9 ᠳ᠋ᠦ᠋ᠭᠡᠷ ᠰᠠᠷ᠎ᠠ ᠶᠢᠨ 7 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ︱ ᠮᠣᠩᠭᠤᠯ | ᠤᠯᠤᠰ ᠤᠨ ᠦᠵᠡᠰᠬᠦᠯᠡᠩ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠣᠯᠬᠤ ︽ᠲᠦᠮᠡᠨ ᠭᠠᠵᠠᠷ ᠤᠨ | ᠴᠠᠢ ᠶᠢᠨ ᠵᠠᠮ︾ ᠤᠨ ᠣᠯᠠᠨ ᠤᠯᠤᠰ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠥᠪᠥᠷ | ᠮᠣᠩᠭᠤᠯ ᠤᠨ ᠬᠥᠬᠡᠬᠤᠲᠠ ᠳᠤ ᠡᠬᠢᠯᠡᠵᠦ᠂ ᠳᠤᠮᠳᠠᠳᠤ ᠣᠷᠣᠰ ᠮᠣᠩᠭᠤᠯ ᠤᠨ ︽ᠲᠦᠮᠡᠨ ᠭᠠᠵᠠᠷ ᠤᠨ ᠴᠠᠢ ᠶᠢᠨ | ᠵᠠᠮ︾ ᠳᠠᠭᠠᠤ ᠶᠢᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ᠂ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠲᠥᠯᠥᠭᠡᠯᠡᠭᠴᠢ᠂ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠬᠠᠮᠢᠶ᠎ᠠ ᠪᠦᠬᠦᠢ ᠲᠤᠰᠬᠠᠢ | ᠮᠡᠷᠭᠡᠵᠢᠯᠲᠡᠨ ᠡᠷᠳᠡᠮᠲᠡᠳ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃ | ᠲᠣᠰ ᠤᠳᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠰᠣᠶᠣᠯ | ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠨᠢ ︽ᠬᠤᠷᠠᠯ + ᠪᠢᠴᠢᠯ ᠦᠵᠡᠭᠦᠯᠭᠡ︾ ᠶᠢᠨ ᠬᠡᠯᠪᠡᠷᠢ ᠪᠠᠷ | ᠶᠠᠪᠤᠭᠳᠠᠵᠤ᠂ ᠭᠤᠣᠯ ᠵᠣᠷᠢᠯᠲᠠ ᠶᠢᠨ ᠶᠠᠷᠢᠶ᠎ᠠ ᠢᠯᠡᠳᠬᠡᠯ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠰᠣᠶᠣᠯ ᠵᠢᠭᠤᠯᠴᠢᠯᠠᠯ ᠤᠨ ᠦᠢᠯᠡᠰ ᠤᠨ ᠬᠢᠨ ᠤ ᠲᠠᠨᠢᠯᠴᠠᠭᠤᠯᠭ᠎ᠠ᠂ ︽ᠲᠦᠮᠡᠨ ᠭᠠᠵᠠᠷ ᠤᠨ ᠴᠠᠢ ᠶᠢᠨ ᠵᠠᠮ︾ ᠤᠨ | ᠬᠤᠯᠪᠣᠭ᠎ᠠ ᠶᠢᠨ ᠡᠯ᠎ᠡ ᠮᠤᠵᠢ ᠣᠷᠣᠨ ᠤ ᠪᠤᠳᠠᠰ ᠤᠨ ᠪᠤᠰᠤ ᠰᠤᠶᠤᠯ ᠤᠨ ᠦᠪ ᠤᠨ ᠦᠢᠯᠡᠳᠬᠦᠨ ᠤ ᠦᠵᠡᠭᠦᠯᠭᠡ | ᠵᠡᠷᠭᠡ ᠣᠯᠠᠨ ᠠᠭᠤᠯᠭ᠎ᠠ ᠶᠢ ᠬᠠᠮᠤᠷᠴᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ | ᠵᠢᠭᠤᠯᠴᠢᠯᠠᠯ ᠤᠨ ᠬᠤᠯᠪᠣᠭ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ | | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠣᠷᠣᠰ ᠮᠣᠩᠭᠤᠯ ᠣᠷᠣᠨ ᠯᠤᠭ᠎ᠠ ᠶᠢᠨ ᠰᠣᠶᠣᠯ | ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠦᠮᠡᠨ ᠭᠠᠵᠠᠷ ᠤᠨ | ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠪᠠᠷ ᠭᠠᠷᠳᠠᠴᠠ ᠪᠣᠯᠭᠠᠵᠤ᠂ ︽ᠲᠦᠮᠡᠨ | ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ | ᠪᠠᠶᠢᠭᠤᠯᠬᠤ᠂ ᠵᠠᠮ ᠱᠤᠭᠤᠮ ᠢ ᠳᠡᠯᠭᠡᠷᠡᠭᠦᠯᠬᠦ ᠪᠠ ᠦᠢᠯᠡᠳᠬᠦᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠣᠷᠣᠰ ᠮᠣᠩᠭᠤᠯ ᠯᠤᠭ᠎ᠠ ᠶᠢᠨ ᠰᠣᠶᠣᠯ | ᠵᠢᠭᠤᠯᠴᠢᠯᠠᠯ ᠤᠨ ᠰᠣᠯᠢᠯᠴᠠᠭ᠎ᠠ ᠶᠢᠨ ᠲᠠᠯ᠎ᠠ ᠪᠠᠷ ᠤᠷᠢᠳ ᠢᠶᠠᠷ ᠲᠤᠷᠰᠢᠵᠤ ᠤᠷᠢᠳ ᠢᠶᠠᠷ ᠬᠢᠵᠦ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ | ᠬᠦᠴᠦᠨ ᠴᠢᠳᠠᠯ ᠢᠶᠠᠨ ᠡᠷᠭᠦᠨ᠎ᠡ᠃ | |