| ᠪᠥᠬᠦ ᠣᠷᠣᠨ ᠤ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠠᠴᠠ | ᠨᠠᠭᠠᠰᠢ᠂ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ︽ᠠᠷᠠᠳ ᠲᠤ ᠲᠥᠬᠦᠮ ᠦᠵᠡᠭᠦᠯᠬᠦ᠂ | ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠠᠷᠢᠭᠤᠨ ᠴᠢᠬᠡᠴᠢ︾ ᠠᠷᠠᠳ ᠲᠤ ᠦᠢᠯᠡᠴᠢᠯᠡᠬᠦ | ᠣᠶᠢᠯᠠᠭᠠᠭᠳᠠᠬᠤᠨ ᠢᠶᠠᠷ᠂ ᠦᠢᠯᠡᠴᠢᠯᠡᠭᠡᠨ ᠤ ᠦᠶ᠋ᠯᠡ ᠠᠵᠢᠯᠯᠠᠭ᠎ᠠ ᠶᠢ ᠵᠢᠷᠤᠮᠵᠢᠭᠤᠯᠬᠤ ᠳᠤ ᠬᠦᠴᠦᠯᠡᠵᠦ᠂ ᠠᠵᠢᠯ ᠤᠨ | ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠴᠣᠩᠬᠤᠪᠴᠢ ᠶᠢᠨ ᠦᠢᠯᠡᠴᠢᠯᠡᠭᠡᠨ ᠤ ᠴᠢᠳᠡᠪᠬᠢ ᠶᠢ ᠳᠡᠭᠡᠭᠰᠢᠯᠡᠭᠦᠯᠵᠦ᠂ ︽ᠬᠠᠯᠠᠭᠤᠮᠰᠤᠭ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠦᠢᠯᠡᠴᠢᠯᠡᠭᠡᠨ ᠤ ᠨᠠᠷᠠᠲᠤ | ᠲᠡᠮᠳᠡᠭᠲᠦ ᠶᠢ ᠪᠥᠬᠦ ᠬᠦᠴᠦ ᠪᠠᠷ ᠢᠶᠠᠨ ᠪᠠᠶᠢᠭᠤᠯᠪᠠ᠃ | ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠠᠵᠢᠯ ᠨᠢ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2021 | ᠣᠨ ᠤ 10 ᠳ᠋ᠤᠭᠠᠷ ᠰᠠᠷ᠎ᠠ ᠠᠴᠠ ᠨᠠᠭᠠᠰᠢ᠂ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ ︽ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠳᠦᠷᠢᠮ︾ | ᠤᠨ ᠭᠠᠷᠲᠠᠨ ᠭᠦᠢᠴᠡᠳᠬᠡᠬᠦ ᠬᠡᠯᠪᠡᠷᠢ ᠶᠢ ᠡᠬᠢᠯᠡᠨ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ 110 ᠦᠢᠯᠡᠴᠢᠯᠡᠭᠡ ᠶᠢ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ︽ᠨᠢᠭᠡ ᠯᠡ ᠤᠳᠠᠭ᠎ᠠ | ᠮᠡᠳᠡᠭᠳᠡᠬᠦ︾ ᠶᠢ ᠪᠡᠶᠡᠯᠡᠭᠦᠯᠪᠡ᠃᠂ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠤᠨ ᠬᠢᠨ ︽ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠳᠦᠷᠢᠮ︾ ᠢᠶᠠᠷ | ᠳᠠᠮᠵᠢᠭᠤᠯᠤᠨ ᠨᠡᠶᠢᠲᠡ 99.6 ᠲᠦᠮᠡᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ 97% ᠳᠤ ᠬᠦᠷᠴᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ | ᠠᠬᠤᠶᠢᠯᠠᠯ ᠳᠤ ᠮᠠᠰᠢ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ | ︽ᠲᠤᠰᠠᠯᠠᠬᠤ ᠪᠠ ᠣᠷᠣᠯᠠᠨ ᠭᠦᠢᠴᠡᠳᠭᠡᠭᠴᠢ︾ ᠨᠢ ᠬᠦᠴᠢᠷᠳᠡᠯ ᠲᠠᠢ ᠤᠯᠠᠨ ᠲᠦᠮᠡᠨ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠪᠠᠶᠢᠨ᠎ᠠ᠃ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠩᠬᠢᠮ ᠳᠤ ︽ᠲᠤᠰᠠᠯᠠᠬᠤ ᠪᠠ ᠣᠷᠣᠯᠠᠨ ᠭᠦᠢᠴᠡᠳᠬᠡᠬᠦ︾ ᠲᠤᠰᠬᠠᠢ ᠴᠣᠩᠬᠤᠪᠴᠢ ᠭᠠᠷᠭᠠᠵᠤ᠂ ᠠᠵᠢᠯᠲᠠᠳ ᠨᠢ ︽ | ᠲᠤᠰᠠᠯᠠᠬᠤ ᠪᠠ ᠣᠷᠣᠯᠠᠨ ᠭᠦᠢᠴᠡᠳᠭᠡᠭᠴᠢ︾ ᠶᠢᠨ ᠲᠡᠮᠳᠡᠭ ᠵᠡᠭᠦᠵᠦ᠂ ᠬᠡᠷᠡᠭᠴᠡᠭᠡ ᠱᠠᠭᠠᠷᠳᠠᠯᠭ᠎ᠠ ᠲᠠᠢ ᠣᠯᠠᠨ | ᠲᠦᠮᠡᠨ ᠳᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠬᠠᠷᠢᠯᠴᠠᠭ᠎ᠠ ᠵᠣᠬᠢᠴᠠᠭᠤᠯᠬᠤ᠂ ᠪᠥᠬᠦ ᠶᠠᠪᠤᠴᠠ ᠶᠢ | ᠮᠥᠰᠬᠢᠬᠦ ᠵᠡᠷᠭᠡ ᠦᠢᠯᠡᠴᠢᠯᠡᠭᠡ ᠬᠠᠩᠭᠠᠵᠦ ᠪᠠᠶᠢᠨ᠎ᠠ᠃ ᠠᠵᠢᠯᠲᠠᠳ ᠠᠵᠤ ᠠᠬᠤᠶᠢᠯᠠᠯ ᠤᠨ ᠵᠥᠪᠰᠢᠶᠡᠷᠡᠯ ᠢᠶᠠᠷ᠂ | ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠪᠥᠬᠦ ᠶᠠᠪᠤᠴᠠ ᠶᠢ ᠮᠥᠰᠬᠢᠬᠦ | ᠦᠢᠯᠡᠴᠢᠯᠡᠭᠡ ᠦᠵᠡᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ | ᠬᠤᠳᠠᠯᠳᠤᠭᠠᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠠᠢ᠃ | ︽ᠴᠠᠭ ᠢ ᠤᠷᠲᠤᠳᠬᠠᠨ ᠭᠦᠢᠴᠡᠳᠬᠡᠬᠦ︾ ᠨᠢ ᠣᠯᠠᠨ ᠲᠦᠮᠡᠨ ᠳᠤ ᠰᠡᠳᠬᠢᠯ ᠳᠤ ᠣᠶᠢᠷ᠎ᠠ ᠪᠠᠷ ᠦᠢᠯᠡᠴᠢᠯᠡᠵᠦ | ᠪᠠᠶᠢᠨ᠎ᠠ᠃ ᠵᠠᠷᠢᠮ ᠬᠥᠮᠥᠰ ᠤᠨ ︽ᠠᠵᠢᠯᠯᠠᠬᠤ ᠴᠠᠭ ᠢᠶᠠᠷ ᠭᠦᠢᠴᠡᠳᠬᠡᠬᠦ ᠵᠠᠪ ᠦᠭᠡᠢ᠂ ᠠᠮᠠᠷᠠᠬᠤ ᠴᠠᠭ ᠢᠶᠠᠷ | ᠭᠦᠢᠴᠡᠳᠬᠡᠬᠦ ᠭᠠᠵᠠᠷ ᠦᠭᠡᠢ︾ ᠪᠠᠶᠢᠭ᠎ᠠ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠠᠭᠠᠨᠬᠠᠳᠠ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠩᠬᠢᠮ ᠨᠢ ᠭᠠᠷᠠᠭ ᠤᠨ ᠰᠡᠭᠦᠯᠴᠢ ᠶᠢᠨ ︽ᠴᠠᠭ ᠢ ᠤᠷᠲᠤᠳᠬᠠᠬᠤ ᠦᠢᠯᠡᠴᠢᠯᠡᠭᠡ︾ | ᠶᠢ ᠢᠳᠡᠪᠬᠢᠲᠡᠢ ᠬᠡᠷᠡᠭᠵᠢᠭᠦᠯᠵᠦ᠂ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨ᠎ᠡ | ᠦᠢᠯᠡᠴᠢᠯᠡᠭᠡ ᠪᠠᠨ ᠨᠡᠭᠡᠭᠡᠯᠲᠡ ᠲᠠᠢ ᠪᠠᠶᠢᠯᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠣᠯᠠᠨ ᠨᠡᠶᠢᠲᠡ ᠶᠢᠨ 110 ᠦᠢᠯᠡᠴᠢᠯᠡᠭᠡ ᠶᠢ ᠴᠥᠮ ᠬᠡᠪ ᠢᠶᠠᠷ ᠭᠥᠯᠢᠶᠡᠨ ᠠᠪᠴᠤ ᠪᠣᠯᠬᠤ | ᠪᠥᠭᠡᠳ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠦᠨᠳᠦᠰᠦᠯᠡᠨ ᠦᠢᠯᠡᠴᠢᠯᠡᠭᠡᠨ ᠤ ᠴᠣᠩᠬᠤᠪᠴᠢ ᠶᠢ ᠴᠠᠭ | ᠲᠤᠬᠠᠢ ᠳᠤ ᠨᠢ ᠨᠡᠮᠡᠵᠦ᠂ ᠣᠯᠠᠨ ᠲᠦᠮᠡᠨ ᠳᠤ ᠨᠠᠩ ᠬᠠᠯᠠᠭᠤᠬᠠᠨ᠂ ᠳᠥᠭᠦᠮᠬᠡᠨ ᠮᠥᠷᠲᠡᠭᠡᠨ ᠬᠦᠮᠦᠡᠯᠢᠭ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠦᠷᠭᠡᠵᠦ ᠪᠠᠶᠢᠨ᠎ᠠ᠃ | ︽ᠨᠢᠭᠡ ᠶᠠᠪᠤᠳᠠᠯ ᠢ ᠨᠢᠭᠡ ᠯᠡ ᠤᠳᠠᠭ᠎ᠠ ᠭᠦᠢᠴᠡᠳᠬᠡᠬᠦ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠤᠯᠠᠮ ︽ᠬᠢᠯᠪᠠᠷᠬᠠᠨ︾ ᠪᠣᠯᠭᠠᠵᠠᠢ᠃ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠠᠵᠤ | ᠠᠬᠤᠶᠢᠯᠠᠯ ᠪᠠ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠣᠯᠠᠨ ᠬᠤᠯᠪᠣᠭᠳᠠᠬᠤ | ᠵᠦᠢᠯᠡᠰ ᠢ ᠨᠡᠶᠢᠯᠡᠭᠦᠯᠦᠭᠡᠳ | ︽ᠨᠢᠭᠡ ᠶᠠᠪᠤᠳᠠᠯ︾ ᠪᠣᠯᠭᠠᠵᠤ᠂ ᠲᠥᠪᠯᠡᠷᠡᠭᠦᠯᠦᠨ ᠭᠦᠢᠴᠡᠳᠬᠡᠬᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ | ᠶᠢ ᠪᠡᠶᠡᠯᠡᠭᠦᠯᠵᠦ᠂ ᠬᠡᠷᠡᠭ ᠭᠦᠢᠴᠡᠳᠬᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠬᠤᠭᠤᠴᠠᠭ᠎ᠠ | ᠪᠠ ᠭᠦᠢᠴᠡᠳᠬᠡᠬᠦ ᠤᠳᠠᠭ᠎ᠠ ᠶᠢ ᠶᠡᠭᠡ ᠪᠠᠷ ᠪᠠᠭᠠᠰᠬᠠᠪᠠ᠃ ᠣᠳᠣᠬᠠᠨ ᠳᠤ᠂ ᠬᠤᠲᠠ ᠶᠢᠨ ᠡᠮᠴᠢᠯᠡᠭᠡᠨ ᠤ | ᠳᠠᠭᠠᠳᠬᠠᠯ ᠤᠨ ᠲᠥᠪ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠠᠢ ᠬᠠᠮᠲᠤᠷᠠᠨ ︽ᠨᠠᠰᠤᠨ ᠤ | ᠠᠮᠠᠷᠠᠯᠲᠠ ᠠᠪᠬᠤ ᠳᠤ ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠵᠦ᠂ ᠣᠯᠠᠨ | ᠲᠦᠮᠡᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠴᠣᠩᠬᠤᠪᠴᠢ ᠳᠤ ᠨᠠᠰᠤᠨ ᠤ | ᠠᠮᠠᠷᠠᠯᠲᠠ ᠠᠪᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ ᠡᠮᠴᠢᠯᠡᠭᠡᠨ ᠤ ᠳᠠᠭᠠᠳᠬᠠᠯ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠯᠪᠣᠭᠳᠠᠬᠤ ᠵᠦᠢᠯᠡᠰ ᠢ ᠰᠣᠩᠭᠤᠨ | ᠭᠦᠢᠴᠡᠳᠬᠡᠵᠦ ᠪᠣᠯᠣᠨ᠎ᠠ᠃ ︽ᠠᠵᠤ ᠠᠬᠤᠶᠢᠯᠠᠯ ᠤᠨ ᠠᠵᠢᠯᠲᠠᠨ ᠡᠯᠰᠡᠬᠦ ᠨᠢᠭᠡ ᠶᠠᠪᠤᠳᠠᠯ︾ ︽ᠤᠶᠠᠨ ᠬᠠᠳᠠᠨ | ᠠᠵᠢᠯ ᠣᠯᠬᠤ ᠨᠢᠭᠡ ᠶᠠᠪᠤᠳᠠᠯ︾ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠢᠭᠡ ᠶᠠᠪᠤᠳᠠᠯ︾ ᠵᠡᠷᠭᠡ ᠶᠢ | ᠵᠢᠯ ᠤᠨ ᠡᠴᠦᠰ ᠲᠤ ᠵᠠᠯᠭᠠᠭ᠎ᠠ ᠪᠠᠷ ᠬᠡᠷᠡᠭᠵᠢᠭᠦᠯᠬᠦ ᠪᠣᠯᠣᠨ᠎ᠠ᠃ | ︽ᠣᠶᠢᠷ᠎ᠠ ᠬᠠᠪᠢ ᠳᠤ ᠪᠠᠨ ᠭᠦᠢᠴᠡᠳᠬᠡᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠣᠭᠤᠷᠢᠭ ᠢ ᠪᠠᠶᠢᠭᠤᠯᠪᠠ᠃ ᠤᠯᠠᠭᠠᠨᠬᠠᠳᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠢᠴᠢ | ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ︽ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ | ᠳᠦᠷᠢᠮ︾ ᠢ ᠳᠡᠯᠭᠡᠷᠡᠭᠦᠯᠦᠨ ᠬᠡᠷᠡᠭᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠦᠢᠯᠡᠴᠢᠯᠡᠭᠡ ᠶᠢ ᠦᠨᠳᠦᠰᠦᠨ ᠱᠠᠲᠤ᠂ ᠣᠯᠠᠨ ᠲᠦᠮᠡᠨ ᠤ ᠳᠡᠷᠭᠡᠳᠡ ᠬᠦᠷᠲᠡᠯ᠎ᠡ ᠥᠷᠭᠡᠵᠢᠭᠦᠯᠵᠦ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠦᠨᠳᠦᠰᠦᠨ ᠱᠠᠲᠤᠨ ᠳᠤ | ︽ᠨᠢᠭᠡ ᠴᠣᠩᠬᠤᠪᠴᠢ ᠪᠠᠷ ᠭᠥᠯᠢᠶᠡᠨ ᠠᠪᠬᠤ︾ ︽ᠨᠢᠭᠡ ᠥᠷᠲᠡᠭᠡ ᠳᠤ ᠭᠦᠢᠴᠡᠳᠬᠡᠬᠦ︾ ᠶᠢ ᠪᠡᠶᠡᠯᠡᠭᠦᠯᠪᠡ᠃ | ᠣᠳᠣᠬᠠᠨ ᠳᠤ᠂ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠤᠨ | ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠨᠡᠭᠡᠭᠡᠭᠳᠡᠵᠦ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠣᠯᠠᠨ | ᠲᠦᠮᠡᠨ ᠣᠶᠢᠷ᠎ᠠ ᠬᠠᠪᠢ ᠳᠤ ᠪᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ | |