ᠠᠯᠠᠱᠠ ᠠᠶᠢᠮᠠᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠦᠨᠡᠯᠡᠨ ᠲᠣᠭᠲᠠᠭᠠᠬᠤ ᠳᠤᠭᠤᠶᠢᠯᠠᠩ ᠠᠯᠠᠱᠠ ᠠᠭᠤᠯᠠ · ᠬᠤᠺ ᠵᠠᠮ ᠤᠨ ᠵᠢᠭᠤᠯᠴᠢᠯᠠᠯ ᠤᠨ ᠣᠷᠣᠨ ᠳᠤ ᠬᠦᠷᠴᠦ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠲᠤᠬᠠᠢ ᠶᠢᠨ ᠭᠠᠵᠠᠷ ᠤᠨ ᠦᠨᠡᠯᠡᠨ ᠲᠣᠭᠲᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/24
     ᠪᠥᠬᠦ ᠠᠶᠢᠮᠠᠭ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠲᠠᠰ ᠢ ᠳᠡᠭᠡᠭᠰᠢᠯᠡᠭᠦᠯᠬᠦ ᠶᠢᠨ ᠲᠥᠯᠥᠭᠡ᠂ 9  ᠳ᠋ᠤᠭᠡᠷ ᠰᠠᠷ᠎ᠠ ᠶᠢᠨ 14 ᠤ ᠡᠳᠦᠷ᠂ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠪᠠ ᠫᠷᠤᠹᠧᠰᠰᠤᠷ ᠢ ᠤᠷᠢᠵᠤ ᠠᠯᠠᠱᠠ ᠠᠭᠤᠯᠠ · ᠬᠤᠺ ᠵᠠᠮ ᠤᠨ ᠵᠢᠭᠤᠯᠴᠢᠯᠠᠯ ᠤᠨ ᠣᠷᠣᠨ ᠤᠯᠤᠰ ᠤᠨ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠳᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠬᠢᠯᠭᠡᠪᠡ᠃ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ  ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠠᠩ ᠯᠦ ᠵᠢᠴᠢ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ  ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ  ᠤ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠦᠨᠡᠯᠡᠨ ᠲᠣᠭᠲᠠᠭᠠᠬᠤ ᠠᠵᠢᠯᠯᠠᠭ᠎ᠠ ᠳᠤ ᠣᠷᠣᠯᠴᠠᠵᠠᠢ᠃      ᠦᠨᠡᠯᠡᠨ ᠲᠣᠭᠲᠠᠭᠠᠬᠤ ᠳᠤᠭᠤᠶᠢᠯᠠᠩ ᠨᠢ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠯᠠᠱᠠ ᠠᠭᠤᠯᠠ · ᠬᠤᠺ ᠵᠠᠮ ᠤᠨ ᠵᠢᠭᠤᠯᠴᠢᠯᠠᠯ ᠤᠨ ᠣᠷᠣᠨ ᠤ ᠵᠢᠭᠤᠯᠴᠢᠯᠠᠯ ᠤᠨ ᠵᠠᠮ ᠬᠠᠷᠢᠯᠴᠠᠭ᠎ᠠ᠂  ᠵᠤᠭᠠᠴᠠᠨ ᠦᠵᠡᠬᠦ ᠵᠢᠭᠤᠯᠴᠢᠯᠠᠯ ᠤᠨ ᠠᠮᠤᠷ ᠲᠦᠪᠰᠢᠨ᠂ ᠡᠷᠡᠭᠦᠯ ᠬᠠᠮᠠᠭᠠᠯᠠᠯ᠂ ᠰᠢᠤᠳᠠᠨ ᠬᠤᠯᠪᠣᠭᠠᠨ ᠤ ᠦᠢᠯᠡᠴᠢᠯᠡᠭᠡ᠂ ᠵᠢᠭᠤᠯᠴᠢᠯᠠᠯ ᠤᠨ ᠬᠤᠳᠠᠯᠳᠤᠭ᠎ᠠ᠂ ᠶᠡᠷᠦᠩᠬᠡᠶᠢᠯᠡᠭᠰᠡᠨ ᠬᠠᠮᠢᠶᠠᠷᠤᠯᠲᠠ᠂ ᠡᠬᠢ ᠪᠠᠶᠠᠯᠢᠭ ᠪᠠ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠦᠨᠡᠯᠡᠨ ᠲᠤᠭᠲᠠᠭᠠᠪᠠ᠃ ᠡᠭᠦᠨ ᠤ ᠬᠠᠮᠲᠤ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠲᠠᠰ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾᠂ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠲᠠᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ︾ ︵GB / T17775 ︱ 2003︶ ᠤᠯᠤᠰ ᠤᠨ ᠪᠠᠷᠢᠮᠵᠢᠶ᠎ᠠ ᠶᠢᠨ ᠬᠠᠮᠢᠶ᠎ᠠ ᠪᠦᠬᠦᠢ ᠨᠠᠷᠢᠨ ᠳᠦᠷᠢᠮ ᠲᠠᠢ ᠬᠠᠷᠢᠴᠠᠭᠤᠯᠤᠨ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠲᠡᠭᠦᠨ ᠤ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号