9 ᠳ᠋ᠦ᠋ᠭᠡᠷ ᠰᠠᠷ᠎ᠠ ᠶᠢᠨ 19 ᠤ ᠡᠳᠦᠷ᠂ ᠡᠨᠡ ᠵᠢᠯ ᠤᠨ 5 ᠳ᠋ᠤᠭᠠᠷ ᠰᠠᠷ᠎ᠠ ᠳᠤ ︽ᠳᠡᠯᠡᠬᠡᠢ ᠶᠢᠨ ᠪᠣᠬᠢᠷᠲᠤᠯ | ᠦᠭᠡᠢ ᠴᠠᠬᠢᠭᠤᠷ ᠤᠨ ᠬᠤᠲᠠ︾ ᠭᠡᠬᠦ ᠢᠷᠠᠭᠤ ᠠᠯᠳᠠᠷ ᠣᠯᠣᠭᠰᠠᠨ ᠤ ᠳᠠᠷᠠᠭ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠳᠠᠬᠢᠨᠲᠠ ᠰᠢᠨ᠎ᠡ ᠣᠨᠴᠠ ᠢᠷᠠᠭᠤ ᠠᠯᠳᠠᠷ ᠢ ᠭᠥᠷᠳᠡᠵᠦ᠂ ︽ | ᠳᠤᠮᠳᠠᠳᠤ ᠤᠯᠤᠰ ᠤᠨ ᠠᠳᠤᠭᠤᠨ ᠤ ᠬᠤᠲᠠ︾ ᠭᠡᠬᠦ ᠫᠠᠶᠢᠰᠠ ᠶᠢ ᠲᠣᠰᠪᠠ᠃ | 9 ᠳ᠋ᠦ᠋ᠭᠡᠷ ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ | ᠬᠢᠨ ᠠᠵᠢᠯ ᠲᠥᠷᠥᠯ ᠤᠨ ᠤᠳᠤᠷᠢᠳᠤᠯᠭ᠎ᠠ ᠵᠢᠴᠢ ᠳᠤᠮᠳᠠᠳᠤ ᠭᠠᠳᠠᠭᠠᠳᠤ ᠶᠢᠨ ᠲᠤᠰᠬᠠᠢ ᠮᠡᠷᠭᠡᠵᠢᠯᠲᠡᠳ ᠢ ᠵᠣᠬᠢᠶᠠᠨ | ᠪᠠᠶᠢᠭᠤᠯᠵᠤ᠂ ᠪᠤᠭᠤᠲᠤ ᠬᠤᠲᠠ ᠳᠤ ᠬᠦᠷᠴᠦ ᠰᠢᠨᠵᠢᠯᠡᠨ ᠪᠠᠶᠢᠴᠠᠭᠠᠭᠰᠠᠨ ᠪᠥᠭᠡᠳ ︽ᠳᠤᠮᠳᠠᠳᠤ ᠤᠯᠤᠰ ᠤᠨ | ᠠᠳᠤᠭᠤᠨ ᠤ ᠬᠤᠲᠠ︾ ᠶᠢ ᠴᠢᠷᠮᠠᠶᠢᠨ ᠡᠭᠦᠳᠬᠦ ᠶᠢ ᠦᠨᠡᠯᠡᠨ ᠲᠣᠭᠲᠠᠭᠠᠬᠤ ᠬᠤᠷᠠᠯ ᠬᠤᠷᠠᠯᠳᠤᠭᠤᠯᠵᠤ᠂ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠰᠠᠨᠠᠭᠤᠯᠭ᠎ᠠ ᠲᠠᠢ ᠤᠶᠠᠯᠳᠤᠭᠤᠯᠤᠨ᠂ ︽ᠳᠤᠮᠳᠠᠳᠤ ᠤᠯᠤᠰ ᠤᠨ | ᠠᠳᠤᠭᠤᠨ ᠤ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠪᠤᠭᠤᠲᠤ | ᠬᠤᠲᠠ ᠳᠤ ︽ᠳᠤᠮᠳᠠᠳᠤ ᠤᠯᠤᠰ ᠤᠨ ᠠᠳᠤᠭᠤᠨ ᠤ ᠬᠤᠲᠠ︾ ᠶᠢᠨ ᠴᠣᠯᠠ ᠣᠯᠭᠤᠬᠤ ᠪᠠᠷ ᠲᠣᠭᠲᠠᠪᠠ᠃ | ᠢᠷᠡᠭᠡᠳᠦᠢ ᠳᠤ᠂ ᠪᠤᠭᠤᠲᠤ ᠬᠤᠲᠠ ᠠᠳᠤᠭᠤᠨ ᠤ ᠭᠤᠣᠯ ᠰᠡᠳᠦᠪᠲᠦ ᠤᠷᠤᠯᠳᠤᠭᠠᠨ ᠤ ᠠᠵᠢᠯᠯᠠᠭ᠎ᠠ ᠪᠠᠷ | ᠭᠠᠷᠳᠠᠨ ᠬᠢᠬᠦ ᠴᠡᠭ ᠢᠶᠠᠨ ᠪᠣᠯᠭᠠᠵᠤ᠂ ᠮᠣᠷᠢᠨ ᠮᠡᠷᠭᠡᠵᠢᠯ ᠤᠨ ᠳᠠᠭᠠᠭᠠᠴᠠ ᠶᠢᠨ ᠤᠷᠤᠯᠳᠤᠭᠠᠨ᠂ ᠮᠣᠷᠢᠨ | ᠪᠥᠮᠪᠦᠭᠡ ᠶᠢᠨ ᠢᠯᠠ ᠤᠷᠤᠯᠳᠤᠭᠠᠨ ᠵᠡᠷᠭᠡ ᠮᠣᠷᠢᠨ ᠮᠡᠷᠭᠡᠵᠢᠯ ᠤᠨ ᠰᠢᠷᠢᠰ ᠤᠷᠤᠯᠳᠤᠭᠠᠨ ᠢ ᠨᠠᠷᠢᠨ ᠨᠢᠮᠪᠠᠢ | ᠲᠥᠰᠥᠪᠯᠡᠵᠦ᠂ ᠮᠣᠷᠢᠨ ᠮᠡᠷᠭᠡᠵᠢᠯ ᠤᠨ ᠭᠤᠶᠤᠯᠠᠯ ᠤᠨ ᠡᠮᠦᠰᠭᠡᠯ ᠲᠠᠢ ᠪᠠᠷ ᠬᠤᠳᠠ ᠶᠢ ᠲᠣᠭᠤᠷᠢᠨ ᠵᠣᠷᠴᠢᠬᠤ | ᠵᠡᠷᠭᠡ ᠣᠨᠴᠠᠯᠢᠭᠲᠤ ᠠᠳᠤᠭᠤᠨ ᠤ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠦᠷᠨᠢᠭᠦᠯᠦᠨ᠂ ᠳᠠᠭᠤᠯᠠᠯᠳᠤ ᠵᠦᠴᠦᠭᠡ ︽ᠬᠤᠣᠰ ᠵᠢᠭᠦᠷᠲᠦ ᠬᠤᠪᠢᠯᠭᠠᠨ ᠮᠣᠷᠢ︾᠂ ᠤᠷᠠᠨ ᠵᠢᠷᠤᠭ | ︽ᠲᠦᠮᠡᠨ ᠠᠳᠤᠭᠤ ᠳᠠᠪᠬᠢᠯᠳᠤᠬᠤ ᠵᠢᠷᠤᠭ︾ ᠵᠡᠷᠭᠡ ᠠᠳᠤᠭᠤᠨ ᠤ ᠭᠤᠣᠯ ᠰᠡᠳᠦᠪᠲᠦ ᠤᠳᠬ᠎ᠠ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠵᠦ᠂ ᠠᠳᠤᠭᠤᠨ ᠰᠣᠶᠣᠯ ᠢ ᠬᠤᠳᠠ ᠶᠢᠨ ᠠᠷᠠᠳ ᠲᠤ ᠨᠡᠩ ᠠᠮᠢᠳᠤᠯᠢᠭ ᠢᠶᠠᠷ | ᠳᠡᠯᠭᠡᠨ ᠦᠵᠡᠭᠦᠯᠦᠨ᠎ᠡ᠃ ᠪᠠᠰᠠ ᠪᠤᠭᠤᠲᠤ ᠶᠢᠨ ᠰᠠᠶᠢᠬᠠᠨ ᠲᠠᠯ᠎ᠠ᠂ ᠣᠯᠢᠮᠫᠢᠺ ᠤᠨ ᠴᠡᠴᠡᠷᠯᠢᠭ ᠵᠡᠷᠭᠡ | ᠪᠣᠯᠪᠠᠰᠤᠷᠠᠩᠭᠤᠢ ᠪᠣᠯᠤᠭᠰᠠᠨ ᠲᠠᠯᠠᠪᠠᠶ ᠶᠢ ᠭᠦᠢᠴᠡᠳ ᠠᠰᠢᠭᠯᠠᠨ ᠮᠣᠷᠢᠨ ᠤᠷᠤᠯᠳᠤᠭᠠᠨ ᠤ ᠲᠠᠯᠠᠪᠠᠶ ᠪᠠᠶᠢᠭᠤᠯᠵᠤ᠂ | ᠡᠸᠦ᠋ᠷᠦᠫᠡ ᠠᠽᠢᠶ᠎ᠠ ᠠᠮᠠᠷᠠᠯᠲᠠ ᠶᠢᠨ ᠲᠣᠰᠬᠤᠨ ᠵᠡᠷᠭᠡ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠤᠨ | ᠠᠳᠤᠭᠤᠨ ᠤ ᠭᠤᠣᠯ ᠰᠡᠳᠦᠪᠲᠦ ᠪᠠᠭᠤᠳᠠᠯ᠂ ᠠᠳᠤᠭᠤᠨ ᠤ ᠭᠤᠣᠯ ᠰᠡᠳᠦᠪᠲᠦ ᠮᠦᠽᠧᠢ ᠪᠠᠶᠢᠭᠤᠯᠵᠤ᠂ ᠣᠲᠣ ᠶᠢᠨ | ᠪᠠᠶᠢᠭ᠎ᠠ ᠮᠣᠷᠢᠨ ᠪᠥᠮᠪᠦᠭᠡ ᠶᠢᠨ ᠰᠠᠭᠤᠷᠢᠨ ᠭᠠᠵᠠᠷ ᠲᠤ ᠲᠦᠰᠢᠭᠯᠡᠨ ᠮᠣᠷᠢᠨ ᠮᠡᠷᠭᠡᠵᠢᠯ ᠤᠨ ᠤᠷᠤᠯᠳᠤᠭᠠᠨ | ᠥᠷᠨᠢᠭᠦᠯᠵᠦ᠂ ᠪᠠᠭ᠎ᠠ ᠪᠡᠯᠡ ᠣᠷᠣᠭᠤᠯᠤᠯᠲᠠ ᠪᠠᠷ ᠠᠳᠤᠭᠤᠨ ᠤ ᠬᠤᠲᠠ ᠶᠢ ᠡᠭᠦᠳᠦᠨ ᠪᠠᠶᠢᠭᠤᠯᠬᠤ ᠶᠢ ᠭᠦᠨᠵᠢᠨᠡ᠃ | |