ᠮᠠᠨᠵᠤᠤᠷ ᠬᠤᠲᠠ ᠳᠤᠮᠳᠠᠳᠤ ᠣᠷᠣᠰ ᠤᠨ ᠥᠯᠥ ᠸᠢᠰᠠᠯᠠᠬᠤ ᠵᠢᠭᠤᠯᠴᠢᠯᠠᠯ ᠤᠨ ᠪᠦᠯᠬᠦᠮ ᠤᠨ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠠᠵᠢᠯ  ᠢ ᠵᠢᠩᠬᠢᠨᠢ ᠪᠠᠷ ᠰᠡᠷᠭᠦᠭᠡᠪᠡ
ᠨᠡᠶᠢᠲᠡᠯᠡᠭᠰᠡᠨ ᠴᠠᠭ᠄
2023/9/28
     9 ᠳ᠋ᠤᠭᠡᠷ ᠰᠠᠷ᠎ᠠ ᠶᠢᠨ 22 ᠤᠨ ᠡᠳᠦᠷ᠂ ᠮᠠᠨᠵᠤᠤᠷ ᠬᠤᠲᠠ ᠳᠤᠮᠳᠠᠳᠤ ᠣᠷᠣᠰ ᠤᠨ ᠥᠯᠥ ᠸᠢᠰᠠᠯᠠᠬᠤ  ᠵᠢᠭᠤᠯᠴᠢᠯᠠᠯ ᠤᠨ ᠪᠦᠯᠬᠦᠮ ᠤᠨ ᠲᠤᠬᠠᠶᠢᠯᠠᠭᠰᠠᠨ ᠠᠵᠢᠯ ᠢᠶᠠᠨ ᠵᠢᠩᠬᠢᠨᠢ ᠪᠠᠷ ᠰᠡᠷᠭᠦᠭᠡᠪᠡ᠃ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠳᠤᠮᠳᠠᠳᠤ ᠣᠷᠣᠰ ᠬᠤᠶᠠᠷ ᠤᠯᠤᠰ ᠪᠣᠭᠤᠮᠲᠠ ᠪᠠᠷ ᠥᠩᠭᠡᠷᠡᠬᠦ ᠵᠢᠭᠤᠯᠴᠢᠯᠠᠯ ᠢ ᠲᠦᠷ ᠵᠣᠭᠰᠣᠭᠠᠪᠠ᠃ 2023 ᠣᠨ ᠤ 9 ᠳ᠋ᠤᠭᠡᠷ ᠰᠠᠷ᠎ᠠ ᠶᠢᠨ 21 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠮᠠᠨᠵᠤᠤᠷ ᠬᠤᠲᠠ ᠶᠢᠨ  ᠭᠤᠷᠪᠠᠨ ᠵᠢᠭᠤᠯᠴᠢᠯᠠᠯ ᠤᠨ ᠬᠤᠷᠢᠶ᠎ᠠ ᠳᠤᠮᠳᠠᠳᠤ ᠤᠯᠤᠰ ᠤᠨ ᠠᠷᠠᠳ ᠤᠨ ᠪᠦᠯᠬᠦᠮ ᠣᠷᠣᠰ ᠲᠤ ᠣᠴᠢᠬᠤ ᠳᠤ ᠥᠯᠥ ᠸᠢᠰᠠᠯᠠᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠠᠩᠬᠠᠨ ᠤ ᠪᠦᠯᠦᠭ ᠤᠨ ᠵᠢᠭᠤᠯᠴᠢᠯᠠᠯ ᠤᠨ ᠬᠤᠷᠢᠶ᠎ᠠ ᠪᠠᠷ ᠰᠣᠩᠭᠤᠭᠳᠠᠨ᠂ ᠲᠣᠰ ᠲᠣᠰ ᠳᠤᠮᠳᠠᠳᠤ ᠤᠯᠤᠰ ᠤᠨ 5 ᠵᠢᠭᠤᠯᠴᠢᠯᠠᠭᠴᠢ ᠪᠠᠷ ᠪᠦᠷᠢᠯᠳᠦᠭᠰᠡᠨ ᠵᠢᠭᠤᠯᠴᠢᠯᠠᠯ ᠤᠨ ᠪᠦᠯᠬᠦᠮ ᠢ  ᠵᠣᠬᠢᠶᠠᠨ ᠪᠠᠶᠢᠭᠤᠯᠵᠤ᠂ ᠮᠠᠨᠵᠤᠤᠷ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠤᠷᠤᠭᠰᠢᠲᠠᠢ ᠪᠠᠷ ᠬᠢᠯᠢ ᠠᠴᠠ ᠭᠠᠷᠴᠤ᠂ ᠣᠷᠣᠰ ᠲᠤ ᠭᠦᠷᠦᠭᠰᠡᠨ ᠪᠠᠶᠢᠨ᠎ᠠ᠃ ᠡᠨᠡ ᠪᠣᠯ ᠬᠢᠵᠢᠭ ᠤᠨ ᠭᠤᠷᠪᠠᠨ ᠵᠢᠯ ᠤᠨ ᠳᠠᠷᠠᠭ᠎ᠠ᠂ ᠮᠠᠨᠵᠤᠤᠷ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠤᠨ ᠬᠠᠮᠲᠤ ᠶᠢᠨ ᠬᠠᠮᠵᠢᠯᠴᠠᠭ᠎ᠠ ᠳᠣᠣᠷ᠎ᠠ᠂ ᠮᠠᠨᠵᠤᠤᠷ ᠪᠣᠭᠤᠮᠲᠠ ᠶᠢᠨ ᠬᠢᠨ ᠥᠯᠥ ᠸᠢᠰᠠᠯᠠᠬᠤ ᠪᠦᠯᠬᠦᠮ ᠨᠡᠶᠢᠲᠡ ᠶᠢᠨ ᠵᠢᠭᠤᠯᠴᠢᠯᠠᠯ ᠤᠨ ᠪᠣᠭᠤᠮᠲᠠ ᠪᠠᠷ ᠥᠩᠭᠡᠷᠡᠬᠦ ᠶᠢ ᠠᠩᠬ᠎ᠠ ᠤᠳᠠᠭ᠎ᠠ ᠪᠡᠶᠡᠯᠡᠭᠦᠯᠵᠦ᠂ ᠮᠠᠨᠵᠤᠤᠷ ᠤᠨ ᠬᠢᠯᠢ ᠶᠢᠨ ᠵᠢᠭᠤᠯᠴᠢᠯᠠᠯ ᠴᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠵᠤ ᠪᠠᠶᠢᠭ᠎ᠠ ᠶᠠᠪᠤᠳᠠᠯ ᠪᠣᠯᠣᠨ᠎ᠠ᠃
     ᠮᠠᠨᠵᠤᠤᠷ ᠬᠤᠲᠠ ᠨᠢ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠨᠠᠩ ᠡᠯᠪᠡᠭ ᠪᠠᠶᠠᠯᠢᠭ ᠬᠢᠯᠢ ᠠᠯᠤᠰᠯᠠᠭᠰᠠᠨ ᠵᠢᠭᠤᠯᠴᠢᠯᠠᠯ ᠤᠨ ᠪᠦᠲᠦᠭᠡᠭᠳᠡᠬᠦᠨ ᠢ ᠪᠣᠶ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢᠶᠠᠷ ᠬᠠᠷᠠᠯᠲᠠ ᠪᠠᠨ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠨᠠᠩ ᠲᠦᠷᠭᠡᠨ ᠨᠠᠩ ᠰᠠᠶᠢᠨ ᠬᠥᠭᠵᠢᠬᠦ ᠶᠢ ᠶᠡᠭᠡ ᠪᠠᠷ ᠲᠦᠯᠬᠢᠨ ᠠᠬᠢᠭᠤᠯᠤᠨ᠎ᠠ᠃
 
ᠢᠷᠡᠯᠲᠡ᠄ ᠮᠠᠨᠵᠤᠤᠷ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号