ᠦᠬᠠᠢ ᠬᠤᠲᠠ ᠬᠤᠰᠢᠭᠤ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ ᠢ 12 ᠨᠡᠮᠡᠭᠳᠡᠭᠦᠯᠪᠡ
ᠨᠡᠶᠢᠲᠡᠯᠡᠭᠰᠡᠨ ᠴᠠᠭ᠄
2023/9/15
   ᠣᠶᠢᠷ᠎ᠠ ᠳᠤ᠂ ᠦᠬᠠᠢ ᠬᠤᠲᠠ ᠶᠢᠨ ᠭᠤᠷᠪᠠᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠡᠮᠬᠢᠯᠡᠨ ᠳᠢᠭᠯᠡᠵᠦ᠂ ᠭᠤᠶᠤᠴᠢᠯᠠᠨ ᠮᠡᠳᠡᠭᠦᠯᠵᠦ᠂ ᠬᠢᠨᠠᠨ ᠰᠢᠯᠭᠠᠷᠠᠭᠤᠯᠬᠤ ᠪᠠᠷ ᠳᠠᠮᠵᠢᠭᠤᠯᠤᠨ᠂ ᠳᠦᠷᠰᠦᠲᠦ ᠨᠢᠳᠤᠷᠭ᠎ᠠ᠂ ᠰᠢᠪᠠᠷ ᠱᠤᠭᠤᠮᠠᠯ ︵ᠬᠠᠲᠤᠨ ᠭᠤᠣᠯ ᠤᠨ ᠰᠢᠪᠠᠷ ᠬᠡᠦᠬᠡᠯᠳᠡᠢ︶᠂ ᠠᠯᠲᠠ ᠮᠥᠩᠭᠦᠨ ᠡᠳ᠋ᠯᠡᠯ ᠦᠢᠯᠡᠳᠬᠦ ᠵᠡᠷᠭᠡ ᠬᠤᠰᠢᠭᠤ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ ᠢ 12 ᠨᠡᠶᠢᠲᠡᠯᠡᠪᠡ᠃    ᠡᠨᠡ ᠵᠢᠯ ᠡᠬᠢᠯᠡᠭᠰᠡᠨ ᠠᠴᠠ ᠨᠠᠭᠠᠰᠢ᠂ ᠦᠬᠠᠢ ᠬᠤᠲᠠ ᠬᠠᠲᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠨᠡᠶᠢᠳᠡᠮ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ᠂ ᠲᠤᠭ᠎ᠠ᠂ ᠲᠠᠷᠬᠠᠯᠲᠠ᠂ ᠤᠯᠠᠮᠵᠢᠯᠠᠨ ᠵᠠᠯᠭᠠᠮᠵᠢᠯᠠᠭᠰᠠᠨ ᠪᠠᠶᠢᠳᠠᠯ᠂ ᠨᠡᠶᠢᠭᠡᠮ ᠤᠨ ᠴᠢᠳᠠᠮᠵᠢ ᠪᠠ ᠣᠷᠣᠰᠢᠨ ᠦᠷᠭᠦᠯᠵᠢᠯᠡᠬᠦ ᠪᠠᠶᠢᠳᠠᠯ ᠳᠤ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠥᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠬᠢᠵᠡᠢ᠃ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠪᠣᠳᠠᠰ ᠤᠨ ᠪᠤᠰᠤ ᠰᠣᠶᠣᠯ ᠤᠨ ᠥᠪ ᠤᠨ 10 ᠶᠡᠭᠡ ᠲᠦᠷᠦᠯ ᠢ ᠬᠠᠮᠤᠷᠴᠤ᠂ 38 ᠰᠦᠪᠡᠭᠴᠢ ᠶᠢ ᠬᠠᠶᠢᠵᠤ᠂ ᠪᠠᠶᠢᠴᠠᠭᠠᠨ ᠣᠶᠢᠯᠠᠭᠠᠬᠤ᠂ ᠲᠥᠰᠥᠯ ᠢ ᠡᠮᠬᠢᠯᠡᠬᠦ᠂ ᠲᠤᠬᠠᠢ ᠶᠢᠨ ᠭᠠᠵᠠᠷ ᠲᠤ ᠨᠢ ᠰᠤᠷᠪᠤᠯᠵᠢᠯᠠᠬᠤ᠂ ᠵᠣᠯᠭᠠᠭᠤᠯᠤᠨ ᠬᠠᠷᠭᠤᠭᠤᠯᠬᠤ᠂ ᠬᠦᠰᠦᠨᠦᠭᠲᠦ ᠲᠠᠭᠯᠠᠬᠤ ᠵᠡᠷᠭᠡ ᠠᠷᠭ᠎ᠠ ᠪᠠᠷ ᠶᠡᠭᠡ ᠬᠡᠮᠵᠢᠶᠡᠨ ᠤ ᠳᠠᠭᠤ ᠳᠦᠷᠰᠦ ᠶᠢᠨ ᠰᠢᠩᠭᠡᠭᠡᠯᠲᠡ ᠠᠪᠴᠤ᠂ 10 ᠲᠦᠮᠡ ᠭᠠᠷᠤᠢ ᠦᠰᠦᠭ ᠤᠨ ᠮᠠᠲ᠋ᠧᠷᠢᠶᠠᠯ ᠤᠳ ᠢ ᠡᠮᠬᠢᠳᠬᠡᠪᠡ᠃    ᠣᠶᠢᠷ᠎ᠠ ᠶᠢᠨ ᠵᠢᠯ ᠤᠳ ᠲᠤ ᠦᠬᠠᠢ ᠬᠤᠳᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠨᠡᠯᠢᠶᠡᠳ ᠰᠠᠶᠢᠨ ᠥᠷᠨᠢᠭᠦᠯᠦᠭᠡᠳ ᠲᠣᠪᠤᠶᠢᠮ᠎ᠠ ᠠᠮᠵᠢᠯᠲᠠ ᠣᠯᠪᠠ᠃ ᠣᠲᠣ ᠪᠣᠯᠲᠠᠯ᠎ᠠ ᠦᠬᠠᠢ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ 7᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 9 ᠪᠣᠶ︔ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ 15᠂ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ 16 ᠪᠤᠢ︔ ᠬᠤᠰᠢᠭᠤ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ 30 ᠪᠣᠶ᠃    ᠳᠠᠷᠠᠭ᠎ᠠ ᠪᠠᠷ᠂ ᠦᠬᠠᠢ ᠬᠤᠳᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠬᠠᠮᠢᠶᠠᠷᠬᠤ᠂ ᠠᠰᠢᠭᠯᠠᠬᠤ ᠠᠵᠢᠯ ᠢ ᠬᠢᠨᠠᠮᠠᠭᠠᠢ ᠬᠢᠵᠦ᠂ ᠪᠦᠲᠦᠮᠵᠢᠲᠡᠢ ᠬᠠᠮᠠᠭᠠᠯᠠᠭᠰᠠᠨ ᠤᠷᠢᠲᠠᠯ ᠳᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢᠶᠠᠷ ᠬᠥᠮᠥᠰ ᠤᠨ ᠰᠣᠨᠢᠷᠬᠠᠯ ᠢ ᠤᠯᠠᠮ ᠲᠠᠲᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号