︽ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ ᠤ ᠮᠡᠳᠡᠭᠳᠡᠯ
ᠨᠡᠶᠢᠲᠡᠯᠡᠭᠰᠡᠨ ᠴᠠᠭ᠄
2023/9/14
     ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠲᠤᠰ ᠶᠠᠮᠤᠨ ᠤ ᠡᠯ᠎ᠡ ᠵᠤᠷᠭᠠᠨ ᠲᠣᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶᠠᠷᠴᠤ ᠪᠠᠶᠢᠭ᠎ᠠ ᠪᠦᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ᠲᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ᠤᠯᠤᠰ ᠤᠨ ᠪᠠᠷᠢᠮᠵᠢᠶᠠᠵᠢᠭᠤᠯᠤᠯᠲᠠ ᠶᠢᠨ ᠬᠥᠭᠵᠢᠯᠲᠡ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠪᠠᠷᠢᠮᠵᠢᠶᠠᠵᠢᠭᠤᠯᠤᠯᠲᠠ ᠶᠢᠨ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠮᠠᠨ ᠤ ᠶᠠᠮᠤᠨ ︽ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃ ᠡᠳᠦᠭᠡ ᠳᠠᠷᠤᠮᠠᠯᠯᠠᠨ ᠲᠠᠷᠬᠠᠭᠠᠪᠠ᠂ ᠵᠢᠷᠤᠮᠯᠠᠨ ᠬᠡᠷᠡᠭᠵᠢᠭᠦᠯᠲᠦᠭᠡᠢ᠃            ᠣᠨᠴᠠᠭᠠᠶᠢᠯᠠᠨ ᠮᠡᠳᠡᠭᠳᠡᠪᠡ᠃                 ᠰᠣᠶᠣᠯ ᠪᠠ ᠵᠢᠭᠤᠯᠴᠢᠯᠠᠯ ᠤᠨ ᠶᠠᠮᠤᠨ                              2023 ᠣᠨ ᠤ 2 ᠳ᠋ᠤᠭᠠᠷ ᠰᠠᠷ᠎ᠠ ᠶᠢᠨ 21 ᠤ ᠡᠳᠦᠷᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ            ᠨᠢᠭᠡᠳᠦᠭᠡᠷ ᠪᠦᠯᠦᠭ   ᠶᠡᠷᠦᠩᠬᠡᠢ ᠳᠦᠷᠢᠮ       ᠨᠢᠭᠡᠳᠦᠭᠡᠷ ᠵᠦᠢᠯ  ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠷᠤᠮᠵᠢᠭᠤᠯᠵᠤ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠪᠠᠷᠢᠮᠵᠢᠶ᠎ᠠ ᠭᠡᠳᠡᠭ ᠨᠢ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠨᠢᠭᠡᠳᠦᠯᠲᠡᠢ ᠪᠠᠶᠢᠯᠭᠠᠬᠤ ᠴᠢᠬᠤᠯᠠ ᠲᠠᠢ ᠮᠡᠷᠭᠡᠵᠢᠯ ᠤᠨ ᠱᠠᠭᠠᠷᠳᠠᠯᠭ᠎ᠠ ᠶᠢ ᠵᠢᠭᠠᠵᠤ ᠪᠤᠢ᠂ ᠡᠭᠦᠨ ᠳᠤ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠪᠣᠯᠣᠨ ᠠᠵᠤ ᠠᠬᠤᠶᠢᠯᠠᠯ ᠤᠨ ᠪᠠᠷᠢᠮᠵᠢᠶ᠎ᠠ ᠪᠠᠭᠲᠠᠨ᠎ᠠ᠂ ᠤᠯᠤᠰ ᠤᠨ ᠪᠠᠷᠢᠮᠵᠢᠶ᠎ᠠ ᠶᠢ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠭᠡᠵᠦ ᠬᠤᠪᠢᠶᠠᠨ᠎ᠠ᠃       ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠳᠤ ᠲᠤᠰ ᠠᠷᠭ᠎ᠠ ᠶᠢ ᠬᠡᠷᠡᠭᠯᠡᠨ᠎ᠡ᠃      ᠭᠤᠷᠪᠠᠳᠤᠭᠠᠷ ᠵᠦᠢᠯ  ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠳᠣᠣᠷ᠎ᠠ ᠵᠢᠭᠰᠠᠭᠠᠭᠰᠠᠨ ᠵᠠᠷᠴᠢᠮ ᠢ ᠵᠢᠷᠤᠮᠯᠠᠬᠤ ᠬᠡᠷᠡᠭᠲᠡᠢ᠄       ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︔      ︵ᠬᠤᠶᠠᠷ︶ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠵᠥᠪ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︔     ︵ᠭᠤᠷᠪᠠ︶ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠵᠢᠮ᠎ᠡ ᠶᠣᠰᠣ ᠪᠠ ᠠᠵᠢᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔      ︵ᠳᠥᠷᠪᠡ︶ ᠪᠠᠷᠢᠮᠵᠢᠶ᠎ᠠ ᠶᠢ ᠲᠣᠭᠲᠠᠭᠠᠭᠰᠠᠨ ᠶᠠᠪᠤᠴᠠ ᠨᠢ ᠢᠯᠡ ᠲᠣᠳᠣ᠂ ᠠᠰᠢᠭ ᠲᠤᠰᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ︔       ︵ᠲᠠᠪᠤ︶ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯᠳᠤ ᠴᠢᠨᠠᠷ᠂ ᠵᠣᠬᠢᠴᠠᠯᠳᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠭᠦᠢᠴᠡᠳ ᠢᠯᠡᠷᠡᠭᠦᠯᠬᠦ ᠬᠡᠷᠡᠭᠲᠡᠢ᠃  ᠳᠥᠷᠪᠡᠳᠦᠭᠡᠷ ᠵᠦᠢᠯ  ᠰᠣᠶᠣᠯ ᠪᠠ ᠵᠢᠭᠤᠯᠴᠢᠯᠠᠯ ᠤᠨ ᠶᠠᠮᠤᠨ ᠲᠤᠰ ᠰᠠᠯᠠᠭ᠎ᠠ ᠮᠥᠴᠢᠷ᠂ ᠲᠤᠰ ᠠᠵᠢᠯ ᠲᠦᠷᠦᠯ ᠤᠨ ᠢᠶᠠᠨ ᠪᠠᠷᠢᠮᠵᠢᠶᠠᠵᠢᠭᠤᠯᠤᠯᠲᠠ ᠶᠢᠨ ᠠᠵᠢᠯ ᠢ ᠬᠠᠮᠢᠶᠠᠷᠤᠨ᠎ᠠ᠃ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠥᠷᠨᠢᠭᠦᠯᠦᠨ᠎ᠡ᠃       ᠲᠠᠪᠤᠳᠤᠭᠠᠷ ᠵᠦᠢᠯ  ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠷᠢᠮᠵᠢᠶ᠎ᠠ ᠶᠢᠨ ᠬᠠᠮᠢᠶ᠎ᠠ ᠪᠦᠬᠦᠢ ᠰᠤᠳᠤᠯᠭᠠᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠪᠠᠷᠢᠮᠵᠢᠶ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠷᠢᠯᠴᠠᠨ ᠬᠥᠳᠡᠯᠦᠯᠴᠡᠨ ᠬᠥᠭᠵᠢᠬᠦ ᠶᠢ ᠠᠬᠢᠭᠤᠯᠤᠨ᠎ᠠ᠃        ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠥᠪᠳᠡᠯᠴᠡᠨ ᠰᠠᠨᠠᠯ ᠨᠢᠭᠡᠳᠦᠭᠰᠡᠨ᠂ ᠬᠠᠮᠵᠢᠯᠴᠠᠨ ᠠᠬᠢᠭᠤᠯᠤᠭᠰᠠᠨ ᠰᠠᠭᠤᠷᠢᠨ ᠳᠡᠭᠡᠷ᠎ᠡ ᠣᠷᠣᠨ ᠪᠦᠰᠡ ᠶᠢᠨ ᠴᠢᠨᠠᠷᠲᠠᠢ ᠪᠠᠷᠢᠮᠵᠢᠶ᠎ᠠ ᠶᠢᠨ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠪᠠᠨ ᠪᠠᠷᠢᠮᠵᠢᠶ᠎ᠠ ᠶᠢ ᠢᠳᠡᠪᠬᠢᠲᠡᠢ ᠬᠡᠷᠡᠭᠯᠡᠵᠦ ᠪᠣᠯᠣᠨ᠎ᠠ᠃       ᠵᠢᠷᠭᠤᠳᠤᠭᠠᠷ ᠵᠦᠢᠯ   ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠷᠢᠮᠵᠢᠶᠠᠵᠢᠭᠤᠯᠤᠯᠲᠠ ᠶᠢᠨ ᠠᠵᠢᠯ ᠢ ᠬᠥᠭᠵᠢᠭᠦᠯᠦᠯᠲᠡ ᠶᠢᠨ ᠲᠥᠯᠦᠪᠵᠢᠭᠦᠯᠭᠡ ᠪᠠ ᠠᠵᠢᠯ ᠤᠨ ᠲᠥᠯᠥᠪᠯᠡᠭᠡ ᠲᠤ ᠪᠠᠨ ᠣᠷᠣᠭᠤᠯᠵᠤ᠂ ᠪᠠᠷᠢᠮᠵᠢᠶᠠᠵᠢᠭᠤᠯᠤᠯᠲᠠ ᠶᠢᠨ ᠠᠵᠢᠯ ᠤᠨ ᠵᠠᠷᠤᠳᠠᠯ ᠢ ᠰᠠᠯᠠᠭ᠎ᠠ ᠮᠥᠴᠢᠷ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠨᠡᠶᠢᠭᠡᠮ ᠤᠨ ᠪᠡᠯᠡ ᠮᠦᠩᠭᠦ ᠶᠢᠨ ᠣᠷᠣᠭᠤᠯᠤᠯᠲᠠ ᠬᠢᠬᠦ ᠶᠢ ᠵᠣᠷᠢᠭᠵᠢᠭᠤᠯᠤᠨ᠎ᠠ᠃       ᠳᠣᠯᠣᠳᠤᠭᠠᠷ ᠵᠦᠢᠯ   ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠶᠢᠨ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠥᠷᠨᠢᠭᠦᠯᠬᠦ ᠪᠤᠶᠤ ᠲᠡᠭᠦᠨ ᠳᠤ ᠣᠷᠣᠯᠴᠠᠬᠤ ᠶᠢ ᠵᠣᠷᠢᠭᠵᠢᠭᠤᠯᠤᠨ᠎ᠠ᠃       ᠨᠠᠢᠮᠠᠳᠤᠭᠠᠷ ᠵᠦᠢᠯ  ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠷᠢᠮᠵᠢᠶᠠᠲᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶᠠᠲᠤ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠪᠠᠷᠢᠮᠵᠢᠶᠠᠲᠤ ᠲᠤᠰᠬᠠᠢ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠠᠷᠢᠮᠵᠢᠶᠠᠵᠢᠭᠤᠯᠬᠤ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃       ᠶᠢᠰᠦᠳᠦᠭᠡᠷ ᠵᠦᠢᠯ  ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠪᠣᠳᠠᠲᠤ ᠬᠡᠷᠡᠭᠴᠡᠭᠡ ᠪᠠᠨ ᠦᠨᠳᠦᠰᠦᠯᠡᠨ ᠤᠯᠠᠨ ᠤᠯᠤᠰ ᠤᠨ ᠪᠠᠷᠢᠮᠵᠢᠶ᠎ᠠ ᠶᠢ ᠰᠤᠳᠤᠯᠤᠨ ᠬᠡᠷᠡᠭᠯᠡᠵᠦ᠂ ᠳᠤᠮᠳᠠᠳᠤ ᠤᠯᠤᠰ ᠤᠨ ᠪᠠᠷᠢᠮᠵᠢᠶᠠᠲᠤ ᠭᠠᠳᠠᠭᠠᠳᠤ ᠬᠡᠯᠡᠨ ᠤ ᠬᠡᠪᠯᠡᠯ ᠤᠨ ᠣᠷᠴᠢᠭᠤᠯᠭ᠎ᠠ ᠶᠢᠨ ᠠᠵᠢᠯ ᠢ ᠲᠦᠯᠬᠢᠨ ᠠᠬᠢᠭᠤᠯᠵᠤ᠂ ᠤᠯᠠᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠪᠠᠷᠢᠮᠵᠢᠶᠠᠵᠢᠭᠤᠯᠤᠯᠲᠠ ᠶᠢᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠥᠷᠨᠢᠭᠦᠯᠵᠦ᠂ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠳᠡᠯᠡᠬᠡᠶᠢᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠢ᠃        ᠬᠤᠶᠠᠳᠤᠭᠠᠷ ᠪᠦᠯᠦᠭ    ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ       ᠠᠷᠪᠠᠳᠤᠭᠠᠷ ᠵᠦᠢᠯ   ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ︵ᠳᠣᠷᠣᠭᠰᠢ ︽ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ︾ ᠭᠡᠵᠦ ᠲᠣᠪᠴᠢᠯᠠᠨ᠎ᠠ︶ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠰᠢᠰᠲ᠋ᠧᠮᠵᠢᠭᠦᠯᠦᠨ ᠬᠠᠮᠢᠶᠠᠷᠴᠤ᠂ ᠭᠤᠣᠯᠳᠠᠭᠤ ᠳᠣᠣᠷ᠎ᠠ ᠵᠢᠭᠰᠠᠭᠠᠭᠰᠠᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄      ︵ᠨᠢᠭᠡ︶ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠵᠤ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔      ︵ᠬᠤᠶᠠᠷ︶ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶᠠᠷᠴᠤ ᠪᠠᠶᠢᠭ᠎ᠠ ᠪᠦᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ︵ᠳᠣᠷᠣᠭᠰᠢ ︽ᠮᠡᠷᠭᠡᠵᠢᠯ ᠤᠨ ᠺᠣᠮᠢᠰ︾ ᠭᠡᠵᠦ ᠲᠣᠪᠴᠢᠯᠠᠨ᠎ᠠ︶ ᠤᠨ ᠲᠤᠬᠠᠶᠢᠯᠠᠭᠰᠠᠨ ᠠᠵᠢᠯ ᠢ ᠵᠢᠯᠤᠭᠤᠳᠴᠤ᠂ ᠵᠣᠬᠢᠴᠠᠭᠤᠯᠵᠤ᠂ ᠬᠠᠮᠢᠶᠠᠷᠤᠨ᠎ᠠ︔       ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠮᠡᠷᠭᠡᠵᠢᠯ ᠤᠨ ᠵᠥᠪᠯᠡᠯ ᠢ ᠵᠢᠯᠤᠭᠤᠳᠴᠤ ᠪᠠᠶᠢᠭᠠᠳ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠥᠷᠥᠯ ᠵᠦᠢᠯ ᠲᠣᠭᠲᠠᠭᠠᠬᠤ ᠪᠠᠷ ᠭᠤᠶᠤᠴᠢᠯᠠᠬᠤ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠥᠷᠨᠢᠭᠦᠯᠵᠦ᠂ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠲᠥᠷᠥᠯ ᠵᠦᠢᠯ ᠢ ᠳᠤᠷᠠᠳᠬᠤ᠂ ᠲᠤᠭᠤᠷᠪᠢᠬᠤ᠂ ᠰᠠᠨᠠᠯ ᠬᠤᠷᠢᠶᠠᠬᠤ᠂ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ ᠪᠠ ᠤᠯᠤᠰ ᠤᠨ ᠪᠠᠷᠢᠮᠵᠢᠶ᠎ᠠ ᠶᠢ ᠳᠠᠬᠢᠨ ᠬᠢᠨᠠᠬᠤ ᠶᠢ ᠵᠣᠬᠢᠶᠠᠨ ᠪᠠᠶᠢᠭᠤᠯᠤᠨ᠎ᠠ︔       ︵ᠳᠥᠷᠪᠡ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ᠂ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠳ᠋ᠤᠭᠠᠷᠯᠠᠬᠤ᠂ ᠨᠡᠶᠢᠲᠡᠯᠡᠬᠦ᠂ ᠳᠠᠩᠰᠠᠯᠠᠭᠤᠯᠬᠤ ᠂ ᠬᠡᠪᠯᠡᠭᠦᠯᠬᠦ᠂ ᠢᠯᠡ ᠪᠣᠯᠭᠠᠬᠤ ᠪᠠ ᠲᠠᠬᠢᠨ ᠬᠢᠨᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔᡾        ︵ᠲᠠᠪᠤ︶ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠤᠬᠠᠭᠤᠯᠭ᠎ᠠ ᠪᠠ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔        ︵ᠵᠢᠷᠭᠤᠭ᠎ᠠ︶ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠳᠡᠯᠡᠬᠡᠶᠢᠴᠢᠯᠡᠬᠦ ᠠᠵᠢᠯ ᠳᠤ ᠣᠷᠣᠯᠴᠠᠵᠤ᠂ ᠲᠡᠭᠦᠨ ᠢ ᠵᠣᠬᠢᠴᠠᠭᠤᠯᠤᠨ᠎ᠠ︔       ︵ᠳᠣᠯᠤᠭ᠎ᠠ︶ ᠲᠣᠰ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠪᠠ ᠣᠷᠣᠨ ᠪᠦᠰᠡ ᠠᠯᠤᠰᠯᠠᠭᠰᠠᠨ ᠪᠠᠷᠢᠮᠵᠢᠶᠠᠵᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ︔      ︵ᠨᠠᠢᠮᠠ︶ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠰᠣᠶᠣᠯ ᠪᠠ ᠵᠢᠭᠤᠯᠴᠢᠯᠠᠯ ᠤᠨ ᠪᠦᠯᠬᠦᠮ ᠤᠨ ᠪᠠᠷᠢᠮᠵᠢᠶ᠎ᠠ ᠶᠢᠨ ᠠᠵᠢᠯ ᠢ ᠠᠬᠢᠭᠤᠯᠤᠨ᠎ᠠ︔        ︵ᠶᠢᠰᠦ︶ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠰᠤᠳᠤᠯᠭᠠᠨ᠂ ᠪᠣᠯᠪᠠᠰᠤᠷᠠᠭᠤᠯᠤᠯ ᠵᠡᠷᠭᠡ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔     ︵ᠠᠷᠪᠠ︶ ᠪᠤᠰᠤᠳ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠬᠠᠮᠢᠶ᠎ᠠ ᠪᠦᠬᠦᠢ ᠠᠵᠢᠯ ᠢ ᠰᠢᠰᠲ᠋ᠧᠮᠵᠢᠭᠦᠯᠦᠨ ᠬᠠᠮᠢᠶᠠᠷᠤᠨ᠎ᠠ᠃       ᠠᠷᠪᠠᠨ ᠨᠢᠭᠡᠳᠦᠭᠡᠷ ᠵᠦᠢᠯ  ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠵᠤᠷᠭᠠᠨ ᠲᠣᠪᠴᠢᠶ᠎ᠠ ᠭᠤᠣᠯᠳᠠᠭᠤ ᠳᠣᠣᠷ᠎ᠠ ᠵᠢᠭᠰᠠᠭᠠᠭᠰᠠᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄      ︵ᠨᠢᠭᠡ︶ ᠲᠤᠰ ᠵᠤᠷᠭᠠᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠳᠤ ᠬᠤᠯᠪᠣᠭᠳᠠᠬᠤ ᠪᠠᠷᠢᠮᠵᠢᠶᠠᠨ ᠤ ᠠᠵᠢᠯ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ︔     ︵ᠬᠤᠶᠠᠷ︶ ᠲᠣᠰ ᠵᠤᠷᠭᠠᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠬᠢ ᠪᠠᠷᠢᠮᠵᠢᠶᠠᠲᠤ ᠬᠡᠷᠡᠭᠴᠡᠭᠡ ᠱᠠᠭᠠᠷᠳᠠᠯᠭ᠎ᠠ ᠪᠠ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠪᠠᠷᠢᠮᠵᠢᠶ᠎ᠠ ᠶᠢ ᠲᠤᠭᠤᠷᠪᠢᠨ ᠪᠢᠴᠢᠬᠦ ᠶᠢ ᠠᠬᠢᠭᠤᠯᠤᠨ᠎ᠠ︔      ︵ᠭᠤᠷᠪᠠ︶ ᠲᠣᠰ ᠵᠤᠷᠭᠠᠨ ᠲᠣᠪᠴᠢᠶ᠎ᠠ ᠶᠢᠨ ᠲᠣᠭᠲᠠᠭᠠᠭᠰᠠᠨ ᠪᠠ ᠵᠠᠰᠠᠪᠤᠷᠢ ᠣᠷᠣᠭᠤᠯᠤᠭᠰᠠᠨ ᠬᠠᠮᠢᠶ᠎ᠠ ᠪᠦᠬᠦᠢ ᠪᠠᠷᠢᠮᠵᠢᠶ᠎ᠠ ᠶᠢ ᠤᠬᠠᠭᠤᠯᠬᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ︔      ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠲᠠᠢ ᠬᠠᠮᠵᠢᠯᠴᠠᠨ ᠬᠤᠯᠪᠣᠭᠳᠠᠯ ᠪᠦᠬᠦᠢ ᠮᠡᠷᠭᠡᠵᠢᠯ ᠤᠨ ᠺᠣᠮᠢᠰ ᠤᠨ ᠠᠵᠢᠯ ᠢᠶᠠᠨ ᠥᠷᠨᠢᠭᠦᠯᠬᠦ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ︔     ︵ᠲᠠᠪᠤ︶ ᠲᠣᠰ ᠵᠤᠷᠭᠠᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠠᠰᠠᠭᠤᠨ ᠯᠠᠪᠯᠠᠬᠤ ᠪᠠ ᠬᠠᠷᠢᠭᠤᠯᠲᠠ ᠥᠭᠬᠦ ᠶᠢ ᠬᠠᠮᠵᠢᠯᠴᠠᠨ ᠰᠠᠶᠢᠲᠤᠷ ᠬᠢᠨ᠎ᠡ᠃       ᠠᠷᠪᠠᠨ ᠬᠤᠶᠠᠳᠤᠭᠠᠷ ᠵᠦᠢᠯ   ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶᠠᠷᠴᠤ ᠪᠠᠶᠢᠭ᠎ᠠ ᠮᠡᠷᠭᠡᠵᠢᠯ ᠤᠨ ᠺᠣᠮᠢᠰ ︽ᠪᠦᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠭᠤᠣᠯᠳᠠᠭᠤ ᠳᠣᠣᠷ᠎ᠠ ᠵᠢᠭᠰᠠᠭᠠᠭᠰᠠᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄       ︵ᠨᠢᠭᠡ︶ ᠲᠣᠰ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠤᠳᠤᠯᠤᠨ ᠵᠠᠳᠠᠯᠵᠤ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠰᠠᠨᠠᠭᠤᠯᠭ᠎ᠠ ᠳᠤᠷᠠᠳᠤᠨ᠎ᠠ︔       ︵ᠬᠤᠶᠠᠷ︶ ᠲᠣᠰ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠰᠤᠳᠤᠯᠬᠤ ᠪᠠ ᠨᠠᠶᠢᠷᠠᠭᠤᠯᠤᠨ ᠵᠣᠬᠢᠶᠠᠵᠤ᠂ ᠪᠠᠷᠢᠮᠵᠢᠶ᠎ᠠ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠳᠤᠷᠠᠳᠤᠨ᠎ᠠ︔      ︵ᠭᠤᠷᠪᠠ︶ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠤᠭᠤᠷᠪᠢᠬᠤ᠂ ᠰᠠᠨᠠᠯ ᠬᠤᠷᠢᠶᠠᠬᠤ᠂ ᠮᠡᠷᠭᠡᠵᠢᠯ ᠤᠨ ᠬᠢᠨᠠᠨ ᠪᠠᠶᠢᠴᠠᠭᠠᠯᠲᠠ᠂ ᠳᠠᠬᠢᠨ ᠬᠢᠨᠠᠯᠲᠠ ᠵᠢᠴᠢ ᠪᠠᠷᠢᠮᠵᠢᠶᠠᠲᠤ ᠭᠠᠳᠠᠭᠠᠳᠤ ᠬᠡᠯᠡᠨ ᠤ ᠬᠡᠪᠯᠡᠯ ᠤᠨ ᠣᠷᠴᠢᠭᠤᠯᠬᠤ᠂ ᠬᠢᠨᠠᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔      ︵ᠳᠥᠷᠪᠡ︶ ᠪᠠᠷᠢᠮᠵᠢᠶ᠎ᠠ ᠨᠡᠶᠢᠲᠡᠯᠡᠬᠦ ᠰᠠᠯᠠᠭ᠎ᠠ ᠮᠥᠴᠢᠷ ᠤᠨ ᠨᠠᠶᠢᠳᠠᠯᠭ᠎ᠠ ᠶᠢ ᠬᠦᠯᠢᠶᠡᠵᠦ᠂ ᠰᠢᠰᠲ᠋ᠧᠮᠵᠢᠭᠦᠯᠬᠦ ᠪᠠᠷᠢᠮᠵᠢᠶ᠎ᠠ ᠶᠢᠨ ᠵᠣᠬᠢᠴᠠᠭᠤᠯᠤᠨ ᠨᠡᠪᠲᠡᠷᠡᠯᠴᠡᠬᠦ ᠵᠢᠴᠢ ᠠᠰᠠᠭᠤᠨ ᠯᠠᠪᠯᠠᠵᠤ ᠬᠠᠷᠢᠭᠤᠯᠲᠠ ᠥᠭᠬᠦ ᠶᠢ ᠡᠭᠦᠷᠭᠡᠯᠡᠨ᠎ᠡ︔      ︵ᠲᠠᠪᠤ︶ ᠲᠤᠰ ᠲᠤᠰᠬᠠᠢ ᠮᠡᠷᠭᠡᠵᠢᠯ ᠤᠨ ᠬᠦᠷᠢᠶᠡᠨ ᠳᠤ ᠬᠢ ᠪᠠᠷᠢᠮᠵᠢᠶ᠎ᠠ ᠶᠢᠨ ᠤᠬᠠᠭᠤᠯᠭ᠎ᠠ᠂ ᠪᠣᠯᠪᠠᠰᠤᠷᠠᠭᠤᠯᠤᠯ ᠪᠠ ᠪᠠᠷᠢᠮᠵᠢᠶ᠎ᠠ ᠶᠢᠨ ᠰᠤᠳᠤᠯᠭᠠᠨ᠂ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠦᠷᠨᠢᠭᠦᠯᠦᠨ᠎ᠡ︔      ︵ᠵᠢᠷᠭᠤᠭ᠎ᠠ︶ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰ ᠲᠤᠰᠬᠠᠢ ᠮᠡᠷᠭᠡᠵᠢᠯ ᠤᠨ ᠬᠦᠷᠢᠶᠡᠨ ᠳᠤ  ᠬᠢ ᠤᠯᠠᠨ ᠤᠯᠤᠰ ᠤᠨ ᠪᠠᠷᠢᠮᠵᠢᠶ᠎ᠠ ᠶᠢᠨ ᠠᠵᠢᠯ ᠳᠤ  ᠤᠷᠤᠯᠴᠠᠨ᠎ᠠ︔      ︵ᠲᠤᠯᠤᠭ᠎ᠠ︶ ᠮᠡᠷᠭᠡᠵᠢᠯ ᠤᠨ ᠺᠣᠮᠢᠰ ᠤᠨ ᠲᠤᠬᠠᠶᠢᠯᠠᠭᠰᠠᠨ ᠠᠵᠢᠯ ᠤᠨ ᠬᠤᠯᠪᠣᠭᠳᠠᠯ ᠪᠦᠬᠦᠢ ᠴᠢᠬᠤᠯᠠ ᠵᠦᠢᠯᠡᠰ ᠢ ᠮᠡᠳᠡᠭᠦᠯᠬᠦ ᠵᠢᠷᠤᠮ ᠢ  ᠭᠦᠢᠴᠡᠳᠭᠡᠨ᠎ᠡ︔       ︵ᠨᠠᠢᠮᠠ︶ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠰᠢᠶᠠᠭᠰᠠᠨ ᠪᠤᠰᠤᠳ ᠪᠠᠷᠢᠮᠵᠢᠶ᠎ᠠ ᠶᠢᠨ ᠠᠵᠢᠯ ᠢ ᠡᠭᠦᠷᠭᠡᠯᠡᠨ᠎ᠡ᠃        ᠭᠤᠷᠪᠠᠳᠤᠭᠠᠷ ᠪᠦᠯᠦᠭ     ᠪᠠᠷᠢᠮᠵᠢᠶ᠎ᠠ ᠶᠢ ᠲᠣᠭᠲᠠᠭᠠᠬᠤ      ᠠᠷᠪᠠᠨ ᠭᠤᠷᠪᠠᠳᠤᠭᠠᠷ ᠵᠦᠢᠯ   ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢ ︽ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ ᠬᠡᠷᠡᠭᠵᠢᠭᠦᠯᠦᠨ᠎ᠡ᠃      ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠡᠪᠴᠢᠶᠡᠨ ᠳᠤ ᠬᠢ ᠬᠥᠮᠥᠨ ᠤ ᠪᠡᠶ᠎ᠡ ᠶᠢᠨ ᠡᠷᠡᠭᠦᠯ ᠮᠡᠨᠳᠤ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ᠂ ᠠᠮᠢ ᠠᠬᠤᠢ ᠶᠢᠨ ᠣᠷᠴᠢᠨ ᠨᠥᠬᠦᠴᠡᠯ ᠤᠨ ᠠᠮᠤᠷ ᠲᠦᠪᠰᠢᠨ ᠢ ᠪᠠᠲᠤᠯᠠᠬᠤ ᠵᠢᠴᠢ ᠠᠵᠤ ᠠᠬᠤᠢ ᠨᠡᠶᠢᠭᠡᠮ ᠤᠨ ᠬᠠᠮᠢᠶᠠᠷᠤᠯᠲᠠ ᠶᠢᠨ ᠦᠨᠳᠦᠰᠦᠨ ᠬᠡᠷᠡᠭᠴᠡᠭᠡ ᠶᠢ ᠬᠠᠩᠭᠠᠬᠤ ᠮᠡᠷᠭᠡᠵᠢᠯ ᠤᠨ ᠱᠠᠭᠠᠷᠳᠠᠯᠭ᠎ᠠ ᠳᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠲᠣᠭᠲᠠᠭᠠᠵᠤ᠂ ᠵᠢᠷᠤᠮ ᠶᠣᠰᠣᠭᠠᠷ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠵᠦ ᠨᠡᠶᠢᠲᠡᠯᠡᠬᠦ ᠪᠤᠶᠤ ᠡᠷᠬᠡ ᠣᠯᠭᠤᠵᠤ ᠵᠥᠪᠰᠢᠶᠡᠷᠡᠭᠦᠯᠵᠦ ᠨᠡᠶᠢᠲᠡᠯᠡᠬᠦ ᠬᠡᠷᠡᠭᠲᠡᠢ᠃      ᠰᠠᠭᠤᠷᠢ ᠨᠡᠶᠢᠳᠡᠮ ᠬᠡᠷᠡᠭᠯᠡᠬᠦ᠂ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠲᠠᠢ ᠢᠵᠢ ᠪᠦᠷᠢᠳᠦᠭᠦᠯᠬᠦ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠳᠤ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠵᠡᠷᠭᠡ ᠬᠡᠷᠡᠭᠴᠡᠭᠡ ᠶᠢ ᠬᠠᠩᠭᠠᠬᠤ ᠮᠡᠷᠭᠡᠵᠢᠯ ᠤᠨ ᠱᠠᠭᠠᠷᠳᠠᠯᠭ᠎ᠠ ᠳᠤ ᠵᠢᠷᠤᠮ ᠶᠣᠰᠣᠭᠠᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠣᠭᠲᠠᠭᠠᠯᠭᠠᠵᠤ ᠪᠣᠯᠣᠨ᠎ᠠ᠃       ᠠᠷᠪᠠᠨ ᠳᠥᠷᠪᠡᠳᠦᠭᠡᠷ ᠵᠦᠢᠯ   ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢ ︽ᠠᠵᠢᠯ ᠲᠥᠷᠥᠯ   ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠪᠣᠯᠣᠨ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠠᠶᠢᠬᠤ ᠦᠭᠡᠢ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠡᠪᠴᠢᠶᠡᠨ ᠳᠤ ᠨᠢᠭᠡᠳᠦᠯᠲᠡᠢ ᠪᠠᠶᠢᠯᠭᠠᠬᠤ ᠴᠢᠬᠤᠯᠠᠲᠠᠢ ᠮᠡᠷᠭᠡᠵᠢᠯ ᠤᠨ ᠱᠠᠭᠠᠷᠳᠠᠯᠭ᠎ᠠ ᠳᠤ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠴᠢᠬᠤᠯᠠ ᠦᠢᠯᠡᠳᠬᠦᠨ᠂ ᠢᠨᠵᠧᠨᠧᠷᠢᠩ ᠤᠨ ᠮᠡᠷᠭᠡᠵᠢᠯ᠂ ᠦᠢᠯᠡᠴᠢᠯᠡᠭᠡ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠣᠬᠢᠶᠠᠨ ᠪᠠᠶᠢᠭᠤᠯᠵᠤ ᠲᠣᠭᠲᠠᠭᠠᠭᠰᠠᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠪᠠᠷᠢᠮᠵᠢᠶ᠎ᠠ ᠪᠣᠯᠣᠨ᠎ᠠ᠃     ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠮᠡᠷᠭᠡᠵᠢᠯ ᠤᠨ ᠱᠠᠭᠠᠷᠳᠠᠯᠭ᠎ᠠ ᠶᠢ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ ᠪᠠ ᠠᠵᠢᠯ ᠲᠥᠷᠥᠯ ᠤᠨ ᠪᠠᠷᠢᠮᠵᠢᠶ᠎ᠠ ᠲᠠᠢ ᠬᠠᠷᠢᠯᠴᠠᠨ ᠵᠣᠬᠢᠴᠠᠭᠤᠯᠬᠤ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ ᠪᠣᠯᠬᠤ ᠦᠭᠡᠢ᠃ ᠠᠵᠢᠯ ᠲᠦᠷᠦᠯ ᠤᠨ ᠪᠠᠷᠢᠮᠵᠢᠶ᠎ᠠ ᠶᠢ ᠠᠰᠢᠭᠯᠠᠨ ᠲᠠᠸᠠᠷ ᠂ ᠦᠢᠯᠡᠴᠢᠯᠡᠭᠡᠨ ᠤ ᠴᠢᠯᠦᠭᠡᠲᠦ ᠭᠦᠢᠯᠭᠡᠭᠡ ᠶᠢ ᠬᠠᠷᠰᠢᠯᠠᠬᠤ ᠵᠡᠷᠭᠡ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠵᠢᠯᠯᠠᠭ᠎ᠠ ᠬᠢᠬᠦ ᠶᠢ ᠬᠤᠷᠢᠭᠯᠠᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠳᠤ ᠵᠠᠷᠴᠢᠮ ᠳᠡᠭᠡᠷ᠎ᠡ ᠪᠠᠨ ᠲᠣᠳᠣᠷᠬᠠᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠠᠷᠢᠭᠤᠴᠠᠯᠭ᠎ᠠ ᠶᠢᠨ ᠪᠡᠶᠡᠴᠢ ᠴᠣᠭᠴᠠ ᠪᠠᠶᠢᠬᠤ ᠬᠡᠷᠡᠭᠲᠡᠢ᠃    ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠠᠴᠠ ᠵᠢᠯ ᠪᠦᠷᠢ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ ᠴᠤᠭᠯᠠᠭᠤᠯᠵᠤ᠂ ᠲᠥᠷᠥᠯ ᠵᠦᠢᠯ ᠲᠣᠭᠲᠠᠭᠠᠵᠤ ᠬᠢᠨᠠᠨ ᠲᠣᠭᠲᠠᠭᠠᠬᠤ ᠪᠠᠷ ᠳᠡᠮᠵᠢᠨ᠂ ᠬᠠᠮᠢᠶ᠎ᠠ ᠪᠦᠬᠦᠢ ᠨᠢᠭᠡᠴᠢ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠲᠥᠯᠥᠪᠯᠡᠭᠡ ᠶᠢ ᠪᠠᠭᠤᠯᠭᠠᠨ᠎ᠠ᠃ ᠲᠥᠯᠥᠪᠯᠡᠭᠡ ᠶᠢ ᠪᠠᠭᠤᠯᠭᠠᠭᠰᠠᠨ ᠤ ᠲᠠᠷᠠᠭ᠎ᠠ ᠲᠣᠭᠲᠠᠭᠠᠭᠰᠠᠨ ᠵᠦᠢᠯᠡᠰ ᠤᠨ ᠨᠡᠷᠡᠶᠢᠳᠦᠯ᠂ ᠬᠤᠭᠤᠴᠠᠭ᠎ᠠ ᠵᠡᠷᠭᠡ ᠶᠢ ᠦᠨᠳᠦᠰᠦᠯᠡᠨ ᠬᠡᠷᠡᠭᠵᠢᠭᠦᠯᠬᠦ ᠬᠡᠷᠡᠭᠲᠡᠢ᠂ ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠬᠢᠬᠦ ᠦᠭᠡᠢ︔ ᠦᠨᠡᠬᠡᠷ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠲᠣᠭᠲᠠᠭᠠᠭᠰᠠᠨ ᠵᠢᠷᠤᠮ ᠢᠶᠠᠷ ᠬᠢᠨᠠᠨ ᠵᠥᠪᠰᠢᠶᠡᠷᠡᠭᠦᠯᠬᠦ ᠪᠤᠶᠤ ᠳᠠᠩᠰᠠᠯᠠᠭᠤᠯᠤᠭᠰᠠᠨ ᠤ ᠲᠠᠷᠠᠭ᠎ᠠ ᠬᠡᠷᠡᠭᠵᠢᠭᠦᠯᠦᠨ᠎ᠡ᠃    ︵ᠬᠤᠶᠠᠷ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠲᠤᠭᠤᠷᠪᠢᠨ ᠪᠢᠴᠢᠬᠦ ᠨᠢᠭᠡᠴᠢ  ᠨᠢ ᠵᠢᠷᠤᠮᠵᠢᠭᠰᠠᠨ ᠵᠠᠭᠪᠤᠷ᠂ ᠬᠡᠯᠪᠡᠷᠢ ᠮᠠᠶ᠋ᠢᠭ ᠪᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠪᠠᠷᠢᠮᠵᠢᠶᠠᠲᠤ ᠲᠣᠪᠬᠢᠮᠠᠯ ᠢ ᠲᠤᠭᠤᠷᠪᠢᠨ ᠪᠢᠴᠢᠵᠦ᠂ ᠲᠤᠭᠤᠷᠪᠢᠨ ᠪᠢᠴᠢᠬᠦ ᠨᠢᠭᠡᠴᠢ ᠪᠠ ᠮᠡᠷᠭᠡᠵᠢᠯ ᠤᠨ ᠵᠥᠪᠯᠡᠯ ᠨᠢ ᠥᠷᠭᠡᠨ ᠢᠶᠠᠷ ᠰᠠᠨᠠᠯ ᠬᠤᠷᠢᠶᠠᠬᠤ ᠬᠡᠷᠡᠭᠲᠡᠢ᠃    ︵ᠭᠤᠷᠪᠠ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠲᠤᠬᠠᠢ ᠰᠠᠨᠠᠯ ᠬᠤᠷᠢᠶᠠᠵᠤ ᠳᠠᠭᠤᠰᠤᠭᠰᠠᠨ ᠤ ᠳᠠᠷᠠᠭ᠎ᠠ᠂ ᠮᠡᠷᠭᠡᠵᠢᠯ ᠤᠨ ᠺᠣᠮᠢᠰ ᠢᠶᠠᠷ ᠬᠢᠨᠠᠨ ᠪᠠᠶᠢᠴᠠᠭᠠᠯᠭᠠᠭᠠᠳ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠢ ᠪᠦᠷᠢᠯᠳᠦᠭᠦᠯᠦᠨ᠎ᠡ᠃ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ ᠢ ᠲᠤᠭᠤᠷᠪᠢᠨ ᠪᠢᠴᠢᠬᠦ ᠨᠢᠭᠡᠴᠢ ᠨᠢ ᠲᠣᠭᠲᠠᠭᠰᠠᠨ ᠬᠤᠭᠤᠴᠠᠭᠠᠨ ᠤ ᠳᠣᠲᠣᠷ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ ᠳᠠᠬᠢᠨ ᠳᠡᠪᠰᠢᠭᠦᠯᠦᠨ ᠬᠢᠨᠠᠨ ᠪᠠᠶᠢᠴᠠᠭᠠᠯᠭᠠᠬᠤ ᠬᠡᠷᠡᠭᠲᠡᠢ︔ ᠡᠰᠡᠬᠦᠯ᠎ᠡ ᠬᠢᠨᠠᠨ ᠪᠠᠶᠢᠴᠠᠭᠠᠭᠰᠠᠨ ᠳ᠋ᠦᠩ ᠢ ᠦᠨᠳᠦᠰᠦᠯᠡᠨ᠂ ᠲᠧᠭᠨᠢᠭ ᠮᠡᠷᠭᠡᠵᠢᠯ ᠤᠨ ᠺᠣᠮᠢᠰ ᠢᠶᠠᠷ ᠳᠠᠮᠵᠢᠭᠤᠯᠤᠨ ᠲᠦᠷᠦᠯ ᠵᠦᠢᠯᠡᠰ ᠤᠨ ᠲᠥᠯᠥᠪᠯᠡᠭᠡ ᠶᠢ ᠲᠣᠬᠢᠷᠠᠭᠤᠯᠬᠤ ᠪᠤᠶᠤ ᠳᠠᠭᠤᠰᠬᠠᠬᠤ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ᠃    ︵ᠳᠥᠷᠪᠡ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠠᠴᠠ ᠬᠠᠮᠢᠶ᠎ᠠ ᠪᠦᠬᠦᠢ ᠨᠢᠭᠡᠴᠢ ᠶᠢᠨ ᠰᠠᠨᠠᠯ ᠢ ᠬᠤᠷᠢᠶᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠶᠢᠲᠡᠯᠡᠵᠦ᠂ ᠲᠠᠰ ᠳᠠᠷᠠᠭᠠᠯᠠᠯ ᠢᠶᠠᠷ ᠳ᠋ᠤᠭᠠᠷᠯᠠᠵᠤ᠂ ᠬᠡᠪᠯᠡᠭᠦᠯᠦᠨ᠎ᠡ᠃ ᠠᠵᠢᠯ ᠲᠥᠷᠥᠯ ᠤᠨ ᠪᠠᠷᠢᠮᠵᠢᠶ᠎ᠠ ᠶᠢᠨ ᠳ᠋ᠤᠭᠠᠷᠯᠠᠯ ᠨᠢ ᠠᠵᠢᠯ ᠲᠥᠷᠥᠯ ᠤᠨ ᠪᠠᠷᠢᠮᠵᠢᠶ᠎ᠠ ᠶᠢᠨ ᠣᠷᠣᠯᠠᠬᠤ ᠳ᠋ᠤᠭᠠᠷ᠂ ᠪᠠᠷᠢᠮᠵᠢᠶ᠎ᠠ ᠶᠢ ᠨᠡᠶᠢᠲᠡᠯᠡᠭᠰᠡᠨ ᠲᠠᠰ ᠳᠠᠷᠠᠭᠠᠯᠠᠯ ᠤᠨ ᠳ᠋ᠤᠭᠠᠷ ᠵᠢᠴᠢ ᠣᠨ ᠤ ᠳ᠋ᠤᠭᠠᠷ ᠢᠶᠠᠷ ᠪᠦᠷᠢᠯᠳᠦᠨ᠎ᠡ᠃ ᠰᠣᠶᠣᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠣᠷᠣᠯᠠᠬᠤ ᠳ᠋ᠤᠭᠠᠷ ᠨᠢ WH᠂ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠣᠷᠣᠯᠠᠬᠤ ᠳ᠋ᠤᠭᠠᠷ ᠨᠢ LB᠃    ︵ᠲᠠᠪᠤ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃    ᠠᠷᠪᠠᠨ ᠲᠠᠪᠤᠳᠤᠭᠠᠷ ᠵᠦᠢᠯ   ᠰᠣᠶᠣᠯ ᠪᠠ ᠵᠢᠭᠤᠯᠴᠢᠯᠠᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠷᠣᠨ ᠨᠤᠲᠤᠭ ᠤᠨ ᠪᠠᠶᠢᠭᠠᠯᠢ ᠶᠢᠨ ᠨᠥᠬᠦᠴᠡᠯ᠂ ᠵᠠᠩ ᠳᠠᠳᠬᠠᠯ ᠵᠡᠷᠭᠡ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠳᠤ ᠬᠤᠯᠪᠣᠭᠳᠠᠬᠤ ᠣᠨᠴᠠᠭᠠᠶ ᠮᠡᠷᠭᠡᠵᠢᠯ ᠤᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠣᠶᠣᠯ ᠪᠠ ᠵᠢᠭᠤᠯᠴᠢᠯᠠᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠳᠤᠷᠠᠳᠤᠨ ᠭᠠᠷᠭᠠᠬᠤ ᠪᠤᠶᠤ ᠲᠣᠭᠲᠠᠭᠠᠬᠤ ᠳᠤ ᠣᠷᠣᠯᠴᠠᠵᠤ ᠪᠣᠯᠣᠨ᠎ᠠ᠃    ᠠᠷᠪᠠᠨ ᠵᠢᠷᠭᠤᠳᠤᠭᠠᠷ ᠵᠦᠢᠯ  ᠰᠣᠶᠣᠯ ᠪᠠ ᠵᠢᠭᠤᠯᠴᠢᠯᠠᠯ ᠤᠨ ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢ ︽ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠶᠣᠰᠣᠭᠠᠷ ᠬᠡᠷᠡᠭᠵᠢᠭᠦᠯᠦᠨ᠎ᠡ᠃  ᠰᠤᠳᠤᠯᠬᠤ ᠬᠤᠷᠠᠯ᠂ ᠡᠪᠯᠡᠯ ᠨᠡᠶᠢᠭᠡᠮᠯᠢᠭ᠂ ᠬᠤᠳᠠᠯᠳᠤᠭᠠᠨ ᠤ ᠡᠪᠯᠡᠯ᠂ ᠬᠤᠯᠪᠣᠭᠠᠲᠤ ᠬᠤᠷᠠᠯ᠂ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ ᠵᠡᠷᠭᠡ ᠬᠠᠤᠯᠢ ᠶᠣᠰᠣᠭᠠᠷ ᠪᠠᠶᠢᠭᠤᠯᠤᠭᠰᠠᠨ ᠨᠡᠶᠢᠭᠡᠮ ᠤᠨ ᠪᠦᠯᠬᠦᠮ ᠨᠢ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠴᠠᠭᠤᠯᠵᠤ ᠪᠠᠶᠢᠭᠠᠳ ᠵᠠᠬ᠎ᠠ ᠳᠡᠯᠭᠡᠭᠦᠷ ᠪᠠ ᠰᠢᠨ᠎ᠡ ᠶᠢ ᠡᠭᠦᠳᠬᠦ ᠬᠡᠷᠡᠭᠴᠡᠭᠡ ᠶᠢ ᠬᠠᠩᠭᠠᠭᠰᠠᠨ᠂ ᠤᠯᠤᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶᠠᠲᠤ ᠮᠡᠷᠭᠡᠵᠢᠯ ᠤᠨ ᠱᠠᠭᠠᠷᠳᠠᠯᠭ᠎ᠠ ᠠᠴᠠ ᠥᠨᠳᠥᠷ ᠰᠣᠶᠣᠯ ᠪᠠ ᠵᠢᠭᠤᠯᠴᠢᠯᠠᠯ ᠤᠨ ᠪᠦᠯᠬᠦᠮ ᠤᠨ ᠪᠠᠷᠢᠮᠵᠢᠶ᠎ᠠ ᠶᠢ ᠬᠠᠮᠲᠤ ᠪᠠᠷ ᠲᠣᠭᠲᠠᠭᠠᠵᠤ ᠪᠣᠯᠣᠨ᠎ᠠ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠯᠬᠦᠮ ᠤᠨ ᠪᠠᠷᠢᠮᠵᠢᠶ᠎ᠠ ᠶᠢ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠪᠦᠯᠬᠦᠮ ᠤᠨ ᠪᠠᠷᠢᠮᠵᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃   ᠠᠷᠪᠠᠨ ᠳᠣᠯᠣᠳᠤᠭᠠᠷ ᠵᠦᠢᠯ   ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢ ︽ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠬᠠᠮᠢᠶ᠎ᠠ ᠪᠦᠬᠦᠢ ᠠᠵᠤ ᠠᠬᠤᠶᠢᠯᠠᠯ ᠨᠢ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠮᠡᠷᠭᠡᠵᠢᠯ ᠤᠨ ᠱᠠᠭᠠᠷᠳᠠᠯᠭ᠎ᠠ ᠠᠴᠠ ᠥᠨᠳᠥᠷ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃     ᠠᠷᠪᠠᠨ ᠨᠠᠢᠮᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢ ᠬᠡᠷᠡᠭᠵᠢᠭᠦᠯᠬᠦ ᠶᠠᠪᠤᠴᠠ ᠳᠤ᠂ ᠣᠨᠴᠠ ᠵᠠᠷᠢᠮ ᠮᠡᠷᠭᠡᠵᠢᠯ ᠤᠨ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠬᠠᠭᠤᠳᠠᠰᠤ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠢᠷᠤᠮ ᠶᠣᠰᠣᠭᠠᠷ ᠵᠠᠰᠠᠪᠤᠷᠢ ᠣᠷᠣᠭᠤᠯᠵᠤ ᠪᠣᠯᠣᠨ᠎ᠠ᠃      ᠠᠷᠪᠠ ᠶᠢᠰᠦᠳᠦᠭᠡᠷ ᠵᠦᠢᠯ ᠠᠵᠢᠯ ᠲᠦᠷᠦᠯ ᠤᠨ ᠪᠠᠷᠢᠮᠵᠢᠶ᠎ᠠ ᠶᠢᠨ ᠲᠥᠯᠥᠪᠯᠡᠭᠡ ᠶᠢ ᠪᠠᠭᠤᠯᠭᠠᠭᠰᠠᠨ ᠤ ᠳᠠᠷᠠᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠠᠵᠢᠯ ᠤᠨ ᠬᠡᠷᠡᠭᠴᠡᠭᠡ ᠪᠠ ᠪᠣᠳᠠᠲᠤ ᠪᠠᠶᠢᠳᠠᠯ ᠳᠤ ᠪᠠᠨ ᠦᠨᠳᠦᠰᠦᠯᠡᠨ ᠲᠤᠭᠤᠷᠪᠢᠨ ᠪᠢᠴᠢᠬᠦ ᠨᠢᠭᠡᠴᠢ ᠳᠤ ᠵᠣᠬᠢᠬᠤ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠲᠤᠭᠤᠷᠪᠢᠨ ᠪᠢᠴᠢᠬᠦ ᠨᠢᠭᠡᠴᠢ ᠶᠢᠨ ᠵᠠᠷᠤᠳᠠᠯ ᠤᠨ ᠬᠡᠷᠡᠭᠯᠡᠯᠲᠡ ᠨᠢ ᠡᠳ᠋ ᠤᠨ ᠵᠠᠰᠠᠭ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶ᠎ᠠ ᠪᠦᠬᠦᠢ ᠵᠠᠷᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠬᠡᠷᠡᠭᠵᠢᠭᠦᠯᠬᠦ ᠬᠡᠷᠡᠭᠲᠡᠢ᠃  ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠷᠤᠳᠠᠯ ᠤᠨ ᠬᠠᠮᠢᠶᠠᠷᠤᠯᠲᠠ ᠶᠢ ᠳᠡᠭᠡᠷᠡᠬᠢ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃       ᠳᠥᠷᠪᠡᠳᠦᠭᠡᠷ ᠪᠦᠯᠦᠭ   ᠪᠠᠷᠢᠮᠵᠢᠶ᠎ᠠ ᠶᠢ ᠬᠡᠷᠡᠭᠵᠢᠭᠦᠯᠬᠦ ᠪᠠ ᠲᠡᠭᠦᠨ ᠳᠤ ᠬᠢᠨᠠᠯᠲᠠ ᠲᠠᠯᠪᠢᠬᠤ      ᠬᠤᠷᠢᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ ᠨᠢᠭᠡᠴᠢ ᠨᠦᠭᠦᠳ ᠬᠡᠪᠯᠡᠯ ᠤᠨ ᠪᠠᠶᠢᠭᠤᠯᠤᠮᠵᠢ ᠳᠤ ᠨᠠᠶᠢᠳᠠᠨ ᠬᠡᠪᠯᠡᠭᠦᠯᠦᠨ ᠲᠠᠷᠬᠠᠭᠠᠵᠤ ᠪᠣᠯᠬᠤ ᠪᠥᠭᠡᠳ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠵᠤ ᠪᠣᠯᠣᠨ᠎ᠠ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠪᠠᠷᠢᠮᠵᠢᠶᠠᠲᠤ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠢᠯᠡ ᠪᠣᠯᠭᠠᠬᠤ ᠶᠢ ᠵᠣᠷᠢᠭᠵᠢᠭᠤᠯᠤᠨ᠎ᠠ᠃       ᠬᠤᠷᠢᠨ ᠨᠢᠭᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠭᠰᠡᠨ ᠤ ᠲᠠᠷᠠᠭ᠎ᠠ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠡᠷᠭᠡᠵᠢᠯ ᠤᠨ ᠺᠣᠮᠢᠰ ᠠᠴᠠ ᠪᠠᠷᠢᠮᠵᠢᠶ᠎ᠠ ᠶᠢᠨ ᠤᠬᠠᠭᠤᠯᠭ᠎ᠠ ᠶᠢ ᠥᠷᠨᠢᠭᠦᠯᠵᠦ᠂ ᠪᠠᠷᠢᠮᠵᠢᠶ᠎ᠠ ᠶᠢᠨ ᠲᠠᠶᠢᠯᠤᠮᠵᠢ ᠶᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃       ᠬᠤᠷᠢᠨ ᠬᠤᠶᠠᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯ ᠪᠠᠷᠢᠮᠵᠢᠶ᠎ᠠ ᠶᠢ ᠬᠡᠷᠡᠭᠵᠢᠭᠦᠯᠬᠦ ᠪᠡᠶᠡᠴᠢ ᠴᠣᠭᠴᠠ ᠮᠥᠨ᠂ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠢᠳᠡᠪᠬᠢᠲᠡᠢ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠨᠳᠦᠰᠦᠯᠡᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠶᠢ ᠨᠢ ᠦᠨᠡᠯᠡᠨ ᠲᠣᠭᠲᠠᠭᠠᠬᠤ᠂ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠷᠢᠮᠵᠢᠶ᠎ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ ᠪᠣᠯᠣᠨ᠎ᠠ᠃       ᠬᠤᠷᠢᠨ ᠭᠤᠷᠪᠠᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠮᠲᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠷᠢᠮᠵᠢᠶ᠎ᠠ ᠯᠤᠭ᠎ᠠ ᠬᠤᠯᠪᠣᠭᠳᠠᠬᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃       ᠬᠤᠷᠢᠨ ᠳᠥᠷᠪᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠮᠡᠷᠭᠡᠵᠢᠯ ᠤᠨ ᠺᠣᠮᠢᠰ ᠢ ᠵᠣᠬᠢᠶᠠᠨ ᠪᠠᠶᠢᠭᠤᠯᠵᠤ ᠪᠠᠶᠢᠭᠠᠳ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢ ᠴᠠᠭ ᠲᠤ ᠨᠢ ᠲᠣᠬᠢᠷᠠᠭᠤᠯᠤᠨ ᠲᠠᠬᠢᠨ ᠬᠢᠨᠠᠵᠤ᠂ ᠲᠠᠬᠢᠨ ᠬᠢᠨᠠᠬᠤ ᠦᠶᠡᠯᠡᠯ ᠤᠨ ᠬᠤᠭᠤᠴᠠᠭ᠎ᠠ ᠶᠢ ᠡ᠊ᠩ ᠤᠨ ᠪᠠᠶᠢᠳᠠᠯ ᠳᠤ 5 ᠵᠢᠯ ᠠᠴᠠ ᠬᠡᠲᠦᠷᠡᠭᠦᠯᠬᠦ ᠦᠭᠡᠢ᠃ ᠲᠠᠬᠢᠨ ᠬᠢᠨᠠᠬᠤ ᠪᠠᠷ ᠲᠠᠮᠵᠢᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠ ᠲᠧᠭᠨᠢᠭ ᠮᠡᠷᠭᠡᠵᠢᠯ ᠤᠨ ᠲᠠᠪᠰᠢᠯᠳᠠ ᠳᠤ ᠦᠯᠤ ᠵᠣᠬᠢᠴᠠᠬᠤ ᠪᠠᠷᠢᠮᠵᠢᠶ᠎ᠠ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠤᠭᠰᠠᠨ ᠪᠤᠶᠤ ᠲᠡᠭᠦᠨ ᠢ ᠬᠦᠴᠦᠨ ᠦᠭᠡᠢ ᠪᠣᠯᠭᠠᠪᠠ᠃       ᠬᠤᠷᠢᠨ ᠲᠠᠪᠤᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠲᠤᠰ ᠠᠵᠢᠯ ᠲᠦᠷᠦᠯ ᠤᠨ ᠢᠶᠠᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠯᠪᠣᠭᠳᠠᠯ ᠪᠦᠬᠦᠢ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠤᠨ ᠡᠯ᠎ᠡ ᠲᠦᠷᠦᠯ ᠤᠨ ᠪᠠᠷᠢᠮᠵᠢᠶᠠᠵᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃       ᠬᠤᠷᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠣᠶᠣᠯ ᠪᠣᠯᠣᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ᠂ ᠵᠠᠭᠠᠯᠳᠤᠬᠤ ᠡᠷᠬᠡ ᠲᠠᠢ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠦᠨᠳᠦᠰᠦᠯᠡᠨ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃        ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠷᠢᠮᠵᠢᠶᠠᠵᠢᠭᠤᠯᠬᠤ ᠠᠵᠢᠯ ᠤᠨ ᠳᠤᠮᠳᠠ ᠲᠣᠪᠣᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠵᠤ᠂ ᠮᠡᠷᠭᠡᠵᠢᠯ  ᠤᠨ ᠬᠢᠷᠢ ᠬᠡᠮᠵᠢᠶ᠎ᠡ ᠪᠠᠷ ᠥᠨᠳᠥᠷ᠂ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠦᠷ᠎ᠡ ᠠᠰᠢᠭ ᠢᠶᠠᠷ ᠢᠯᠡᠷᠬᠡᠢ ᠪᠠᠷᠢᠮᠵᠢᠶ᠎ᠠ ᠪᠠᠷ ᠪᠠᠷᠢᠮᠵᠢᠶᠠᠵᠢᠭᠤᠯᠤᠭᠰᠠᠨ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠡᠷᠭᠡ ᠲᠠᠯ᠎ᠠ ᠪᠠᠷ ᠬᠢ ᠱᠠᠩᠨᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠪᠠᠷ ᠲᠠᠨᠢᠯᠴᠠᠭᠤᠯᠬᠤ ᠬᠡᠷᠡᠭᠲᠡᠢ᠃           ᠲᠠᠪᠤᠳᠤᠭᠠᠷ ᠪᠦᠯᠦᠭ     ᠳᠠᠭᠠᠯᠳᠤᠭᠤᠯᠤᠭᠰᠠᠨ ᠳᠦᠷᠢᠮ      ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠵᠢᠭᠤᠯᠴᠢᠯᠠᠯ ᠠᠯᠪᠠᠨ ᠲᠠᠷᠬᠠᠭᠠᠭᠰᠠᠨ ﹇2009﹈ 149 ᠳ᠋ᠦ᠋ᠭᠡᠷ ᠲᠣᠭᠠᠲᠤ︶᠂ ︽ᠰᠣᠶᠣᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ︵ᠰᠢᠨᠵᠢᠯᠡᠬᠦ ᠤᠬᠠᠭᠠᠨ ᠮᠡᠷᠭᠡᠵᠢᠯ ᠤᠨ ᠪᠢᠴᠢᠭ ᠮᠠᠲ᠋ᠧᠷᠢᠶᠠᠯ ﹇2011﹈ 38 ᠳ᠋ᠤᠭᠠᠷ ᠲᠣᠭᠠᠲᠤ︶ ᠪᠠ ︽ᠵᠢᠭᠤᠯᠴᠢᠯᠠᠯ ᠤᠨ ᠦᠢᠯᠡᠰ ᠤᠨ ᠤᠯᠤᠰ ᠤᠨ ᠪᠠᠷᠢᠮᠵᠢᠶ᠎ᠠ ᠪᠠ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠵᠢᠭᠤᠯᠴᠢᠯᠠᠯ ᠠᠯᠪᠠᠨ ᠲᠠᠷᠬᠠᠭᠠᠭᠰᠠᠨ ﹇2016﹈ 274  ᠳ᠋ᠦ᠋ᠭᠡᠷ ᠲᠣᠭᠠᠲᠤ︶ ᠶᠢ ᠳᠠᠭᠠᠤ ᠳᠤ ᠨᠢ ᠬᠦᠴᠦᠨ ᠦᠭᠡᠢ ᠪᠣᠯᠭᠠᠨ᠎ᠠ᠃ 
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号