ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠲᠤᠰ ᠶᠠᠮᠤᠨ ᠤ | ᠡᠯ᠎ᠡ ᠵᠤᠷᠭᠠᠨ ᠲᠣᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ᠂ ᠰᠣᠶᠣᠯ ᠪᠠ ᠵᠢᠭᠤᠯᠴᠢᠯᠠᠯ ᠤᠨ ᠶᠠᠮᠤᠨ ᠤ | ᠬᠠᠮᠢᠶᠠᠷᠴᠤ ᠪᠠᠶᠢᠭ᠎ᠠ ᠪᠦᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ | ᠺᠣᠮᠢᠰ ᠲᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ᠤᠯᠤᠰ ᠤᠨ | ᠪᠠᠷᠢᠮᠵᠢᠶᠠᠵᠢᠭᠤᠯᠤᠯᠲᠠ ᠶᠢᠨ ᠬᠥᠭᠵᠢᠯᠲᠡ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠪᠠᠷᠢᠮᠵᠢᠶᠠᠵᠢᠭᠤᠯᠤᠯᠲᠠ ᠶᠢᠨ ᠬᠥᠲᠥᠯᠥᠨ | ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠮᠠᠨ ᠤ ᠶᠠᠮᠤᠨ ︽ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠪᠠ᠃ ᠡᠳᠦᠭᠡ ᠳᠠᠷᠤᠮᠠᠯᠯᠠᠨ ᠲᠠᠷᠬᠠᠭᠠᠪᠠ᠂ ᠵᠢᠷᠤᠮᠯᠠᠨ ᠬᠡᠷᠡᠭᠵᠢᠭᠦᠯᠲᠦᠭᠡᠢ᠃ | ᠣᠨᠴᠠᠭᠠᠶᠢᠯᠠᠨ ᠮᠡᠳᠡᠭᠳᠡᠪᠡ᠃ | ᠰᠣᠶᠣᠯ ᠪᠠ ᠵᠢᠭᠤᠯᠴᠢᠯᠠᠯ ᠤᠨ ᠶᠠᠮᠤᠨ | 2023 ᠣᠨ ᠤ 2 ᠳ᠋ᠤᠭᠠᠷ ᠰᠠᠷ᠎ᠠ ᠶᠢᠨ 21 ᠤ ᠡᠳᠦᠷ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠷᠤᠮᠵᠢᠭᠤᠯᠵᠤ᠂ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠪᠠ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠪᠠ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠰᠣᠶᠣᠯ | ᠪᠠ ᠵᠢᠭᠤᠯᠴᠢᠯᠠᠯ ᠤᠨ ᠠᠵᠢᠯ ᠲᠥᠷᠥᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠪᠠᠷᠢᠮᠵᠢᠶ᠎ᠠ ᠭᠡᠳᠡᠭ ᠨᠢ ᠰᠣᠶᠣᠯ ᠪᠠ | ᠵᠢᠭᠤᠯᠴᠢᠯᠠᠯ ᠤᠨ ᠬᠦᠷᠢᠶᠡᠨ ᠳᠤ ᠨᠢᠭᠡᠳᠦᠯᠲᠡᠢ ᠪᠠᠶᠢᠯᠭᠠᠬᠤ ᠴᠢᠬᠤᠯᠠ ᠲᠠᠢ ᠮᠡᠷᠭᠡᠵᠢᠯ ᠤᠨ ᠱᠠᠭᠠᠷᠳᠠᠯᠭ᠎ᠠ ᠶᠢ ᠵᠢᠭᠠᠵᠤ | ᠪᠤᠢ᠂ ᠡᠭᠦᠨ ᠳᠤ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ | ᠪᠦᠯᠬᠦᠮ ᠤᠨ ᠪᠠᠷᠢᠮᠵᠢᠶ᠎ᠠ ᠪᠣᠯᠣᠨ ᠠᠵᠤ ᠠᠬᠤᠶᠢᠯᠠᠯ ᠤᠨ ᠪᠠᠷᠢᠮᠵᠢᠶ᠎ᠠ ᠪᠠᠭᠲᠠᠨ᠎ᠠ᠂ ᠤᠯᠤᠰ ᠤᠨ ᠪᠠᠷᠢᠮᠵᠢᠶ᠎ᠠ ᠶᠢ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠭᠡᠵᠦ ᠬᠤᠪᠢᠶᠠᠨ᠎ᠠ᠃ | ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠳᠤ | ᠲᠤᠰ ᠠᠷᠭ᠎ᠠ ᠶᠢ ᠬᠡᠷᠡᠭᠯᠡᠨ᠎ᠡ᠃ | ᠭᠤᠷᠪᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠳᠣᠣᠷ᠎ᠠ | ᠵᠢᠭᠰᠠᠭᠠᠭᠰᠠᠨ ᠵᠠᠷᠴᠢᠮ ᠢ ᠵᠢᠷᠤᠮᠯᠠᠬᠤ ᠬᠡᠷᠡᠭᠲᠡᠢ᠄ | ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠢ︔ | ︵ᠬᠤᠶᠠᠷ︶ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠵᠥᠪ | ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︔ | ︵ᠭᠤᠷᠪᠠ︶ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠵᠢᠮ᠎ᠡ ᠶᠣᠰᠣ ᠪᠠ ᠠᠵᠢᠯ ᠲᠥᠷᠥᠯ ᠤᠨ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ | ᠪᠠ ᠠᠮᠢ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠠᠵᠢᠯ ᠲᠥᠷᠥᠯ ᠤᠨ ᠠᠶᠤᠯ | ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ | ︵ᠳᠥᠷᠪᠡ︶ ᠪᠠᠷᠢᠮᠵᠢᠶ᠎ᠠ ᠶᠢ ᠲᠣᠭᠲᠠᠭᠠᠭᠰᠠᠨ ᠶᠠᠪᠤᠴᠠ ᠨᠢ ᠢᠯᠡ ᠲᠣᠳᠣ᠂ ᠠᠰᠢᠭ ᠲᠤᠰᠠ ᠶᠢᠨ | ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ︔ | ︵ᠲᠠᠪᠤ︶ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯᠳᠤ ᠴᠢᠨᠠᠷ᠂ ᠵᠣᠬᠢᠴᠠᠯᠳᠤ ᠴᠢᠨᠠᠷ ᠪᠠ ᠴᠠᠭ | ᠬᠤᠭᠤᠴᠠᠭᠠᠲᠤ ᠴᠢᠨᠠᠷ ᠢ ᠭᠦᠢᠴᠡᠳ ᠢᠯᠡᠷᠡᠭᠦᠯᠬᠦ ᠬᠡᠷᠡᠭᠲᠡᠢ᠃ | ᠳᠥᠷᠪᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠲᠤᠰ ᠰᠠᠯᠠᠭ᠎ᠠ ᠮᠥᠴᠢᠷ᠂ ᠲᠤᠰ ᠠᠵᠢᠯ | ᠲᠦᠷᠦᠯ ᠤᠨ ᠢᠶᠠᠨ ᠪᠠᠷᠢᠮᠵᠢᠶᠠᠵᠢᠭᠤᠯᠤᠯᠲᠠ ᠶᠢᠨ ᠠᠵᠢᠯ ᠢ ᠬᠠᠮᠢᠶᠠᠷᠤᠨ᠎ᠠ᠃ ᠣᠷᠣᠨ ᠨᠤᠲᠤᠭ ᠤᠨ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ | ᠥᠷᠨᠢᠭᠦᠯᠦᠨ᠎ᠡ᠃ | ᠲᠠᠪᠤᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠪᠠᠷᠢᠮᠵᠢᠶ᠎ᠠ ᠶᠢᠨ ᠬᠠᠮᠢᠶ᠎ᠠ ᠪᠦᠬᠦᠢ ᠰᠤᠳᠤᠯᠭᠠᠨ ᠢ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠪᠠᠷᠢᠮᠵᠢᠶ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠣᠶᠣᠯ ᠪᠠ | ᠵᠢᠭᠤᠯᠴᠢᠯᠠᠯ ᠤᠨ ᠪᠠᠷᠢᠮᠵᠢᠶ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠷᠢᠯᠴᠠᠨ | ᠬᠥᠳᠡᠯᠦᠯᠴᠡᠨ ᠬᠥᠭᠵᠢᠬᠦ ᠶᠢ ᠠᠬᠢᠭᠤᠯᠤᠨ᠎ᠠ᠃ | ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠥᠪᠳᠡᠯᠴᠡᠨ | ᠰᠠᠨᠠᠯ ᠨᠢᠭᠡᠳᠦᠭᠰᠡᠨ᠂ ᠬᠠᠮᠵᠢᠯᠴᠠᠨ ᠠᠬᠢᠭᠤᠯᠤᠭᠰᠠᠨ ᠰᠠᠭᠤᠷᠢᠨ ᠳᠡᠭᠡᠷ᠎ᠡ ᠣᠷᠣᠨ ᠪᠦᠰᠡ ᠶᠢᠨ ᠴᠢᠨᠠᠷᠲᠠᠢ | ᠪᠠᠷᠢᠮᠵᠢᠶ᠎ᠠ ᠶᠢᠨ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠪᠠᠨ ᠪᠠᠷᠢᠮᠵᠢᠶ᠎ᠠ ᠶᠢ ᠢᠳᠡᠪᠬᠢᠲᠡᠢ ᠬᠡᠷᠡᠭᠯᠡᠵᠦ ᠪᠣᠯᠣᠨ᠎ᠠ᠃ | | ᠵᠢᠷᠭᠤᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠪᠠᠷᠢᠮᠵᠢᠶᠠᠵᠢᠭᠤᠯᠤᠯᠲᠠ ᠶᠢᠨ ᠠᠵᠢᠯ ᠢ ᠬᠥᠭᠵᠢᠭᠦᠯᠦᠯᠲᠡ ᠶᠢᠨ ᠲᠥᠯᠦᠪᠵᠢᠭᠦᠯᠭᠡ ᠪᠠ ᠠᠵᠢᠯ ᠤᠨ | ᠲᠥᠯᠥᠪᠯᠡᠭᠡ ᠲᠤ ᠪᠠᠨ ᠣᠷᠣᠭᠤᠯᠵᠤ᠂ ᠪᠠᠷᠢᠮᠵᠢᠶᠠᠵᠢᠭᠤᠯᠤᠯᠲᠠ ᠶᠢᠨ ᠠᠵᠢᠯ ᠤᠨ ᠵᠠᠷᠤᠳᠠᠯ ᠢ ᠰᠠᠯᠠᠭ᠎ᠠ ᠮᠥᠴᠢᠷ ᠤᠨ | ᠲᠥᠰᠥᠪ ᠲᠤ ᠪᠠᠨ ᠣᠷᠣᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ | ᠠᠵᠢᠯ ᠳᠤ ᠨᠡᠶᠢᠭᠡᠮ ᠤᠨ ᠪᠡᠯᠡ ᠮᠦᠩᠭᠦ ᠶᠢᠨ ᠣᠷᠣᠭᠤᠯᠤᠯᠲᠠ ᠬᠢᠬᠦ ᠶᠢ ᠵᠣᠷᠢᠭᠵᠢᠭᠤᠯᠤᠨ᠎ᠠ᠃ | ᠳᠣᠯᠣᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠪᠠ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠶᠢᠨ ᠰᠣᠶᠣᠯ ᠪᠠ | ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠥᠷᠨᠢᠭᠦᠯᠬᠦ ᠪᠤᠶᠤ ᠲᠡᠭᠦᠨ ᠳᠤ ᠣᠷᠣᠯᠴᠠᠬᠤ ᠶᠢ | ᠵᠣᠷᠢᠭᠵᠢᠭᠤᠯᠤᠨ᠎ᠠ᠃ | ᠨᠠᠢᠮᠠᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠪᠠᠷᠢᠮᠵᠢᠶᠠᠲᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶᠠᠲᠤ | ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠪᠠᠷᠢᠮᠵᠢᠶᠠᠲᠤ ᠲᠤᠰᠬᠠᠢ ᠮᠡᠷᠭᠡᠵᠢᠯᠲᠡᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ | ᠪᠠᠷᠢᠮᠵᠢᠶᠠᠵᠢᠭᠤᠯᠬᠤ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ | ᠶᠢᠰᠦᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠪᠣᠳᠠᠲᠤ | ᠬᠡᠷᠡᠭᠴᠡᠭᠡ ᠪᠠᠨ ᠦᠨᠳᠦᠰᠦᠯᠡᠨ ᠤᠯᠠᠨ ᠤᠯᠤᠰ ᠤᠨ ᠪᠠᠷᠢᠮᠵᠢᠶ᠎ᠠ ᠶᠢ ᠰᠤᠳᠤᠯᠤᠨ ᠬᠡᠷᠡᠭᠯᠡᠵᠦ᠂ ᠳᠤᠮᠳᠠᠳᠤ ᠤᠯᠤᠰ ᠤᠨ | ᠪᠠᠷᠢᠮᠵᠢᠶᠠᠲᠤ ᠭᠠᠳᠠᠭᠠᠳᠤ ᠬᠡᠯᠡᠨ ᠤ ᠬᠡᠪᠯᠡᠯ ᠤᠨ ᠣᠷᠴᠢᠭᠤᠯᠭ᠎ᠠ ᠶᠢᠨ ᠠᠵᠢᠯ ᠢ ᠲᠦᠯᠬᠢᠨ ᠠᠬᠢᠭᠤᠯᠵᠤ᠂ ᠤᠯᠠᠨ | ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠪᠠᠷᠢᠮᠵᠢᠶᠠᠵᠢᠭᠤᠯᠤᠯᠲᠠ ᠶᠢᠨ ᠭᠠᠳᠠᠭᠠᠳᠤ ᠲᠠᠢ | ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠥᠷᠨᠢᠭᠦᠯᠵᠦ᠂ ᠳᠤᠮᠳᠠᠳᠤ ᠤᠯᠤᠰ ᠤᠨ ᠰᠣᠶᠣᠯ ᠪᠠ | ᠵᠢᠭᠤᠯᠴᠢᠯᠠᠯ ᠤᠨ ᠪᠠᠷᠢᠮᠵᠢᠶ᠎ᠠ ᠶᠢᠨ ᠳᠡᠯᠡᠬᠡᠶᠢᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ | ᠠᠷᠪᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ | ᠬᠥᠮᠦᠵᠢᠯ ᠤᠨ ᠵᠤᠷᠭᠠᠨ ︵ᠳᠣᠷᠣᠭᠰᠢ ︽ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ︾ | ᠭᠡᠵᠦ ᠲᠣᠪᠴᠢᠯᠠᠨ᠎ᠠ︶ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠰᠢᠰᠲ᠋ᠧᠮᠵᠢᠭᠦᠯᠦᠨ | ᠬᠠᠮᠢᠶᠠᠷᠴᠤ᠂ ᠭᠤᠣᠯᠳᠠᠭᠤ ᠳᠣᠣᠷ᠎ᠠ ᠵᠢᠭᠰᠠᠭᠠᠭᠰᠠᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄ | ︵ᠨᠢᠭᠡ︶ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠤᠯᠪᠣᠭᠳᠠᠯ ᠪᠦᠬᠦᠢ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠰᠣᠶᠣᠯ ᠪᠠ | ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠵᠤ᠂ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ︔ | ︵ᠬᠤᠶᠠᠷ︶ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶᠠᠷᠴᠤ ᠪᠠᠶᠢᠭ᠎ᠠ ᠪᠦᠬᠦ ᠤᠯᠤᠰ ᠤᠨ ᠲᠤᠰᠬᠠᠢ | ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ︵ᠳᠣᠷᠣᠭᠰᠢ ︽ᠮᠡᠷᠭᠡᠵᠢᠯ ᠤᠨ ᠺᠣᠮᠢᠰ︾ ᠭᠡᠵᠦ | ᠲᠣᠪᠴᠢᠯᠠᠨ᠎ᠠ︶ ᠤᠨ ᠲᠤᠬᠠᠶᠢᠯᠠᠭᠰᠠᠨ ᠠᠵᠢᠯ ᠢ ᠵᠢᠯᠤᠭᠤᠳᠴᠤ᠂ ᠵᠣᠬᠢᠴᠠᠭᠤᠯᠵᠤ᠂ ᠬᠠᠮᠢᠶᠠᠷᠤᠨ᠎ᠠ︔ | ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠮᠡᠷᠭᠡᠵᠢᠯ ᠤᠨ ᠵᠥᠪᠯᠡᠯ ᠢ ᠵᠢᠯᠤᠭᠤᠳᠴᠤ | ᠪᠠᠶᠢᠭᠠᠳ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠥᠷᠥᠯ ᠵᠦᠢᠯ ᠲᠣᠭᠲᠠᠭᠠᠬᠤ ᠪᠠᠷ | ᠭᠤᠶᠤᠴᠢᠯᠠᠬᠤ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠥᠷᠨᠢᠭᠦᠯᠵᠦ᠂ ᠠᠯᠪᠠᠳᠠᠯᠭ᠎ᠠ ᠶᠢᠨ ᠴᠢᠨᠠᠷᠲᠠᠢ | ᠤᠯᠤᠰ ᠤᠨ ᠪᠠᠷᠢᠮᠵᠢᠶ᠎ᠠ ᠶᠢᠨ ᠲᠥᠷᠥᠯ ᠵᠦᠢᠯ ᠢ ᠳᠤᠷᠠᠳᠬᠤ᠂ ᠲᠤᠭᠤᠷᠪᠢᠬᠤ᠂ ᠰᠠᠨᠠᠯ ᠬᠤᠷᠢᠶᠠᠬᠤ᠂ ᠮᠡᠷᠭᠡᠵᠢᠯ ᠤᠨ | ᠬᠢᠨᠠᠨ ᠪᠠᠶᠢᠴᠠᠭᠠᠯᠲᠠ ᠬᠢᠬᠦ ᠪᠠ ᠤᠯᠤᠰ ᠤᠨ ᠪᠠᠷᠢᠮᠵᠢᠶ᠎ᠠ ᠶᠢ ᠳᠠᠬᠢᠨ ᠬᠢᠨᠠᠬᠤ ᠶᠢ ᠵᠣᠬᠢᠶᠠᠨ ᠪᠠᠶᠢᠭᠤᠯᠤᠨ᠎ᠠ︔ | ︵ᠳᠥᠷᠪᠡ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠲᠥᠷᠥᠯ ᠵᠦᠢᠯ | ᠲᠣᠭᠲᠠᠭᠠᠬᠤ᠂ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠳ᠋ᠤᠭᠠᠷᠯᠠᠬᠤ᠂ ᠨᠡᠶᠢᠲᠡᠯᠡᠬᠦ᠂ ᠳᠠᠩᠰᠠᠯᠠᠭᠤᠯᠬᠤ | ᠂ ᠬᠡᠪᠯᠡᠭᠦᠯᠬᠦ᠂ ᠢᠯᠡ ᠪᠣᠯᠭᠠᠬᠤ ᠪᠠ ᠲᠠᠬᠢᠨ ᠬᠢᠨᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ | ︵ᠲᠠᠪᠤ︶ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠤᠬᠠᠭᠤᠯᠭ᠎ᠠ ᠪᠠ ᠬᠡᠷᠡᠭᠵᠢᠭᠦᠯᠦᠯᠲᠡ ᠶᠢᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ | ︵ᠵᠢᠷᠭᠤᠭ᠎ᠠ︶ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠳᠡᠯᠡᠬᠡᠶᠢᠴᠢᠯᠡᠬᠦ ᠠᠵᠢᠯ ᠳᠤ ᠣᠷᠣᠯᠴᠠᠵᠤ᠂ | ᠲᠡᠭᠦᠨ ᠢ ᠵᠣᠬᠢᠴᠠᠭᠤᠯᠤᠨ᠎ᠠ︔ | ︵ᠳᠣᠯᠤᠭ᠎ᠠ︶ ᠲᠣᠰ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ | ᠵᠢᠱᠢᠶ᠎ᠡ ᠦᠵᠡᠭᠦᠯᠬᠦ ᠪᠠ ᠣᠷᠣᠨ ᠪᠦᠰᠡ ᠠᠯᠤᠰᠯᠠᠭᠰᠠᠨ ᠪᠠᠷᠢᠮᠵᠢᠶᠠᠵᠢᠭᠤᠯᠤᠯᠲᠠ ᠶᠢᠨ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠤᠨ᠎ᠠ︔ | ︵ᠨᠠᠢᠮᠠ︶ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠰᠣᠶᠣᠯ ᠪᠠ ᠵᠢᠭᠤᠯᠴᠢᠯᠠᠯ ᠤᠨ ᠪᠦᠯᠬᠦᠮ ᠤᠨ | ᠪᠠᠷᠢᠮᠵᠢᠶ᠎ᠠ ᠶᠢᠨ ᠠᠵᠢᠯ ᠢ ᠠᠬᠢᠭᠤᠯᠤᠨ᠎ᠠ︔ | ︵ᠶᠢᠰᠦ︶ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠰᠤᠳᠤᠯᠭᠠᠨ᠂ ᠪᠣᠯᠪᠠᠰᠤᠷᠠᠭᠤᠯᠤᠯ ᠵᠡᠷᠭᠡ ᠶᠢ | ᠵᠣᠬᠢᠶᠠᠨ ᠪᠠᠶᠢᠭᠤᠯᠵᠤ ᠥᠷᠨᠢᠭᠦᠯᠦᠨ᠎ᠡ︔ ︵ᠠᠷᠪᠠ︶ ᠪᠤᠰᠤᠳ ᠰᠣᠶᠣᠯ ᠪᠠ ᠵᠢᠭᠤᠯᠴᠢᠯᠠᠯ ᠤᠨ | ᠪᠠᠷᠢᠮᠵᠢᠶ᠎ᠠ ᠶᠢᠨ ᠬᠠᠮᠢᠶ᠎ᠠ ᠪᠦᠬᠦᠢ ᠠᠵᠢᠯ ᠢ ᠰᠢᠰᠲ᠋ᠧᠮᠵᠢᠭᠦᠯᠦᠨ ᠬᠠᠮᠢᠶᠠᠷᠤᠨ᠎ᠠ᠃ | ᠠᠷᠪᠠᠨ ᠨᠢᠭᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠦᠬᠦᠢ | ᠲᠤᠬᠠᠶᠢᠯᠠᠭᠰᠠᠨ ᠠᠵᠢᠯ ᠤᠨ ᠵᠤᠷᠭᠠᠨ ᠲᠣᠪᠴᠢᠶ᠎ᠠ ᠭᠤᠣᠯᠳᠠᠭᠤ ᠳᠣᠣᠷ᠎ᠠ ᠵᠢᠭᠰᠠᠭᠠᠭᠰᠠᠨ ᠠᠵᠢᠯ ᠤᠨ ᠲᠤᠰᠢᠶᠠᠯ | ᠬᠠᠷᠢᠭᠤᠴᠠᠯᠭ᠎ᠠ ᠶᠢ ᠡᠭᠦᠷᠭᠡᠯᠡᠨ᠎ᠡ᠄ | ︵ᠨᠢᠭᠡ︶ ᠲᠤᠰ ᠵᠤᠷᠭᠠᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠳᠤ ᠬᠤᠯᠪᠣᠭᠳᠠᠬᠤ ᠪᠠᠷᠢᠮᠵᠢᠶᠠᠨ ᠤ | ᠠᠵᠢᠯ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ︔ | ︵ᠬᠤᠶᠠᠷ︶ ᠲᠣᠰ ᠵᠤᠷᠭᠠᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠬᠢ ᠪᠠᠷᠢᠮᠵᠢᠶᠠᠲᠤ | ᠬᠡᠷᠡᠭᠴᠡᠭᠡ ᠱᠠᠭᠠᠷᠳᠠᠯᠭ᠎ᠠ ᠪᠠ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠳᠤᠷᠠᠳᠴᠤ᠂ ᠬᠠᠮᠢᠶ᠎ᠠ | ᠪᠦᠬᠦᠢ ᠪᠠᠷᠢᠮᠵᠢᠶ᠎ᠠ ᠶᠢ ᠲᠤᠭᠤᠷᠪᠢᠨ ᠪᠢᠴᠢᠬᠦ ᠶᠢ ᠠᠬᠢᠭᠤᠯᠤᠨ᠎ᠠ︔ | ︵ᠭᠤᠷᠪᠠ︶ ᠲᠣᠰ ᠵᠤᠷᠭᠠᠨ ᠲᠣᠪᠴᠢᠶ᠎ᠠ ᠶᠢᠨ ᠲᠣᠭᠲᠠᠭᠠᠭᠰᠠᠨ ᠪᠠ ᠵᠠᠰᠠᠪᠤᠷᠢ ᠣᠷᠣᠭᠤᠯᠤᠭᠰᠠᠨ ᠬᠠᠮᠢᠶ᠎ᠠ | ᠪᠦᠬᠦᠢ ᠪᠠᠷᠢᠮᠵᠢᠶ᠎ᠠ ᠶᠢ ᠤᠬᠠᠭᠤᠯᠬᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ | ᠪᠠᠶᠢᠴᠠᠭᠠᠬᠤ ᠶᠢ ᠥᠷᠨᠢᠭᠦᠯᠦᠨ᠎ᠡ︔ | ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠲᠠᠢ ᠬᠠᠮᠵᠢᠯᠴᠠᠨ | ᠬᠤᠯᠪᠣᠭᠳᠠᠯ ᠪᠦᠬᠦᠢ ᠮᠡᠷᠭᠡᠵᠢᠯ ᠤᠨ ᠺᠣᠮᠢᠰ ᠤᠨ ᠠᠵᠢᠯ ᠢᠶᠠᠨ ᠥᠷᠨᠢᠭᠦᠯᠬᠦ ᠳᠤ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠬᠢᠨ᠎ᠡ︔ | ︵ᠲᠠᠪᠤ︶ ᠲᠣᠰ ᠵᠤᠷᠭᠠᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠤᠯᠤᠰ ᠤᠨ | ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠠᠰᠠᠭᠤᠨ ᠯᠠᠪᠯᠠᠬᠤ ᠪᠠ ᠬᠠᠷᠢᠭᠤᠯᠲᠠ ᠥᠭᠬᠦ ᠶᠢ ᠬᠠᠮᠵᠢᠯᠴᠠᠨ | ᠰᠠᠶᠢᠲᠤᠷ ᠬᠢᠨ᠎ᠡ᠃ | ᠠᠷᠪᠠᠨ ᠬᠤᠶᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶᠠᠷᠴᠤ ᠪᠠᠶᠢᠭ᠎ᠠ | ᠮᠡᠷᠭᠡᠵᠢᠯ ᠤᠨ ᠺᠣᠮᠢᠰ ︽ᠪᠦᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ | ᠺᠣᠮᠢᠰ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠭᠤᠣᠯᠳᠠᠭᠤ ᠳᠣᠣᠷ᠎ᠠ ᠵᠢᠭᠰᠠᠭᠠᠭᠰᠠᠨ | ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠄ | ︵ᠨᠢᠭᠡ︶ ᠲᠣᠰ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠰᠤᠳᠤᠯᠤᠨ ᠵᠠᠳᠠᠯᠵᠤ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ | ᠰᠠᠨᠠᠭᠤᠯᠭ᠎ᠠ ᠳᠤᠷᠠᠳᠤᠨ᠎ᠠ︔ | ︵ᠬᠤᠶᠠᠷ︶ ᠲᠣᠰ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ | ᠰᠤᠳᠤᠯᠬᠤ ᠪᠠ ᠨᠠᠶᠢᠷᠠᠭᠤᠯᠤᠨ ᠵᠣᠬᠢᠶᠠᠵᠤ᠂ ᠪᠠᠷᠢᠮᠵᠢᠶ᠎ᠠ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ | ᠳᠤᠷᠠᠳᠤᠨ᠎ᠠ︔ | ︵ᠭᠤᠷᠪᠠ︶ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠤᠭᠤᠷᠪᠢᠬᠤ᠂ ᠰᠠᠨᠠᠯ | ᠬᠤᠷᠢᠶᠠᠬᠤ᠂ ᠮᠡᠷᠭᠡᠵᠢᠯ ᠤᠨ ᠬᠢᠨᠠᠨ ᠪᠠᠶᠢᠴᠠᠭᠠᠯᠲᠠ᠂ ᠳᠠᠬᠢᠨ ᠬᠢᠨᠠᠯᠲᠠ ᠵᠢᠴᠢ ᠪᠠᠷᠢᠮᠵᠢᠶᠠᠲᠤ ᠭᠠᠳᠠᠭᠠᠳᠤ ᠬᠡᠯᠡᠨ ᠤ | ᠬᠡᠪᠯᠡᠯ ᠤᠨ ᠣᠷᠴᠢᠭᠤᠯᠬᠤ᠂ ᠬᠢᠨᠠᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ | ︵ᠳᠥᠷᠪᠡ︶ ᠪᠠᠷᠢᠮᠵᠢᠶ᠎ᠠ ᠨᠡᠶᠢᠲᠡᠯᠡᠬᠦ ᠰᠠᠯᠠᠭ᠎ᠠ ᠮᠥᠴᠢᠷ ᠤᠨ ᠨᠠᠶᠢᠳᠠᠯᠭ᠎ᠠ ᠶᠢ ᠬᠦᠯᠢᠶᠡᠵᠦ᠂ ᠰᠢᠰᠲ᠋ᠧᠮᠵᠢᠭᠦᠯᠬᠦ | ᠪᠠᠷᠢᠮᠵᠢᠶ᠎ᠠ ᠶᠢᠨ ᠵᠣᠬᠢᠴᠠᠭᠤᠯᠤᠨ ᠨᠡᠪᠲᠡᠷᠡᠯᠴᠡᠬᠦ ᠵᠢᠴᠢ ᠠᠰᠠᠭᠤᠨ ᠯᠠᠪᠯᠠᠵᠤ ᠬᠠᠷᠢᠭᠤᠯᠲᠠ ᠥᠭᠬᠦ ᠶᠢ ᠡᠭᠦᠷᠭᠡᠯᠡᠨ᠎ᠡ︔ | | ︵ᠲᠠᠪᠤ︶ ᠲᠤᠰ ᠲᠤᠰᠬᠠᠢ ᠮᠡᠷᠭᠡᠵᠢᠯ ᠤᠨ ᠬᠦᠷᠢᠶᠡᠨ ᠳᠤ ᠬᠢ ᠪᠠᠷᠢᠮᠵᠢᠶ᠎ᠠ ᠶᠢᠨ ᠤᠬᠠᠭᠤᠯᠭ᠎ᠠ᠂ | ᠪᠣᠯᠪᠠᠰᠤᠷᠠᠭᠤᠯᠤᠯ ᠪᠠ ᠪᠠᠷᠢᠮᠵᠢᠶ᠎ᠠ ᠶᠢᠨ ᠰᠤᠳᠤᠯᠭᠠᠨ᠂ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ | ᠦᠷᠨᠢᠭᠦᠯᠦᠨ᠎ᠡ︔ | ︵ᠵᠢᠷᠭᠤᠭ᠎ᠠ︶ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰ ᠲᠤᠰᠬᠠᠢ ᠮᠡᠷᠭᠡᠵᠢᠯ ᠤᠨ ᠬᠦᠷᠢᠶᠡᠨ ᠳᠤ | ᠬᠢ ᠤᠯᠠᠨ ᠤᠯᠤᠰ ᠤᠨ ᠪᠠᠷᠢᠮᠵᠢᠶ᠎ᠠ ᠶᠢᠨ ᠠᠵᠢᠯ ᠳᠤ ᠤᠷᠤᠯᠴᠠᠨ᠎ᠠ︔ | ︵ᠲᠤᠯᠤᠭ᠎ᠠ︶ ᠮᠡᠷᠭᠡᠵᠢᠯ ᠤᠨ ᠺᠣᠮᠢᠰ ᠤᠨ ᠲᠤᠬᠠᠶᠢᠯᠠᠭᠰᠠᠨ ᠠᠵᠢᠯ ᠤᠨ ᠬᠤᠯᠪᠣᠭᠳᠠᠯ ᠪᠦᠬᠦᠢ ᠴᠢᠬᠤᠯᠠ | ᠵᠦᠢᠯᠡᠰ ᠢ ᠮᠡᠳᠡᠭᠦᠯᠬᠦ ᠵᠢᠷᠤᠮ ᠢ ᠭᠦᠢᠴᠡᠳᠭᠡᠨ᠎ᠡ︔ | ︵ᠨᠠᠢᠮᠠ︶ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠰᠢᠶᠠᠭᠰᠠᠨ ᠪᠤᠰᠤᠳ | ᠪᠠᠷᠢᠮᠵᠢᠶ᠎ᠠ ᠶᠢᠨ ᠠᠵᠢᠯ ᠢ ᠡᠭᠦᠷᠭᠡᠯᠡᠨ᠎ᠡ᠃ | ᠭᠤᠷᠪᠠᠳᠤᠭᠠᠷ ᠪᠦᠯᠦᠭ ᠪᠠᠷᠢᠮᠵᠢᠶ᠎ᠠ ᠶᠢ ᠲᠣᠭᠲᠠᠭᠠᠬᠤ | ᠠᠷᠪᠠᠨ ᠭᠤᠷᠪᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢ ︽ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠠᠯᠪᠠᠳᠠᠯᠭ᠎ᠠ ᠶᠢᠨ ᠴᠢᠨᠠᠷᠲᠠᠢ | ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ ᠬᠡᠷᠡᠭᠵᠢᠭᠦᠯᠦᠨ᠎ᠡ᠃ | ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠡᠪᠴᠢᠶᠡᠨ ᠳᠤ ᠬᠢ ᠬᠥᠮᠥᠨ ᠤ ᠪᠡᠶ᠎ᠡ ᠶᠢᠨ ᠡᠷᠡᠭᠦᠯ | ᠮᠡᠨᠳᠤ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ᠂ ᠠᠮᠢ | ᠠᠬᠤᠢ ᠶᠢᠨ ᠣᠷᠴᠢᠨ ᠨᠥᠬᠦᠴᠡᠯ ᠤᠨ ᠠᠮᠤᠷ ᠲᠦᠪᠰᠢᠨ ᠢ ᠪᠠᠲᠤᠯᠠᠬᠤ ᠵᠢᠴᠢ ᠠᠵᠤ ᠠᠬᠤᠢ ᠨᠡᠶᠢᠭᠡᠮ ᠤᠨ | ᠬᠠᠮᠢᠶᠠᠷᠤᠯᠲᠠ ᠶᠢᠨ ᠦᠨᠳᠦᠰᠦᠨ ᠬᠡᠷᠡᠭᠴᠡᠭᠡ ᠶᠢ ᠬᠠᠩᠭᠠᠬᠤ ᠮᠡᠷᠭᠡᠵᠢᠯ ᠤᠨ ᠱᠠᠭᠠᠷᠳᠠᠯᠭ᠎ᠠ ᠳᠤ ᠠᠯᠪᠠᠳᠠᠯᠭ᠎ᠠ ᠶᠢᠨ | ᠴᠢᠨᠠᠷᠲᠠᠢ ᠤᠯᠤᠰ ᠤᠨ ᠪᠠᠷᠢᠮᠵᠢᠶ᠎ᠠ ᠲᠣᠭᠲᠠᠭᠠᠵᠤ᠂ ᠵᠢᠷᠤᠮ ᠶᠣᠰᠣᠭᠠᠷ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠦᠨ ᠵᠥᠪᠰᠢᠶᠡᠷᠡᠭᠦᠯᠵᠦ ᠨᠡᠶᠢᠲᠡᠯᠡᠬᠦ ᠪᠤᠶᠤ ᠡᠷᠬᠡ ᠣᠯᠭᠤᠵᠤ ᠵᠥᠪᠰᠢᠶᠡᠷᠡᠭᠦᠯᠵᠦ ᠨᠡᠶᠢᠲᠡᠯᠡᠬᠦ ᠬᠡᠷᠡᠭᠲᠡᠢ᠃ | ᠰᠠᠭᠤᠷᠢ ᠨᠡᠶᠢᠳᠡᠮ ᠬᠡᠷᠡᠭᠯᠡᠬᠦ᠂ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠲᠠᠢ ᠢᠵᠢ | ᠪᠦᠷᠢᠳᠦᠭᠦᠯᠬᠦ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠳᠤ ᠬᠥᠲᠥᠯᠥᠨ ᠳᠠᠭᠠᠭᠤᠯᠬᠤ ᠦᠢᠯᠡᠳᠦᠯ | ᠦᠵᠡᠭᠦᠯᠬᠦ ᠵᠡᠷᠭᠡ ᠬᠡᠷᠡᠭᠴᠡᠭᠡ ᠶᠢ ᠬᠠᠩᠭᠠᠬᠤ ᠮᠡᠷᠭᠡᠵᠢᠯ ᠤᠨ ᠱᠠᠭᠠᠷᠳᠠᠯᠭ᠎ᠠ ᠳᠤ ᠵᠢᠷᠤᠮ ᠶᠣᠰᠣᠭᠠᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠣᠭᠲᠠᠭᠠᠯᠭᠠᠵᠤ ᠪᠣᠯᠣᠨ᠎ᠠ᠃ | | ᠠᠷᠪᠠᠨ ᠳᠥᠷᠪᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢ ︽ᠠᠵᠢᠯ ᠲᠥᠷᠥᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠪᠣᠯᠣᠨ ᠲᠤᠰ | ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠠᠶᠢᠬᠤ | ᠦᠭᠡᠢ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠡᠪᠴᠢᠶᠡᠨ ᠳᠤ ᠨᠢᠭᠡᠳᠦᠯᠲᠡᠢ ᠪᠠᠶᠢᠯᠭᠠᠬᠤ ᠴᠢᠬᠤᠯᠠᠲᠠᠢ | ᠮᠡᠷᠭᠡᠵᠢᠯ ᠤᠨ ᠱᠠᠭᠠᠷᠳᠠᠯᠭ᠎ᠠ ᠳᠤ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ | ᠪᠣᠯᠣᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠪᠣᠯ ᠰᠣᠶᠣᠯ ᠪᠠ ᠵᠢᠭᠤᠯᠴᠢᠯᠠᠯ ᠤᠨ | ᠶᠠᠮᠤᠨ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠴᠢᠬᠤᠯᠠ | ᠦᠢᠯᠡᠳᠬᠦᠨ᠂ ᠢᠨᠵᠧᠨᠧᠷᠢᠩ ᠤᠨ ᠮᠡᠷᠭᠡᠵᠢᠯ᠂ ᠦᠢᠯᠡᠴᠢᠯᠡᠭᠡ ᠪᠠ ᠠᠵᠢᠯ ᠲᠥᠷᠥᠯ ᠤᠨ ᠬᠠᠮᠢᠶᠠᠷᠤᠯᠲᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠣᠬᠢᠶᠠᠨ ᠪᠠᠶᠢᠭᠤᠯᠵᠤ ᠲᠣᠭᠲᠠᠭᠠᠭᠰᠠᠨ ᠨᠡᠶᠢᠲᠡ ᠶᠢᠨ ᠠᠰᠠᠷᠠᠮᠵᠢ ᠶᠢᠨ | ᠲᠥᠷᠥᠯ ᠤᠨ ᠪᠠᠷᠢᠮᠵᠢᠶ᠎ᠠ ᠪᠣᠯᠣᠨ᠎ᠠ᠃ | ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠮᠡᠷᠭᠡᠵᠢᠯ ᠤᠨ ᠱᠠᠭᠠᠷᠳᠠᠯᠭ᠎ᠠ ᠶᠢ | ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠠᠴᠠ | ᠳᠣᠣᠷ᠎ᠠ ᠪᠠᠶᠢᠯᠭᠠᠵᠤ ᠪᠣᠯᠬᠤ ᠦᠭᠡᠢ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ | ᠪᠠ ᠠᠵᠢᠯ ᠲᠥᠷᠥᠯ ᠤᠨ ᠪᠠᠷᠢᠮᠵᠢᠶ᠎ᠠ ᠲᠠᠢ ᠬᠠᠷᠢᠯᠴᠠᠨ ᠵᠣᠬᠢᠴᠠᠭᠤᠯᠬᠤ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ᠂ | ᠠᠵᠢᠯ ᠲᠦᠷᠦᠯ ᠠᠯᠤᠰᠯᠠᠭᠰᠠᠨ ᠮᠡᠷᠭᠡᠵᠢᠯ ᠤᠨ ᠱᠠᠭᠠᠷᠳᠠᠯᠭ᠎ᠠ ᠳᠤ ᠰᠣᠶᠣᠯ ᠪᠠ ᠵᠢᠭᠤᠯᠴᠢᠯᠠᠯ ᠤᠨ ᠠᠵᠢᠯ | ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ ᠪᠣᠯᠬᠤ ᠦᠭᠡᠢ᠃ ᠠᠵᠢᠯ ᠲᠦᠷᠦᠯ ᠤᠨ ᠪᠠᠷᠢᠮᠵᠢᠶ᠎ᠠ ᠶᠢ ᠠᠰᠢᠭᠯᠠᠨ ᠲᠠᠸᠠᠷ | ᠂ ᠦᠢᠯᠡᠴᠢᠯᠡᠭᠡᠨ ᠤ ᠴᠢᠯᠦᠭᠡᠲᠦ ᠭᠦᠢᠯᠭᠡᠭᠡ ᠶᠢ ᠬᠠᠷᠰᠢᠯᠠᠬᠤ ᠵᠡᠷᠭᠡ ᠵᠠᠬ᠎ᠠ ᠳᠡᠯᠭᠡᠭᠦᠷ ᠤᠨ ᠥᠷᠢᠰᠦᠯᠳᠦᠭᠡᠨ ᠢ | ᠭᠠᠳᠠᠭᠤᠷᠴᠢᠯᠠᠬᠤ᠂ ᠬᠢᠵᠠᠭᠠᠷᠯᠠᠬᠤ ᠠᠵᠢᠯᠯᠠᠭ᠎ᠠ ᠬᠢᠬᠦ ᠶᠢ ᠬᠤᠷᠢᠭᠯᠠᠨ᠎ᠠ᠃ ᠰᠣᠶᠣᠯ ᠪᠠ ᠵᠢᠭᠤᠯᠴᠢᠯᠠᠯ ᠤᠨ ᠠᠵᠢᠯ | ᠲᠥᠷᠥᠯ ᠤᠨ ᠪᠠᠷᠢᠮᠵᠢᠶ᠎ᠠ ᠳᠤ ᠵᠠᠷᠴᠢᠮ ᠳᠡᠭᠡᠷ᠎ᠡ ᠪᠠᠨ ᠲᠣᠳᠣᠷᠬᠠᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠬᠠᠷᠢᠭᠤᠴᠠᠯᠭ᠎ᠠ ᠶᠢᠨ ᠪᠡᠶᠡᠴᠢ ᠴᠣᠭᠴᠠ ᠪᠠᠶᠢᠬᠤ ᠬᠡᠷᠡᠭᠲᠡᠢ᠃ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠠᠴᠠ ᠵᠢᠯ ᠪᠦᠷᠢ ᠰᠣᠶᠣᠯ ᠪᠠ | ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ | ᠢᠯᠡ ᠪᠠᠷ ᠴᠤᠭᠯᠠᠭᠤᠯᠵᠤ᠂ ᠲᠥᠷᠥᠯ ᠵᠦᠢᠯ ᠲᠣᠭᠲᠠᠭᠠᠵᠤ ᠬᠢᠨᠠᠨ ᠲᠣᠭᠲᠠᠭᠠᠬᠤ ᠪᠠᠷ ᠳᠡᠮᠵᠢᠨ᠂ ᠬᠠᠮᠢᠶ᠎ᠠ ᠪᠦᠬᠦᠢ | ᠨᠢᠭᠡᠴᠢ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠲᠥᠯᠥᠪᠯᠡᠭᠡ ᠶᠢ | ᠪᠠᠭᠤᠯᠭᠠᠨ᠎ᠠ᠃ ᠲᠥᠯᠥᠪᠯᠡᠭᠡ ᠶᠢ ᠪᠠᠭᠤᠯᠭᠠᠭᠰᠠᠨ ᠤ ᠲᠠᠷᠠᠭ᠎ᠠ ᠲᠣᠭᠲᠠᠭᠠᠭᠰᠠᠨ ᠵᠦᠢᠯᠡᠰ ᠤᠨ ᠨᠡᠷᠡᠶᠢᠳᠦᠯ᠂ | ᠬᠤᠭᠤᠴᠠᠭ᠎ᠠ ᠵᠡᠷᠭᠡ ᠶᠢ ᠦᠨᠳᠦᠰᠦᠯᠡᠨ ᠬᠡᠷᠡᠭᠵᠢᠭᠦᠯᠬᠦ ᠬᠡᠷᠡᠭᠲᠡᠢ᠂ ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠬᠢᠬᠦ | ᠦᠭᠡᠢ︔ ᠦᠨᠡᠬᠡᠷ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠲᠣᠭᠲᠠᠭᠠᠭᠰᠠᠨ ᠵᠢᠷᠤᠮ ᠢᠶᠠᠷ ᠬᠢᠨᠠᠨ | ᠵᠥᠪᠰᠢᠶᠡᠷᠡᠭᠦᠯᠬᠦ ᠪᠤᠶᠤ ᠳᠠᠩᠰᠠᠯᠠᠭᠤᠯᠤᠭᠰᠠᠨ ᠤ ᠲᠠᠷᠠᠭ᠎ᠠ ᠬᠡᠷᠡᠭᠵᠢᠭᠦᠯᠦᠨ᠎ᠡ᠃ | ︵ᠬᠤᠶᠠᠷ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠲᠤᠭᠤᠷᠪᠢᠨ ᠪᠢᠴᠢᠬᠦ ᠨᠢᠭᠡᠴᠢ | ᠨᠢ ᠵᠢᠷᠤᠮᠵᠢᠭᠰᠠᠨ ᠵᠠᠭᠪᠤᠷ᠂ ᠬᠡᠯᠪᠡᠷᠢ ᠮᠠᠶ᠋ᠢᠭ ᠪᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠪᠠᠷᠢᠮᠵᠢᠶᠠᠲᠤ | ᠲᠣᠪᠬᠢᠮᠠᠯ ᠢ ᠲᠤᠭᠤᠷᠪᠢᠨ ᠪᠢᠴᠢᠵᠦ᠂ ᠲᠤᠭᠤᠷᠪᠢᠨ ᠪᠢᠴᠢᠬᠦ ᠨᠢᠭᠡᠴᠢ ᠪᠠ ᠮᠡᠷᠭᠡᠵᠢᠯ ᠤᠨ ᠵᠥᠪᠯᠡᠯ ᠨᠢ ᠥᠷᠭᠡᠨ ᠢᠶᠠᠷ | ᠰᠠᠨᠠᠯ ᠬᠤᠷᠢᠶᠠᠬᠤ ᠬᠡᠷᠡᠭᠲᠡᠢ᠃ | ︵ᠭᠤᠷᠪᠠ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠲᠤᠬᠠᠢ ᠰᠠᠨᠠᠯ ᠬᠤᠷᠢᠶᠠᠵᠤ | ᠳᠠᠭᠤᠰᠤᠭᠰᠠᠨ ᠤ ᠳᠠᠷᠠᠭ᠎ᠠ᠂ ᠮᠡᠷᠭᠡᠵᠢᠯ ᠤᠨ ᠺᠣᠮᠢᠰ ᠢᠶᠠᠷ ᠬᠢᠨᠠᠨ ᠪᠠᠶᠢᠴᠠᠭᠠᠯᠭᠠᠭᠠᠳ ᠮᠡᠳᠡᠭᠦᠯᠦᠨ ᠵᠥᠪᠰᠢᠶᠡᠷᠡᠭᠦᠯᠬᠦ | ᠮᠠᠲ᠋ᠧᠷᠢᠶᠠᠯ ᠢ ᠪᠦᠷᠢᠯᠳᠦᠭᠦᠯᠦᠨ᠎ᠡ᠃ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ ᠢ | ᠲᠤᠭᠤᠷᠪᠢᠨ ᠪᠢᠴᠢᠬᠦ ᠨᠢᠭᠡᠴᠢ ᠨᠢ ᠲᠣᠭᠲᠠᠭᠰᠠᠨ ᠬᠤᠭᠤᠴᠠᠭᠠᠨ ᠤ ᠳᠣᠲᠣᠷ᠎ᠠ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠶᠢᠨ ᠬᠠᠮᠲᠤ ᠳᠠᠬᠢᠨ ᠳᠡᠪᠰᠢᠭᠦᠯᠦᠨ ᠬᠢᠨᠠᠨ ᠪᠠᠶᠢᠴᠠᠭᠠᠯᠭᠠᠬᠤ ᠬᠡᠷᠡᠭᠲᠡᠢ︔ ᠡᠰᠡᠬᠦᠯ᠎ᠡ ᠬᠢᠨᠠᠨ | ᠪᠠᠶᠢᠴᠠᠭᠠᠭᠰᠠᠨ ᠳ᠋ᠦᠩ ᠢ ᠦᠨᠳᠦᠰᠦᠯᠡᠨ᠂ ᠲᠧᠭᠨᠢᠭ ᠮᠡᠷᠭᠡᠵᠢᠯ ᠤᠨ ᠺᠣᠮᠢᠰ ᠢᠶᠠᠷ ᠳᠠᠮᠵᠢᠭᠤᠯᠤᠨ ᠲᠦᠷᠦᠯ | ᠵᠦᠢᠯᠡᠰ ᠤᠨ ᠲᠥᠯᠥᠪᠯᠡᠭᠡ ᠶᠢ ᠲᠣᠬᠢᠷᠠᠭᠤᠯᠬᠤ ᠪᠤᠶᠤ ᠳᠠᠭᠤᠰᠬᠠᠬᠤ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ᠃ | ︵ᠳᠥᠷᠪᠡ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠮᠡᠳᠡᠭᠦᠯᠦᠨ | ᠵᠥᠪᠰᠢᠶᠡᠷᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ | ᠬᠥᠮᠦᠵᠢᠯ ᠤᠨ ᠵᠤᠷᠭᠠᠨ ᠠᠴᠠ ᠬᠠᠮᠢᠶ᠎ᠠ ᠪᠦᠬᠦᠢ ᠨᠢᠭᠡᠴᠢ ᠶᠢᠨ ᠰᠠᠨᠠᠯ ᠢ ᠬᠤᠷᠢᠶᠠᠵᠤ᠂ ᠰᠣᠶᠣᠯ ᠪᠠ ᠵᠢᠭᠤᠯᠴᠢᠯᠠᠯ ᠤᠨ | ᠶᠠᠮᠤᠨ ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠶᠢᠲᠡᠯᠡᠵᠦ᠂ ᠲᠠᠰ ᠳᠠᠷᠠᠭᠠᠯᠠᠯ ᠢᠶᠠᠷ ᠳ᠋ᠤᠭᠠᠷᠯᠠᠵᠤ᠂ ᠬᠡᠪᠯᠡᠭᠦᠯᠦᠨ᠎ᠡ᠃ | ᠠᠵᠢᠯ ᠲᠥᠷᠥᠯ ᠤᠨ ᠪᠠᠷᠢᠮᠵᠢᠶ᠎ᠠ ᠶᠢᠨ ᠳ᠋ᠤᠭᠠᠷᠯᠠᠯ ᠨᠢ ᠠᠵᠢᠯ ᠲᠥᠷᠥᠯ ᠤᠨ ᠪᠠᠷᠢᠮᠵᠢᠶ᠎ᠠ ᠶᠢᠨ ᠣᠷᠣᠯᠠᠬᠤ ᠳ᠋ᠤᠭᠠᠷ᠂ | ᠪᠠᠷᠢᠮᠵᠢᠶ᠎ᠠ ᠶᠢ ᠨᠡᠶᠢᠲᠡᠯᠡᠭᠰᠡᠨ ᠲᠠᠰ ᠳᠠᠷᠠᠭᠠᠯᠠᠯ ᠤᠨ ᠳ᠋ᠤᠭᠠᠷ ᠵᠢᠴᠢ ᠣᠨ ᠤ ᠳ᠋ᠤᠭᠠᠷ ᠢᠶᠠᠷ ᠪᠦᠷᠢᠯᠳᠦᠨ᠎ᠡ᠃ | ᠰᠣᠶᠣᠯ ᠤᠨ ᠠᠵᠢᠯ ᠲᠥᠷᠥᠯ ᠤᠨ ᠪᠠᠷᠢᠮᠵᠢᠶ᠎ᠠ ᠶᠢᠨ ᠣᠷᠣᠯᠠᠬᠤ ᠳ᠋ᠤᠭᠠᠷ ᠨᠢ WH᠂ ᠵᠢᠭᠤᠯᠴᠢᠯᠠᠯ ᠤᠨ ᠠᠵᠢᠯ | ᠲᠥᠷᠥᠯ ᠤᠨ ᠪᠠᠷᠢᠮᠵᠢᠶ᠎ᠠ ᠶᠢᠨ ᠣᠷᠣᠯᠠᠬᠤ ᠳ᠋ᠤᠭᠠᠷ ᠨᠢ LB᠃ | ︵ᠲᠠᠪᠤ︶ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ | ᠱᠠᠭᠠᠷᠳᠠᠯᠭ᠎ᠠ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ | ᠠᠷᠪᠠᠨ ᠲᠠᠪᠤᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠷᠣᠨ ᠨᠤᠲᠤᠭ ᠤᠨ ᠪᠠᠶᠢᠭᠠᠯᠢ ᠶᠢᠨ ᠨᠥᠬᠦᠴᠡᠯ᠂ ᠵᠠᠩ ᠳᠠᠳᠬᠠᠯ ᠵᠡᠷᠭᠡ | ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠳᠤ ᠬᠤᠯᠪᠣᠭᠳᠠᠬᠤ ᠣᠨᠴᠠᠭᠠᠶ ᠮᠡᠷᠭᠡᠵᠢᠯ ᠤᠨ ᠱᠠᠭᠠᠷᠳᠠᠯᠭ᠎ᠠ ᠶᠢ | ᠬᠠᠩᠭᠠᠬᠤ ᠶᠢᠨ ᠲᠥᠯᠥᠭᠡ᠂ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠰᠣᠶᠣᠯ ᠪᠠ ᠵᠢᠭᠤᠯᠴᠢᠯᠠᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠳᠤᠷᠠᠳᠤᠨ ᠭᠠᠷᠭᠠᠬᠤ ᠪᠤᠶᠤ | ᠲᠣᠭᠲᠠᠭᠠᠬᠤ ᠳᠤ ᠣᠷᠣᠯᠴᠠᠵᠤ ᠪᠣᠯᠣᠨ᠎ᠠ᠃ | ᠠᠷᠪᠠᠨ ᠵᠢᠷᠭᠤᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢ | ︽ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠶᠣᠰᠣᠭᠠᠷ ᠬᠡᠷᠡᠭᠵᠢᠭᠦᠯᠦᠨ᠎ᠡ᠃ | ᠰᠤᠳᠤᠯᠬᠤ ᠬᠤᠷᠠᠯ᠂ ᠡᠪᠯᠡᠯ ᠨᠡᠶᠢᠭᠡᠮᠯᠢᠭ᠂ ᠬᠤᠳᠠᠯᠳᠤᠭᠠᠨ ᠤ ᠡᠪᠯᠡᠯ᠂ ᠬᠤᠯᠪᠣᠭᠠᠲᠤ ᠬᠤᠷᠠᠯ᠂ ᠠᠵᠤ ᠦᠢᠯᠡᠰ ᠤᠨ | ᠮᠡᠷᠭᠡᠵᠢᠯ ᠤᠨ ᠬᠤᠯᠪᠣᠭ᠎ᠠ ᠵᠡᠷᠭᠡ ᠬᠠᠤᠯᠢ ᠶᠣᠰᠣᠭᠠᠷ ᠪᠠᠶᠢᠭᠤᠯᠤᠭᠰᠠᠨ ᠨᠡᠶᠢᠭᠡᠮ ᠤᠨ ᠪᠦᠯᠬᠦᠮ ᠨᠢ ᠬᠠᠮᠢᠶ᠎ᠠ ᠪᠦᠬᠦᠢ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠴᠠᠭᠤᠯᠵᠤ ᠪᠠᠶᠢᠭᠠᠳ ᠵᠠᠬ᠎ᠠ ᠳᠡᠯᠭᠡᠭᠦᠷ ᠪᠠ ᠰᠢᠨ᠎ᠡ ᠶᠢ ᠡᠭᠦᠳᠬᠦ | ᠬᠡᠷᠡᠭᠴᠡᠭᠡ ᠶᠢ ᠬᠠᠩᠭᠠᠭᠰᠠᠨ᠂ ᠤᠯᠤᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ | ᠨᠡᠶᠢᠴᠡᠭᠰᠡᠨ᠂ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶᠠᠲᠤ ᠮᠡᠷᠭᠡᠵᠢᠯ ᠤᠨ ᠱᠠᠭᠠᠷᠳᠠᠯᠭ᠎ᠠ ᠠᠴᠠ ᠥᠨᠳᠥᠷ ᠰᠣᠶᠣᠯ | ᠪᠠ ᠵᠢᠭᠤᠯᠴᠢᠯᠠᠯ ᠤᠨ ᠪᠦᠯᠬᠦᠮ ᠤᠨ ᠪᠠᠷᠢᠮᠵᠢᠶ᠎ᠠ ᠶᠢ ᠬᠠᠮᠲᠤ ᠪᠠᠷ ᠲᠣᠭᠲᠠᠭᠠᠵᠤ ᠪᠣᠯᠣᠨ᠎ᠠ᠃ ᠡᠯ᠎ᠡ ᠱᠠᠲᠤᠨ ᠤ ᠰᠣᠶᠣᠯ | ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠪᠦᠯᠬᠦᠮ ᠤᠨ ᠪᠠᠷᠢᠮᠵᠢᠶ᠎ᠠ ᠶᠢ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠪᠦᠯᠬᠦᠮ ᠤᠨ | ᠪᠠᠷᠢᠮᠵᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠠᠷᠪᠠᠨ ᠳᠣᠯᠣᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢ ︽ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢᠨ | ᠶᠣᠰᠣᠭᠠᠷ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠬᠠᠮᠢᠶ᠎ᠠ ᠪᠦᠬᠦᠢ ᠠᠵᠤ ᠠᠬᠤᠶᠢᠯᠠᠯ ᠨᠢ | ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠮᠡᠷᠭᠡᠵᠢᠯ ᠤᠨ ᠱᠠᠭᠠᠷᠳᠠᠯᠭ᠎ᠠ ᠠᠴᠠ ᠥᠨᠳᠥᠷ ᠰᠣᠶᠣᠯ ᠪᠠ | ᠵᠢᠭᠤᠯᠴᠢᠯᠠᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ | ᠠᠷᠪᠠᠨ ᠨᠠᠢᠮᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ | ᠪᠠᠷᠢᠮᠵᠢᠶ᠎ᠠ ᠶᠢ ᠬᠡᠷᠡᠭᠵᠢᠭᠦᠯᠬᠦ ᠶᠠᠪᠤᠴᠠ ᠳᠤ᠂ ᠣᠨᠴᠠ ᠵᠠᠷᠢᠮ ᠮᠡᠷᠭᠡᠵᠢᠯ ᠤᠨ ᠱᠠᠭᠠᠷᠳᠠᠯᠭ᠎ᠠ ᠳᠤ ᠲᠣᠬᠢᠷᠠᠭᠤᠯᠤᠯᠲᠠ | ᠬᠢᠬᠦ ᠴᠢᠬᠤᠯᠠᠲᠠᠢ ᠪᠠᠶᠢᠪᠠᠯ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ | ᠬᠠᠭᠤᠳᠠᠰᠤ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠢᠷᠤᠮ ᠶᠣᠰᠣᠭᠠᠷ ᠵᠠᠰᠠᠪᠤᠷᠢ ᠣᠷᠣᠭᠤᠯᠵᠤ ᠪᠣᠯᠣᠨ᠎ᠠ᠃ | | ᠠᠷᠪᠠ ᠶᠢᠰᠦᠳᠦᠭᠡᠷ ᠵᠦᠢᠯ ᠠᠵᠢᠯ ᠲᠦᠷᠦᠯ ᠤᠨ ᠪᠠᠷᠢᠮᠵᠢᠶ᠎ᠠ ᠶᠢᠨ ᠲᠥᠯᠥᠪᠯᠡᠭᠡ ᠶᠢ ᠪᠠᠭᠤᠯᠭᠠᠭᠰᠠᠨ ᠤ | ᠳᠠᠷᠠᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠠᠵᠢᠯ ᠤᠨ ᠬᠡᠷᠡᠭᠴᠡᠭᠡ ᠪᠠ ᠪᠣᠳᠠᠲᠤ ᠪᠠᠶᠢᠳᠠᠯ ᠳᠤ ᠪᠠᠨ | ᠦᠨᠳᠦᠰᠦᠯᠡᠨ ᠲᠤᠭᠤᠷᠪᠢᠨ ᠪᠢᠴᠢᠬᠦ ᠨᠢᠭᠡᠴᠢ ᠳᠤ ᠵᠣᠬᠢᠬᠤ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠲᠤᠭᠤᠷᠪᠢᠨ | ᠪᠢᠴᠢᠬᠦ ᠨᠢᠭᠡᠴᠢ ᠶᠢᠨ ᠵᠠᠷᠤᠳᠠᠯ ᠤᠨ ᠬᠡᠷᠡᠭᠯᠡᠯᠲᠡ ᠨᠢ ᠡᠳ᠋ ᠤᠨ ᠵᠠᠰᠠᠭ ᠤᠨ ᠶᠠᠮᠤᠨ᠂ ᠰᠣᠶᠣᠯ ᠪᠠ ᠵᠢᠭᠤᠯᠴᠢᠯᠠᠯ ᠤᠨ | ᠶᠠᠮᠤᠨ ᠤ ᠬᠠᠮᠢᠶ᠎ᠠ ᠪᠦᠬᠦᠢ ᠵᠠᠷᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠵᠦ᠂ ᠲᠤᠰᠬᠠᠢ ᠵᠣᠭᠤᠰ ᠢ | ᠲᠤᠰᠬᠠᠢ ᠵᠦᠢᠯ ᠳᠤ ᠬᠡᠷᠡᠭᠯᠡᠬᠦ ᠶᠢ ᠬᠡᠷᠡᠭᠵᠢᠭᠦᠯᠬᠦ ᠬᠡᠷᠡᠭᠲᠡᠢ᠃ | ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ | ᠵᠠᠷᠤᠳᠠᠯ ᠤᠨ ᠬᠠᠮᠢᠶᠠᠷᠤᠯᠲᠠ ᠶᠢ ᠳᠡᠭᠡᠷᠡᠬᠢ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ | ᠪᠣᠯᠣᠨ᠎ᠠ᠃ | ᠳᠥᠷᠪᠡᠳᠦᠭᠡᠷ ᠪᠦᠯᠦᠭ ᠪᠠᠷᠢᠮᠵᠢᠶ᠎ᠠ ᠶᠢ ᠬᠡᠷᠡᠭᠵᠢᠭᠦᠯᠬᠦ ᠪᠠ ᠲᠡᠭᠦᠨ ᠳᠤ ᠬᠢᠨᠠᠯᠲᠠ ᠲᠠᠯᠪᠢᠬᠤ | ᠬᠤᠷᠢᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ ᠨᠢᠭᠡᠴᠢ ᠨᠦᠭᠦᠳ | ᠬᠡᠪᠯᠡᠯ ᠤᠨ ᠪᠠᠶᠢᠭᠤᠯᠤᠮᠵᠢ ᠳᠤ ᠨᠠᠶᠢᠳᠠᠨ ᠬᠡᠪᠯᠡᠭᠦᠯᠦᠨ ᠲᠠᠷᠬᠠᠭᠠᠵᠤ ᠪᠣᠯᠬᠤ ᠪᠥᠭᠡᠳ ᠬᠠᠤᠯᠢ ᠶᠣᠰᠣᠭᠠᠷ ᠨᠡᠶᠢᠭᠡᠮ ᠳᠤ | ᠢᠯᠡ ᠪᠣᠯᠭᠠᠵᠤ ᠪᠣᠯᠣᠨ᠎ᠠ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠪᠠᠷᠢᠮᠵᠢᠶᠠᠲᠤ | ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠢᠯᠡ | ᠪᠣᠯᠭᠠᠬᠤ ᠶᠢ ᠵᠣᠷᠢᠭᠵᠢᠭᠤᠯᠤᠨ᠎ᠠ᠃ | ᠬᠤᠷᠢᠨ ᠨᠢᠭᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ | ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠭᠰᠡᠨ ᠤ ᠲᠠᠷᠠᠭ᠎ᠠ᠂ ᠡᠯ᠎ᠡ ᠱᠠᠲᠤᠨ ᠤ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠡᠷᠭᠡᠵᠢᠯ ᠤᠨ ᠺᠣᠮᠢᠰ ᠠᠴᠠ | ᠪᠠᠷᠢᠮᠵᠢᠶ᠎ᠠ ᠶᠢᠨ ᠤᠬᠠᠭᠤᠯᠭ᠎ᠠ ᠶᠢ ᠥᠷᠨᠢᠭᠦᠯᠵᠦ᠂ ᠪᠠᠷᠢᠮᠵᠢᠶ᠎ᠠ ᠶᠢᠨ ᠲᠠᠶᠢᠯᠤᠮᠵᠢ ᠶᠢ ᠰᠠᠶᠢᠲᠤᠷ ᠬᠢᠬᠦ ᠬᠡᠷᠡᠭᠲᠡᠢ᠃ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠰᠣᠯᠢᠯᠴᠠᠭ᠎ᠠ | ᠥᠷᠨᠢᠭᠦᠯᠬᠦ ᠶᠢ ᠵᠣᠷᠢᠭᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠬᠤᠯᠪᠣᠭᠳᠠᠯ ᠪᠦᠬᠦᠢ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯ ᠪᠠᠷᠢᠮᠵᠢᠶ᠎ᠠ ᠶᠢ ᠬᠡᠷᠡᠭᠵᠢᠭᠦᠯᠬᠦ ᠪᠡᠶᠡᠴᠢ ᠴᠣᠭᠴᠠ ᠮᠥᠨ᠂ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠠᠨᠢᠯᠴᠠᠭᠤᠯᠭ᠎ᠠ ᠶᠢᠨ ᠴᠢᠨᠠᠷᠲᠠᠢ | ᠪᠠᠷᠢᠮᠵᠢᠶ᠎ᠠ ᠶᠢ ᠢᠳᠡᠪᠬᠢᠲᠡᠢ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠦᠨᠳᠦᠰᠦᠯᠡᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠶᠢ ᠨᠢ ᠦᠨᠡᠯᠡᠨ ᠲᠣᠭᠲᠠᠭᠠᠬᠤ᠂ ᠦᠨᠡᠯᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠪᠠᠷᠢᠮᠵᠢᠶ᠎ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠮᠲᠤ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠷᠢᠮᠵᠢᠶ᠎ᠠ ᠯᠤᠭ᠎ᠠ ᠬᠤᠯᠪᠣᠭᠳᠠᠬᠤ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠰᠣᠶᠣᠯ ᠪᠠ ᠵᠢᠭᠤᠯᠴᠢᠯᠠᠯ ᠤᠨ | ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠵᠤ᠂ ᠮᠡᠷᠭᠡᠵᠢᠯ ᠤᠨ ᠺᠣᠮᠢᠰ ᠢ ᠵᠣᠬᠢᠶᠠᠨ ᠪᠠᠶᠢᠭᠤᠯᠵᠤ ᠪᠠᠶᠢᠭᠠᠳ ᠤᠯᠤᠰ ᠤᠨ ᠪᠠᠷᠢᠮᠵᠢᠶ᠎ᠠ᠂ ᠠᠵᠢᠯ | ᠲᠦᠷᠦᠯ ᠤᠨ ᠪᠠᠷᠢᠮᠵᠢᠶ᠎ᠠ ᠶᠢ ᠴᠠᠭ ᠲᠤ ᠨᠢ ᠲᠣᠬᠢᠷᠠᠭᠤᠯᠤᠨ ᠲᠠᠬᠢᠨ ᠬᠢᠨᠠᠵᠤ᠂ ᠲᠠᠬᠢᠨ ᠬᠢᠨᠠᠬᠤ ᠦᠶᠡᠯᠡᠯ ᠤᠨ | ᠬᠤᠭᠤᠴᠠᠭ᠎ᠠ ᠶᠢ ᠡ᠊ᠩ ᠤᠨ ᠪᠠᠶᠢᠳᠠᠯ ᠳᠤ 5 ᠵᠢᠯ ᠠᠴᠠ ᠬᠡᠲᠦᠷᠡᠭᠦᠯᠬᠦ ᠦᠭᠡᠢ᠃ ᠲᠠᠬᠢᠨ ᠬᠢᠨᠠᠬᠤ ᠪᠠᠷ ᠲᠠᠮᠵᠢᠨ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠ ᠲᠧᠭᠨᠢᠭ ᠮᠡᠷᠭᠡᠵᠢᠯ ᠤᠨ ᠲᠠᠪᠰᠢᠯᠳᠠ ᠳᠤ ᠦᠯᠤ | ᠵᠣᠬᠢᠴᠠᠬᠤ ᠪᠠᠷᠢᠮᠵᠢᠶ᠎ᠠ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠤᠭᠰᠠᠨ ᠪᠤᠶᠤ ᠲᠡᠭᠦᠨ ᠢ ᠬᠦᠴᠦᠨ ᠦᠭᠡᠢ | ᠪᠣᠯᠭᠠᠪᠠ᠃ | ᠬᠤᠷᠢᠨ ᠲᠠᠪᠤᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠶᠠᠮᠤᠨ ᠲᠤᠰ ᠠᠵᠢᠯ ᠲᠦᠷᠦᠯ ᠤᠨ ᠢᠶᠠᠨ | ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ ᠲᠤᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠬᠤᠯᠪᠣᠭᠳᠠᠯ ᠪᠦᠬᠦᠢ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠬᠢᠵᠦ ᠵᠢᠱᠢᠶ᠎ᠡ | ᠦᠵᠡᠭᠦᠯᠬᠦ ᠠᠵᠢᠯ ᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠤᠨ ᠡᠯ᠎ᠡ | ᠲᠦᠷᠦᠯ ᠤᠨ ᠪᠠᠷᠢᠮᠵᠢᠶᠠᠵᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠲᠠ ᠳᠤ ᠢᠳᠡᠪᠬᠢᠲᠡᠢ | ᠣᠷᠣᠯᠴᠠᠬᠤ ᠶᠢ ᠵᠣᠷᠢᠭᠵᠢᠭᠤᠯᠤᠨ᠎ᠠ᠃ | ᠬᠤᠷᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠪᠠᠷᠢᠮᠵᠢᠶᠠᠵᠢᠭᠤᠯᠤᠯᠲᠠ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠰᠣᠶᠣᠯ ᠪᠣᠯᠣᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ | ᠳᠤᠮᠳᠠ ᠣᠷᠣᠰᠢᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ᠂ ᠵᠠᠭᠠᠯᠳᠤᠬᠤ ᠡᠷᠬᠡ ᠲᠠᠢ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠳᠤ ᠦᠨᠳᠦᠰᠦᠯᠡᠨ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠪᠠᠷᠢᠮᠵᠢᠶᠠᠵᠢᠭᠤᠯᠬᠤ ᠠᠵᠢᠯ ᠤᠨ ᠳᠤᠮᠳᠠ ᠲᠣᠪᠣᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠠ | ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠵᠤ᠂ ᠮᠡᠷᠭᠡᠵᠢᠯ | ᠤᠨ ᠬᠢᠷᠢ ᠬᠡᠮᠵᠢᠶ᠎ᠡ ᠪᠠᠷ ᠥᠨᠳᠥᠷ᠂ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠦᠷ᠎ᠡ ᠠᠰᠢᠭ ᠢᠶᠠᠷ ᠢᠯᠡᠷᠬᠡᠢ | ᠪᠠᠷᠢᠮᠵᠢᠶ᠎ᠠ ᠪᠠᠷ ᠪᠠᠷᠢᠮᠵᠢᠶᠠᠵᠢᠭᠤᠯᠤᠭᠰᠠᠨ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠡᠷᠭᠡ | ᠲᠠᠯ᠎ᠠ ᠪᠠᠷ ᠬᠢ ᠱᠠᠩᠨᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠬᠦ ᠶᠢ | ᠢᠳᠡᠪᠬᠢᠲᠡᠢ ᠪᠠᠷ ᠲᠠᠨᠢᠯᠴᠠᠭᠤᠯᠬᠤ ᠬᠡᠷᠡᠭᠲᠡᠢ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ︽ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ | ᠬᠠᠮᠢᠶᠠᠷᠤᠯᠲᠠ ᠶᠢᠨ ᠠᠷᠭ᠎ᠠ︾ ︵ᠵᠢᠭᠤᠯᠴᠢᠯᠠᠯ ᠠᠯᠪᠠᠨ ᠲᠠᠷᠬᠠᠭᠠᠭᠰᠠᠨ ﹇2009﹈ 149 ᠳ᠋ᠦ᠋ᠭᠡᠷ ᠲᠣᠭᠠᠲᠤ︶᠂ | ︽ᠰᠣᠶᠣᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ︵ᠲᠦᠷ | ᠬᠡᠷᠡᠭᠵᠢᠭᠦᠯᠬᠦ︶︾ ︵ᠰᠢᠨᠵᠢᠯᠡᠬᠦ ᠤᠬᠠᠭᠠᠨ ᠮᠡᠷᠭᠡᠵᠢᠯ ᠤᠨ ᠪᠢᠴᠢᠭ ᠮᠠᠲ᠋ᠧᠷᠢᠶᠠᠯ ﹇2011﹈ 38 ᠳ᠋ᠤᠭᠠᠷ | ᠲᠣᠭᠠᠲᠤ︶ ᠪᠠ ︽ᠵᠢᠭᠤᠯᠴᠢᠯᠠᠯ ᠤᠨ ᠦᠢᠯᠡᠰ ᠤᠨ ᠤᠯᠤᠰ ᠤᠨ ᠪᠠᠷᠢᠮᠵᠢᠶ᠎ᠠ ᠪᠠ ᠠᠵᠢᠯ ᠲᠥᠷᠥᠯ ᠤᠨ ᠪᠠᠷᠢᠮᠵᠢᠶ᠎ᠠ ᠶᠢ | ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠵᠢᠭᠤᠯᠴᠢᠯᠠᠯ ᠠᠯᠪᠠᠨ | ᠲᠠᠷᠬᠠᠭᠠᠭᠰᠠᠨ ﹇2016﹈ 274 ᠳ᠋ᠦ᠋ᠭᠡᠷ ᠲᠣᠭᠠᠲᠤ︶ ᠶᠢ ᠳᠠᠭᠠᠤ ᠳᠤ ᠨᠢ ᠬᠦᠴᠦᠨ ᠦᠭᠡᠢ ᠪᠣᠯᠭᠠᠨ᠎ᠠ᠃ |