| ᠳᠥᠷᠪᠡᠳᠦᠭᠡᠷ ᠬᠤᠭᠤᠴᠠᠭᠠᠨ ᠤ ᠳᠤᠮᠳᠠᠳᠤ — ᠮᠣᠩᠭᠤᠯ ᠤᠨ ᠦᠵᠡᠰᠬᠦᠯᠡᠩ ᠤᠨ ᠴᠤᠭᠯᠠᠭᠠᠨ | ᠬᠥᠬᠡᠬᠤᠲᠠ ᠳᠤ ᠶᠠᠪᠤᠭᠳᠠᠵᠤ᠂ ᠬᠤᠷᠠᠯ ᠤᠨ ᠬᠤᠭᠤᠴᠠᠭᠠᠨ ᠳᠤ ︽ᠨᠡᠭᠡᠭᠡᠯᠲᠡ ᠲᠠᠢ ᠬᠠᠮᠲᠤᠷᠠᠨ ᠠᠵᠢᠯᠯᠠᠵᠤ | ᠢᠷᠡᠭᠡᠳᠦᠢ ᠶᠢ ᠬᠠᠮᠲᠤ ᠪᠠᠷ ᠡᠳ᠋ᠯᠡᠬᠦ︾ ᠪᠠᠷ ᠭᠤᠣᠯ ᠰᠡᠳᠦᠪ ᠪᠣᠯᠭᠠᠭᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ | ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠢ ᠡᠷᠬᠢᠯᠡᠪᠡ᠃ ᠮᠣᠩᠭᠤᠯ ᠤᠯᠤᠰ᠂ ᠤᠷᠤᠰ ᠤᠨ | ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ | ᠰᠠᠶᠢᠳ ᠤᠨ ᠶᠠᠮᠤᠨ᠂ ᠺᠤᠨᠰᠦ᠋ᠯ ᠤᠨ ᠭᠠᠵᠠᠷ᠂ ᠦᠢᠯᠡᠳᠪᠦᠷᠢ ᠬᠤᠳᠠᠯᠳᠤᠭᠠᠨ ᠤ ᠡᠲᠡᠭᠡᠳ᠂ ᠠᠵᠢᠯ ᠲᠦᠷᠦᠯ ᠤᠨ | ᠬᠤᠳᠠᠯᠳᠤᠭᠠᠨ ᠤ ᠨᠡᠶᠢᠭᠡᠮᠯᠢᠭ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 700 ᠭᠠᠷᠤᠢ ᠬᠥᠮᠥᠨ | ᠬᠠᠮᠲᠤᠷᠠᠯᠴᠠᠭ᠎ᠠ ᠶᠢ ᠲᠥᠯᠥᠪᠯᠡᠵᠦ᠂ ᠬᠥᠭᠵᠢᠯᠲᠡ ᠶᠢᠨ ᠲᠤᠬᠠᠢ ᠶᠠᠷᠢᠯᠴᠠᠵᠠᠭᠠᠵᠠᠢ᠃ | ᠤᠯᠠᠭᠠᠨᠴᠠᠪ ᠬᠤᠲᠠ ᠲᠣᠰ ᠬᠤᠭᠤᠴᠠᠭᠠᠨ ᠤ ᠬᠤᠷᠠᠯ ᠳᠡᠭᠡᠷ᠎ᠡ 17 ᠭᠤᠣᠯᠳᠠᠯᠭ᠎ᠠ ᠲᠠᠢ ᠲᠥᠰᠥᠯ ᠤᠨ ᠭᠡᠷ᠎ᠡ | ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 356.4 ᠳ᠋ᠦᠩᠰᠢᠭᠤᠷ ᠲᠥᠭᠦᠷᠢᠭ ᠲᠤ ᠬᠦᠷᠴᠦ᠂ ᠭᠡᠷ᠎ᠡ | ᠲᠣᠭᠲᠠᠭᠰᠠᠨ ᠲᠥᠰᠥᠯ ᠤᠨ ᠲᠤᠭ᠎ᠠ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠭᠡᠷ᠎ᠡ ᠲᠣᠭᠲᠠᠭᠰᠠᠨ | ᠵᠣᠭᠤᠰ ᠤᠨ ᠲᠤᠭ᠎ᠠ ᠪᠥᠬᠦ ᠣᠷᠣᠨ ᠳᠤ ᠳᠥᠷᠪᠡᠳᠦᠭᠡᠷ ᠲᠤ ᠵᠢᠭᠰᠠᠭᠠᠭᠳᠠᠪᠠ᠃ ᠠᠵᠤ ᠦᠢᠯᠡᠰ ᠢᠶᠠᠷ ᠬᠤᠪᠢᠶᠠᠷᠢᠯᠠᠪᠠᠯ | ᠂ ᠡᠨᠧᠷᠭᠢ ᠶᠢᠨ ᠠᠵᠤ ᠦᠢᠯᠡᠰ 5᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ 4᠂ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ 3᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ 2᠂ ᠣᠲᠣ ᠦᠶ᠎ᠡ ᠶᠢᠨ ᠦᠢᠯᠡᠴᠢᠯᠡᠭᠡᠨ ᠤ ᠠᠵᠤ | ᠦᠢᠯᠡᠰ 2᠂ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ 1 ᠪᠣᠶ᠃ ᠡᠭᠦᠨ ᠤ ᠬᠠᠮᠲᠤ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ᠂ | Provident Capital Group ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 10 ᠠᠵᠢᠯ | ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠢ ᠲᠣᠰ ᠤᠳᠠᠭᠠᠨ ᠤ ᠠᠵᠤ ᠠᠬᠤᠢ ᠠᠷᠠᠯᠵᠢᠶᠠᠨ ᠤ | ᠵᠥᠪᠳᠡᠯᠴᠡᠭᠡᠷ ᠤᠨ ᠬᠤᠷᠠᠯ ᠳᠤ ᠤᠷᠢᠨ ᠣᠷᠣᠯᠴᠠᠭᠤᠯᠵᠠᠢ᠃ ᠲᠣᠰ ᠤᠳᠠᠭᠠᠨ ᠤ ᠭᠡᠷ᠎ᠡ ᠪᠠᠶᠢᠭᠤᠯᠤᠭᠰᠠᠨ | ᠬᠠᠮᠲᠤᠷᠠᠯᠴᠠᠭᠠᠨ ᠤ ᠲᠥᠰᠥᠯ ᠤᠨ ᠣᠷᠣᠭᠤᠯᠤᠯᠲᠠ ᠶᠢᠨ ᠬᠠᠨᠳᠤᠰᠢ ᠶᠢ ᠣᠨᠣᠴᠠᠲᠠᠢ ᠪᠠᠶᠢᠯᠭᠠᠬᠤ ᠨᠢ ᠤᠯᠠᠭᠠᠨᠴᠠᠪ | ᠬᠤᠲᠠ ᠶᠢᠨ ᠰᠢᠨ᠎ᠡ ᠬᠠᠭᠤᠴᠢᠨ ᠬᠥᠳᠡᠯᠭᠡᠭᠴᠢ ᠬᠦᠴᠦᠨ ᠤ ᠰᠣᠯᠢᠭᠳᠠᠯ ᠢ ᠲᠦᠷᠭᠡᠳᠬᠡᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠴᠢᠬᠤᠯᠠ ᠲᠠᠮᠵᠢᠬᠦ ᠪᠠ ᠳᠠᠶᠢᠴᠢᠯᠠᠬᠤ ᠦᠢᠯᠡᠳᠦᠯ ᠦᠵᠡᠭᠦᠯᠬᠦ ᠪᠣᠯᠣᠨ᠎ᠠ᠃ | ᠤᠯᠠᠭᠠᠨᠴᠠᠪ ᠬᠤᠳᠠ ᠶᠢᠨ ᠬᠢᠨ ᠲᠤᠰ ᠤᠳᠠᠭᠠᠨ ᠤ ᠭᠡᠷ᠎ᠡ ᠲᠣᠭᠲᠠᠬᠤ ᠪᠠᠷ ᠲᠣᠬᠢᠶᠠᠯ ᠪᠣᠯᠭᠠᠵᠤ᠂ ᠠᠵᠤ | ᠠᠬᠤᠶᠢᠯᠠᠯ ᠯᠤᠭ᠎ᠠ ᠶᠢᠨ ᠬᠠᠷᠢᠯᠴᠠᠭ᠎ᠠ᠂ ᠬᠠᠮᠵᠢᠯᠴᠠᠭ᠎ᠠ ᠪᠠᠨ ᠤᠯᠠᠮ ᠡᠷᠴᠢᠮᠵᠢᠭᠦᠯᠵᠦ᠂ ᠬᠠᠮᠲᠤᠷᠠᠯᠴᠠᠭᠠᠨ ᠤ | ᠲᠥᠰᠥᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠪᠣᠯᠣᠨ᠎ᠠ᠃ ᠡᠭᠦᠨ ᠤ ᠬᠠᠮᠲᠤ᠂ ᠲᠣᠮᠣ | ᠠᠵᠤ ᠠᠬᠤᠶᠢᠯᠠᠯ ᠢ ᠡᠯᠰᠡᠨ ᠬᠦᠴᠦᠷᠬᠡᠭ ᠠᠵᠤ ᠠᠬᠤᠶᠢᠯᠠᠯ ᠢ ᠲᠠᠲᠠᠬᠤ ᠶᠢ ᠦᠷᠭᠦᠯᠵᠢᠯᠡᠨ ᠠᠬᠢᠭᠤᠯᠵᠤ᠂ 500 | ᠬᠦᠴᠦᠷᠬᠡᠭ ᠠᠵᠤ ᠠᠬᠤᠶᠢᠯᠠᠯ ᠪᠣᠯᠣᠨ ᠠᠵᠢᠯ ᠲᠦᠷᠦᠯ ᠤᠨ ᠲᠡᠷᠢᠭᠦᠨ ᠤ ᠠᠵᠤ ᠠᠬᠤᠶᠢᠯᠠᠯ ᠢ ᠣᠨᠢᠯᠠᠵᠤ᠂ ᠪᠦᠬᠦ | ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠦᠨᠡᠨ ᠬᠦ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃ | |