ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠠᠢᠮᠠᠨ ᠰᠠᠷ᠎ᠠ ᠶᠢᠨ  ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠠᠴᠠ ᠡᠮᠦᠨᠡᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠢ ᠰᠠᠶᠢᠲᠤᠷ ᠠᠳᠬᠤᠵᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2023/9/24
     ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ  ᠢᠶᠠᠷ᠂ ᠮᠠᠨ ᠤ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠨᠠᠷᠢᠨ ᠪᠣᠳᠠᠲᠠᠢ ᠬᠢᠵᠦ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 8  ᠤ ᠡᠳᠦᠷ ᠠᠴᠠ ᠡᠬᠢᠯᠡᠨ᠂ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ  ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠲᠤᠪᠴᠢᠶᠠᠨ ᠤ ᠤᠳᠤᠷᠢᠳᠤᠯᠭ᠎ᠠ ᠪᠦᠯᠬᠦᠮ ᠳᠠᠭᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠶᠠᠷ ᠭᠠᠷᠠᠭ ᠳᠠᠷᠠᠭᠠᠯᠠᠨ ᠬᠠᠶᠢᠷᠤᠪ ᠤᠨ ᠲᠣᠬᠤᠢ ᠲᠣᠭᠤᠷᠢᠭ ᠪᠠ ᠬᠠᠶᠢᠨᠠᠨ ᠲᠣᠭᠤᠷᠢᠭ ᠲᠤ ᠬᠦᠷᠴᠦ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠵᠡᠢ᠃      ᠣᠶᠢᠷ᠎ᠠ ᠶᠢᠨ ᠵᠢᠯ ᠳᠤ᠂ ᠮᠠᠨ ᠤ ᠬᠤᠲᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠡᠭᠡᠷ᠎ᠡ ᠭᠠᠳᠠᠨᠠᠬᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ  ᠶᠢ ᠢᠯᠡ ᠨᠡᠶᠢᠲᠡᠯᠡᠬᠦ ᠫᠠᠶᠢᠰᠠ ᠶᠢ ᠰᠢᠨ᠎ᠡ ᠪᠠᠷ 37 ᠨᠡᠮᠡᠵᠦ᠂ ᠥᠪᠡᠷᠲᠡᠭᠡᠨ ᠵᠠᠰᠠᠬᠤ ᠣᠷᠣᠨ ᠤ ᠲᠠᠰ   ᠠᠴᠠ ᠳᠡᠭᠡᠭᠰᠢᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠨᠡᠶᠢᠲᠡ 28 ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠡᠮᠳᠡᠭ ᠬᠥᠰᠢᠶ᠎ᠡ ᠶᠢ ᠪᠤᠰᠬᠠᠵᠤ᠂ ᠭᠤᠣᠯᠳᠠᠯᠭ᠎ᠠ ᠲᠠᠢ ᠣᠷᠳᠣ ᠴᠠᠭᠠᠨ ᠬᠡᠷᠡᠮ ᠤᠨ ᠴᠡᠭ ᠬᠡᠰᠡᠭ ᠢ ᠴᠥᠮ ᠲᠣᠣᠷ ᠢᠶᠠᠷ ᠬᠦᠷᠢᠶᠡᠯᠡᠨ ᠬᠠᠮᠠᠭᠠᠯᠠᠵᠤ᠂ ᠨᠡᠶᠢᠲᠡ 12 ᠺᠢᠯᠣᠮᠧᠲᠷ ᠬᠦᠷᠢᠶᠡᠯᠡᠨ ᠪᠢᠲᠡᠭᠦᠮᠵᠢᠯᠡᠪᠡ᠃ ᠡᠭᠦᠨ ᠤ ᠬᠠᠮᠲᠤ᠂ ᠡᠨᠡ ᠵᠢᠯ ᠤᠨ ᠥᠷᠨᠢᠭᠦᠯᠦᠭᠰᠡᠨ ᠮᠢᠩ ᠤᠨ ᠣᠷᠳᠣ ᠴᠠᠭᠠᠨ ᠬᠡᠷᠡᠮ ᠤᠨ ᠡᠯ ᠳᠤᠤ ᠺᠠᠨ ᠤ ᠴᠤᠨᠵᠢ  ᠶᠢ  ᠲᠤᠭᠠᠵᠢᠭᠤᠯᠤᠨ ᠬᠠᠮᠠᠭᠠᠯᠠᠬᠤ ᠲᠥᠷᠥᠯ ᠵᠦᠢᠯ ᠨᠢᠭᠡᠨᠲᠡ ᠰᠢᠪᠲᠤᠷᠭᠠᠨ  ᠳᠤ ᠪᠠᠨ ᠣᠷᠣᠵᠤ᠂ ᠮᠢᠩ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠨᠡᠮᠡᠷᠢᠯᠡᠭᠰᠡᠨ ᠪᠠᠶᠢᠨ᠎ᠠ᠃      ᠲᠠᠷᠠᠭᠠᠴᠢ ᠶᠢᠨ ᠱᠠᠲᠤᠨ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ  ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠪᠥᠬᠦ ᠬᠤᠲᠠ ᠶᠢᠨ 4 ᠮᠦᠽᠧᠢ᠂  ᠮᠠᠨᠪᠠ ᠷᠠᠰᠠᠩ ᠰᠦᠮ᠎ᠡ᠂ ᠪᠠᠶᠠᠨᠳᠤᠬᠠᠶ ︱ ᠳ᠋ᠦ᠋ ᠺᠧᠦ ᠨᠢᠭᠡᠳᠦᠭᠡᠷ ᠬᠤᠶᠠᠳᠤᠭᠠᠷ ᠳᠡᠰ ᠤᠨ ᠤᠰᠤ ᠲᠠᠲᠠᠬᠤ ᠥᠷᠲᠡᠭᠡ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠶᠢᠨ ᠨᠢᠭᠡᠴᠢ ᠳᠤ ᠪᠠᠶᠠᠷ ᠤᠨ ᠡᠳᠦᠷ ᠠᠴᠠ ᠡᠮᠦᠨᠡᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠵᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠲᠤ ᠪᠠᠶᠠᠷ ᠤᠨ ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号