠠᠭ ᠤᠨ ᠡᠬᠡ ᠭᠠᠵᠠᠷ ᠲᠤ᠂  ᠬᠢᠩᠭᠠᠨ ᠳᠠᠪᠠᠭᠠᠨ ᠤ ᠥᠩᠭᠡ ᠦᠵᠡᠮᠵᠢ ᠲᠦᠷᠪᠡᠨ ᠤᠯᠠᠷᠢᠯ ᠳᠤ ᠪᠠᠨ ᠰᠢᠨᠡᠬᠡᠨ᠂ ᠴᠤᠴᠠᠯᠲᠠ ᠦᠭᠡᠢ ᠤᠷᠤᠭᠰᠢᠯᠠᠭᠰᠠᠨ ᠬᠢᠩᠭᠠᠨ ᠠᠶᠢᠮᠠᠭ ᠤᠨ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ ᠤᠷᠤᠭᠰᠢᠯᠠᠵᠤ᠂ ᠲᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠭᠴᠢᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ᠂ ᠬᠦᠷ ᠬᠥᠭᠵᠢᠶᠡᠨ ᠲᠠᠢ ᠠᠮᠢᠳᠤᠯᠢᠭ ᠦᠢᠯᠡᠳᠦᠯᠭᠡ ᠶᠢ ᠭᠠᠶᠢᠬᠠᠨ ᠰᠣᠨᠢᠷᠬᠠᠵᠤ᠂ ᠰᠣᠶᠣᠯ ᠵᠢᠭᠤᠯᠴᠢᠯᠠᠯ ᠤᠨ ᠦᠪᠡᠳᠡᠭᠰᠢ ᠳᠠᠶᠢᠯᠠᠯᠭ᠎ᠠ ᠡᠬᠢᠯᠡᠵᠦ᠂ ᠬᠢᠩᠭᠠᠨ ᠠᠶᠢᠮᠠᠭ ᠵᠢᠭᠤᠯᠴᠢᠯᠠᠭᠴᠢᠳ ᠤᠨ ᠨᠢᠳᠦᠨ ᠳᠤ ︽ᠰᠢᠯᠦᠭ ᠪᠠ ᠠᠯᠤᠰ ᠤᠨ ᠠᠶᠠᠯᠠᠯ︾ ᠪᠤᠯᠤᠨ ᠤᠯᠤᠰ ᠤᠨ ᠳᠣᠲᠣᠭᠠᠳᠤ ᠶᠢᠨ ᠴᠢᠬᠤᠯᠠ ᠵᠢᠭᠤᠯᠴᠢᠯᠠᠯ ᠤᠨ ᠬᠠᠷᠠᠯᠲᠠᠲᠤ ᠭᠠᠵᠠᠷ ᠪᠣᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号