ᠪᠦᠷᠢᠳᠬᠡᠯ ᠢ ᠦᠨᠳᠦᠰᠦᠯᠡᠪᠡᠯ᠂ 2023 ᠣᠨ ᠤ 7 ᠳ᠋ᠤᠭᠠᠷ ᠰᠠᠷ᠎ᠠ ᠶᠢᠨ 6 ᠤ ᠡᠳᠦᠷ ᠠᠴᠠ 8 ᠳ᠋ᠤᠭᠠᠷ | ᠰᠠᠷ᠎ᠠ ᠶᠢᠨ 27 ᠤ ᠡᠳᠦᠷ ᠤᠨ ᠵᠣᠨ ᠤ ᠠᠮᠠᠷᠠᠯᠲᠠ ᠶᠢᠨ ᠬᠤᠭᠤᠴᠠᠭᠠᠨ ᠳᠤ᠂ ᠣᠷᠳᠣᠰ ᠬᠤᠲᠠ ᠶᠢᠨ ᠨᠣᠮ ᠤᠨ | ᠰᠠᠩ ᠳᠤ ᠬᠦᠷᠦᠭᠰᠡᠨ ᠬᠥᠮᠥᠨ ᠤ ᠲᠤᠭ᠎ᠠ 32.54 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 68.6% ᠪᠠᠷ ᠨᠡᠮᠡᠭᠳᠡᠪᠡ︔ ᠰᠤᠷᠪᠤᠯᠵᠢ ᠪᠢᠴᠢᠭ ᠤᠨ ᠵᠢᠭᠡᠯᠡᠵᠦ ᠪᠤᠴᠠᠭᠠᠭᠰᠠᠨ ᠲᠤᠭ᠎ᠠ | 105931 ᠳᠡᠪᠲᠡᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.9% ᠨᠡᠮᠡᠭᠳᠡᠵᠡᠢ᠃ ᠢᠷᠠᠭᠤ | ᠰᠠᠶᠢᠬᠠᠨ ᠤᠩᠰᠢᠯᠭ᠎ᠠ ᠶᠢᠨ ᠣᠷᠴᠢᠨ ᠲᠣᠭᠤᠷᠢᠨ᠂ ᠨᠣᠮ ᠤᠨ ᠦᠨᠦᠷ ᠬᠠᠩᠬᠤᠯᠤᠭᠰᠠᠨ ᠠᠭᠤᠷ ᠠᠮᠢᠰᠬᠤᠯ ᠨᠢ | ᠰᠤᠷᠤᠭᠴᠢᠳ ᠤᠨ ᠮᠡᠳᠡᠯᠭᠡ ᠬᠤᠷᠠᠮᠳᠤᠭᠤᠯᠵᠤ ︽ᠵᠤᠭᠠᠴᠠᠬᠤ︾ ᠶᠢᠨ ᠲᠡᠷᠢᠭᠦᠨ ᠰᠣᠩᠭᠤᠯᠲᠠ ᠪᠣᠯᠤᠭᠰᠠᠨ ᠪᠠᠶᠢᠨ᠎ᠠ᠃ | 22 ᠵᠦᠢᠯ ᠤᠨ ᠤᠩᠰᠢᠯᠭ᠎ᠠ ᠶᠢᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ︽ᠨᠤᠮ ᠤᠨ ᠦᠨᠦᠷ | ᠬᠠᠩᠬᠤᠯᠤᠭᠰᠠᠨ ᠦᠪᠡᠳᠡᠭᠰᠢ ᠳᠠᠶᠢᠯᠠᠯᠭ᠎ᠠ︾ ᠨᠢ ᠥᠷᠭᠡᠨ ᠤᠯᠠᠨ ᠤᠩᠰᠢᠭᠴᠢᠳ ᠢ ᠳᠠᠭᠠᠭᠤᠯᠤᠨ ᠨᠣᠮ ᠤᠨ | ᠰᠠᠩ ᠳᠤ ᠣᠷᠣᠭᠤᠯᠵᠤ᠂ ᠨᠣᠮ ᠤᠨ ᠰᠠᠩ ᠤᠨ ᠰᠠᠶᠢᠬᠠᠨ ᠠᠭᠤᠷ ᠠᠮᠢᠰᠬᠤᠯ ᠢ ᠡᠳ᠋ᠯᠡᠭᠦᠯᠵᠦ᠂ ᠵᠤᠨ ᠤ | ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠪᠠ᠃ | ᠵᠤᠨ ᠤ ᠠᠮᠠᠷᠠᠯᠲᠠ ᠪᠣᠯ ᠤᠩᠰᠢᠯᠭ᠎ᠠ ᠶᠢᠨ ᠣᠷᠭᠢᠯ ᠴᠠᠭ ᠦᠶ᠎ᠡ ᠪᠣᠯᠣᠨ᠎ᠠ᠂ ᠬᠤᠲᠠ ᠶᠢᠨ ᠨᠣᠮ ᠤᠨ ᠰᠠᠩ | ᠥᠷᠭᠡᠨ ᠣᠯᠠᠨ ᠵᠠᠯᠠᠭᠤᠴᠤᠳ ᠪᠠᠭᠠᠴᠤᠳ ᠲᠤ ᠨᠡᠶᠢᠭᠡᠮ ᠤᠨ ᠦᠢᠯᠡᠳᠦᠯᠭᠡ ᠶᠢᠨ ᠲᠠᠪᠴᠠᠩ ᠪᠠᠶᠢᠭᠤᠯᠵᠤ᠂ | ᠠᠷᠪᠠᠳᠤᠭᠠᠷ ᠬᠤᠭᠤᠴᠠᠭᠠᠨ ᠤ ︽ᠪᠢ ᠪᠣᠯ ᠪᠢᠴᠢᠬᠠᠨ ᠨᠣᠮ ᠤᠨ ᠰᠠᠩ ᠤᠨ ᠬᠠᠮᠢᠶᠠᠷᠤᠭᠴᠢ︾ ᠰᠠᠶᠢᠨ ᠳᠤᠷ᠎ᠠ ᠶᠢᠨ | ᠠᠵᠢᠯᠯᠠᠭᠴᠢ ᠡᠮᠦᠨᠡᠬᠢ ᠬᠤᠭᠤᠴᠠᠭᠠᠨ ᠤ ᠤᠬᠠᠭᠤᠯᠭ᠎ᠠ᠂ ᠡᠯᠰᠡᠯ᠂ ᠰᠢᠯᠭᠠᠷᠠᠭᠤᠯᠤᠯᠲᠠ ᠪᠠ ᠪᠣᠯᠪᠠᠰᠤᠷᠠᠭᠤᠯᠤᠯ ᠢ | ᠥᠩᠭᠡᠷᠡᠭᠡᠭᠰᠡᠨ ᠤ ᠲᠠᠷᠠᠭ᠎ᠠ᠂ 19 ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ ᠵᠢᠭᠡᠯᠡᠨ ᠤᠩᠰᠢᠬᠤ | ᠦᠢᠯᠡᠴᠢᠯᠡᠭᠡ ᠳᠤ ᠣᠷᠣᠯᠴᠠᠵᠤ᠂ ᠨᠣᠮ ᠪᠢᠴᠢᠭ ᠢ ᠡᠮᠬᠢᠳᠬᠡᠨ ᠲᠠᠯᠪᠢᠬᠤ᠂ ᠤᠩᠰᠢᠭᠴᠢᠳ ᠤᠨ ᠯᠠᠪᠯᠠᠯᠲᠠ ᠳᠤ | ᠬᠠᠷᠢᠭᠤᠯᠲᠠ ᠥᠭᠬᠦ᠂ ᠥᠪᠡᠰᠦᠪᠡᠨ ᠦᠢᠯᠡᠴᠢᠯᠡᠬᠦ ᠮᠠᠰᠢᠨ ᠤ ᠬᠡᠷᠡᠭᠯᠡᠯᠲᠡ ᠶᠢ ᠵᠢᠯᠤᠭᠤᠳᠬᠤ᠂ ᠨᠣᠮ ᠤᠨ ᠰᠠᠩ ᠤᠨ | ᠡᠮᠬᠢ ᠵᠢᠷᠤᠮ ᠢ ᠬᠠᠮᠠᠭᠠᠯᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ᠂ ᠨᠣᠮ ᠤᠨ ᠠᠮᠲᠠ ᠶᠢ | ᠠᠮᠲᠠᠯᠠᠬᠤ ᠶᠢᠨ ᠬᠠᠮᠲᠤ ᠠᠮᠠᠷᠠᠯᠲᠠ ᠶᠢᠨ ᠬᠤᠭᠤᠴᠠᠭᠠᠨ ᠤ ᠦᠢᠯᠡᠳᠦᠯᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠵᠢᠷᠤᠭᠲᠤ ᠳᠡᠪᠲᠡᠷ ᠤᠨ ᠣᠷᠳᠣᠨ ᠤ ᠭᠤᠷᠪᠠᠨ ᠶᠡᠭᠡ ᠭᠤᠣᠯ ᠰᠡᠳᠦᠪᠲᠦ 1400 ᠭᠠᠷᠤᠢ ᠳᠡᠪᠲᠡᠷ | ᠤᠩᠰᠢᠯᠭ᠎ᠠ ᠶᠢᠨ ᠭᠤᠣᠯ ᠰᠡᠳᠦᠪᠲᠦ ᠵᠢᠷᠤᠭᠲᠤ ᠳᠡᠪᠲᠡᠷ ᠨᠢ ᠭᠡᠷ ᠤᠨ ᠠᠬᠠᠮᠠᠳ ᠪᠠ ᠬᠡᠦᠬᠡᠳ ᠤᠨ ᠬᠠᠮᠲᠤ ᠪᠠᠷ | ᠤᠩᠰᠢᠬᠤ᠂ ᠵᠣᠬᠢᠬᠤ ᠨᠠᠰᠤᠨ ᠤ ᠤᠩᠰᠢᠭᠴᠢᠳ ᠲᠤ ᠪᠢᠴᠢᠭ ᠤᠨ ᠦᠨᠦᠷ ᠬᠠᠩᠬᠤᠯᠤᠭᠰᠠᠨ ᠦᠵᠡᠮᠵᠢᠲᠦ ᠣᠷᠣᠨ ᠢ | ᠬᠠᠩᠭᠠᠵᠠᠢ᠃ |