︽ᠰᠢᠵᠢᠷ ᠠᠯᠲᠠᠨ ᠭᠠᠷᠠᠭ︾  ᠠᠴᠠ ︽ᠰᠢᠵᠢᠷ ᠠᠯᠲᠠᠨ ᠤᠯᠠᠷᠢᠯ︾ ᠬᠦᠷᠲᠡᠯ᠎ᠡ᠂ ᠳᠠᠬᠢᠭᠠᠳ ︽ᠰᠢᠵᠢᠷ ᠠᠯᠲᠠᠨ ᠵᠢᠯ︾  ᠬᠦᠷᠲᠡᠯᠡᠬᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠥᠨᠢᠳᠡ ᠶᠢᠨ ᠬᠥᠭᠵᠢᠯ︾
ᠨᠡᠶᠢᠲᠡᠯᠡᠭᠰᠡᠨ ᠴᠠᠭ᠄
2023/9/13
     9  ᠳ᠋ᠦ᠋ᠭᠡᠷ ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠵᠦ᠂ ᠡᠨᠡ ᠵᠢᠯ ᠤᠨ ᠬᠥᠷ ᠬᠥᠭᠵᠢᠶᠡᠨ ᠲᠠᠢ ᠥᠪᠥᠷ ᠮᠣᠩᠭᠤᠯ ᠤᠨ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠪᠠᠰᠠ ᠨᠢᠭᠡ ︽ᠭᠠᠯ︾ ᠨᠡᠮᠡᠪᠡ᠃ ᠰᠣᠶᠣᠯ ᠢ ᠬᠥᠭᠵᠢᠭᠡᠵᠦ᠂  ᠵᠢᠭᠤᠯᠴᠢᠯᠠᠯ  ᠢ ᠬᠦᠭᠵᠢᠭᠡᠨ᠂ ᠬᠥᠮᠥᠰ ᠤᠨ ᠬᠦᠷᠢᠶᠡᠯᠡᠯ ᠢ ᠣᠯᠵᠤ᠂ ᠠᠵᠢᠯᠯᠠᠭ᠎ᠠ ᠶᠢᠨ ᠬᠤᠭᠤᠴᠠᠭᠠᠨ ᠳᠤ ᠨᠡᠶᠢᠳᠡ 5.22 ᠲᠦᠮᠡᠨ ᠬᠥᠮᠥᠨ ᠤᠳᠠᠭ᠎ᠠ ᠶᠢ ᠲᠠᠲᠠᠵᠤ᠂ ᠵᠢᠭᠤᠯᠴᠢᠯᠠᠯ ᠤᠨ ᠣᠷᠣᠯᠭ᠎ᠠ ᠶᠢ 0.76 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠳᠡᠯᠡᠬᠡᠢ ᠳᠤ 25 ᠳ᠋ᠦᠩᠰᠢᠭᠤᠷ ᠬᠥᠮᠥᠨ ᠤᠳᠠᠭ᠎ᠠ ᠳᠤ ᠬᠦᠷᠭᠡᠪᠡ᠃      ᠡᠨᠡ ᠵᠢᠯ ᠤᠨ ᠴᠠᠭᠠᠨ ᠰᠠᠷ᠎ᠠ ᠶᠢᠨ︽ᠰᠢᠵᠢᠷ ᠠᠯᠳᠠᠨ ᠭᠠᠷᠠᠭ︾ ᠨᠢ ᠥᠪᠥᠷ ᠮᠣᠩᠭᠤᠯ ᠤᠨ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠶᠡᠨᠲᠡᠢ ᠪᠣᠯᠭᠠᠪᠠ᠃ᠴᠠᠭᠠᠨ ᠰᠠᠷ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ  ᠰᠢᠰᠲ᠋ᠧᠮ ᠤᠨ ᠡᠯ᠎ᠡ ᠲᠦᠷᠦᠯ ᠤᠨ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ 1000 ᠭᠠᠷᠤᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ  ᠤᠨ ᠰᠠᠶᠢᠵᠢᠷᠠᠯᠲᠠ ᠶᠢ ᠲᠦᠷᠭᠡᠳᠬᠡᠪᠡ᠃ ᠪᠦᠷᠢᠳᠬᠡᠯ ᠢ ᠦᠨᠳᠦᠰᠦᠯᠡᠪᠡᠯ᠂ 2023 ᠣᠨ ᠤ ᠴᠠᠭᠠᠨ ᠰᠠᠷ᠎ᠠ ᠵᠢᠨ‌ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ  ᠵᠢᠭᠤᠯᠴᠢᠯᠠᠭᠴᠢᠳ  ᠢ 477.24 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 25.37 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠡᠯ᠎ᠡ ᠵᠦᠢᠯ ᠤᠨ ᠲᠤᠭ᠎ᠠ ᠪᠠᠷᠢᠮᠲᠠ ᠨᠢ ᠴᠥᠮ 2019 ᠣᠨ ᠤ ᠠᠳᠠᠯᠢ ᠬᠤᠭᠤᠴᠠᠭᠠᠨ ᠤ ᠬᠢ ᠠᠴᠠ ᠳᠠᠪᠠᠭᠰᠠᠨ ᠪᠠᠶᠢᠨ᠎ᠠ᠃      ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠭ᠎ᠠ ᠪᠠᠷᠢᠮᠲᠠ ᠮᠠᠰᠢ ᠢᠯᠡ ᠲᠣᠳᠣ ᠪᠠᠶᠢᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ‌ᠢ 9185.41 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2022 ᠣᠨ ᠤ 2.55 ᠳᠠᠬᠢᠨ ᠪᠣᠯᠵᠤ᠂ 2019 ᠣᠨ ᠤ 1.39 ᠳᠠᠬᠢᠨ ᠪᠤᠯᠪᠠ᠃ ᠪᠥᠬᠦ ᠣᠷᠣᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ  1185.06 ᠳ᠋ᠦᠩᠰᠢᠭᠤᠷ ᠲᠥᠭᠦᠷᠢᠭ ᠬᠦᠷᠴᠤ᠂ 2022 ᠣᠨ ᠤ  3 ᠳᠠᠬᠢᠨ᠂ 2019 ᠣᠨ ᠤ 1.33 ᠳᠠᠬᠢᠨ ᠪᠠᠶᠢᠵᠤ᠂ ᠵᠢᠭᠤᠯᠴᠢᠯᠠᠯ ᠤᠨ ᠬᠥᠮᠥᠨ ᠤ ᠲᠤᠭ᠎ᠠ ᠪᠠ ᠣᠷᠣᠯᠭ᠎ᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃      2023 ᠣᠨ ᠳᠤ᠂ ᠥᠪᠥᠷ ᠮᠣᠩᠭᠤᠯ ᠤᠨ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ᠂ ᠲᠣᠭᠯᠠᠯᠲᠠ ᠶᠢᠨ ᠠᠵᠢᠯᠯᠠᠭ᠎ᠠ᠂ ᠰᠣᠶᠣᠯ ᠲᠠᠮᠢᠷ ᠤᠨ ᠤᠷᠤᠯᠳᠤᠭᠠᠨ᠂ ᠦᠵᠡᠭᠦᠯᠭᠡ ᠦᠵᠡᠰᠭᠦᠯᠡᠩ ᠤᠨ ᠠᠵᠢᠯᠯᠠᠭ᠎ᠠ᠂ ᠰᠥᠨᠢ ᠶᠢᠨ ᠵᠠᠬ᠎ᠠ ᠲᠡᠯᠭᠡᠭᠦᠷ ᠤᠨ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ  ᠲᠠᠰᠤᠷᠠᠯᠲᠠ ᠦᠭᠡᠢ ᠦᠷᠨᠢᠭᠦᠯᠦᠨ᠂  ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠭᠦᠢᠴᠡᠳ ᠬᠠᠩᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ ᠤᠨ ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠤᠨ ᠮᠠᠰᠢ ᠤᠯᠠᠨ ᠰᠣᠶᠣᠯ  ᠵᠢᠭᠤᠯᠴᠢᠯᠠᠯ ᠤᠨ ᠨᠢᠭᠡᠴᠢ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠰᠢᠨ᠎ᠡ ᠵᠠᠬ᠎ᠠ ᠳᠡᠯᠭᠡᠭᠦᠷ ᠰᠢᠨ᠎ᠡ ᠬᠡᠷᠡᠭᠴᠡᠭᠡ‌‍ᠰᠢᠨ᠎ᠡ ᠥᠷᠢᠰᠦᠯᠳᠦᠭᠡᠨ ᠳᠤ ᠬᠠᠨᠳᠤᠵᠤ᠂ ᠰᠢᠨ᠎ᠡ ᠮᠡᠷᠭᠡᠵᠢᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠰᠢᠭᠯᠠᠨ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠰᠥᠨᠢ ᠶᠢᠨ ᠠᠵᠤ ᠠᠬᠤᠢ᠂ ᠲᠤᠮᠲᠠᠲᠤ ᠶᠢᠨ ᠬᠡᠪ ᠨᠠᠮᠪᠠ ᠶᠢᠨ ᠤᠷᠤᠰᠬᠠᠯ ᠤᠨ ᠰᠣᠶᠣᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠦᠢᠯᠡᠳᠬᠦᠨ ᠰᠢᠨ᠎ᠡ ᠦᠵᠡᠭᠳᠡᠯ ᠲᠠᠰᠤᠷᠠᠯᠳᠡ ᠦᠭᠡᠢ ᠢᠯᠡᠷᠡᠵᠦ᠂ ᠵᠠᠬ᠎ᠠ ᠳᠡᠯᠭᠡᠭᠦᠷ ᠤᠨ ᠰᠡᠷᠭᠦᠯᠲᠡ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠷᠳᠤ ᠬᠤᠭᠤᠴᠠᠭᠠᠨ ᠤ ᠠᠮᠢᠵᠢᠷᠠᠯ ᠤᠨ ᠬᠦᠴᠦᠨ ᠢ ᠨᠡᠮᠡᠷᠢᠯᠡᠵᠡᠢ᠃︽ᠰᠢᠵᠢᠷ ᠠᠯᠳᠠᠨ ᠭᠠᠷᠠᠭ︾ ᠠᠴᠠ︽ᠰᠢᠵᠢᠷ ᠠᠯᠳᠠᠨ ᠤᠯᠠᠷᠢᠯ︾ᠬᠦᠷᠲᠡᠯ᠎ᠡ᠂ ᠲᠠᠬᠢᠭᠠᠳ︽ᠰᠢᠵᠢᠷ ᠠᠯᠳᠠᠨ ᠵᠢᠯ︾ᠬᠦᠷᠲᠡᠯ᠎ᠡ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ︽ᠰᠢᠨ᠎ᠡ ᠬᠥᠭᠵᠢᠯᠲᠡ︾ ᠶᠢ ᠤᠭᠲᠤᠨ ᠠᠪᠴᠢᠷᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号