ᠥᠪᠥᠷ ᠮᠣᠩᠭᠤᠯ ᠤᠨ ᠷᠠᠰᠢᠶᠠᠨ ᠪᠣᠭᠤᠮᠲᠠ ᠶᠢᠨ ᠦᠵᠡᠮᠵᠢ ᠶᠢᠨ ᠣᠷᠣᠨ ᠨᠢ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠬᠠᠯᠠᠮᠰᠢᠯ ᠭᠠᠵᠠᠷ ᠪᠣᠯᠪᠠ
ᠨᠡᠶᠢᠲᠡᠯᠡᠭᠰᠡᠨ ᠴᠠᠭ᠄
2023/9/28
  ᠨᠠᠮᠤᠷ ᠤᠨ ᠰᠡᠭᠦᠯᠴᠢ ᠪᠣᠯᠬᠤ ᠳᠤ᠂ ᠥᠪᠥᠷ ᠮᠣᠩᠭᠤᠯ ᠤᠨ ᠬᠢᠩᠭᠠᠨ ᠠᠶᠢᠮᠠᠭ ᠤᠨ ᠷᠠᠰᠢᠶᠠᠨ ᠤ ᠦᠵᠡᠮᠵᠢ ᠶᠢᠨ ᠣᠷᠣᠨ ᠵᠤᠨ ᠤ ᠤᠯᠠᠷᠢᠯ ᠤᠨ ᠬᠥᠬᠡᠮᠳᠦᠭ ᠨᠣᠭᠤᠭᠠᠨ ᠥᠩᠭᠡ ᠪᠠᠨ ᠰᠣᠯᠢᠵᠤ᠂ ᠨᠢᠭᠡ ᠵᠢᠯ ᠤᠨ ᠳᠣᠲᠣᠷᠠᠬᠢ ᠬᠠᠮᠤᠭ ᠤᠨ ᠳᠤᠷ᠎ᠠ ᠪᠤᠯᠢᠶᠠᠮ᠎ᠠ ᠴᠠᠭ ᠮᠥᠴᠡ ᠪᠠᠨ ᠤᠭᠲᠤᠨ ᠠᠪᠴᠢᠷᠠᠪᠠ᠃ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠢᠭᠤᠯᠴᠢᠯᠠᠭᠴᠢᠳ ᠠᠳᠡ ᠴᠤᠭᠯᠠᠷᠠᠵᠤ᠂ ᠤᠮᠠᠷᠠᠲᠤ ᠬᠢᠯᠢ ᠶᠢᠨ ᠨᠠᠮᠤᠷ ᠤᠨ ᠤᠯᠠᠷᠢᠯ ᠤᠨ ᠥᠪᠡᠷᠮᠢᠴᠡ ᠦᠵᠡᠮᠵᠢ ᠳᠤ ᠰᠣᠭᠲᠣᠭᠤᠷᠠᠵᠤ᠂ ᠷᠠᠰᠢᠶᠠᠨ ᠪᠣᠭᠤᠮᠲᠠ ᠶᠢᠨ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠢᠶᠠᠷ ᠲᠣᠭᠤᠷᠢᠨ ᠦᠵᠡᠵᠦ᠂ ᠬᠢᠯᠢ ᠶᠢᠨ ᠵᠢᠭᠤᠯᠴᠢᠯᠠᠯ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠪᠠ᠃ ᠷᠠᠰᠢᠶᠠᠨ ᠤ ᠬᠢᠯᠢ ᠶᠢᠨ ᠪᠣᠭᠤᠮᠲᠠ ᠶᠢᠨ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠨᠢ ᠮᠣᠩᠭᠤᠯ ᠤᠯᠤᠰ ᠲᠠᠢ ᠭᠤᠣᠯ ᠢᠶᠠᠷ ᠠᠯᠤᠰᠯᠠᠭᠳᠠᠵᠤ᠂ ᠠᠳᠡᠬᠢ ᠥᠩᠭᠡ ᠦᠵᠡᠮᠵᠢ ᠪᠠ ᠵᠠᠩ ᠠᠭᠠᠯᠢ ᠨᠢ ᠠᠳᠠᠯᠢ ᠪᠤᠰᠤ ᠪᠠᠶᠢᠵᠤ᠂ ᠵᠢᠭᠤᠯᠴᠢᠯᠠᠭᠴᠢᠳ ᠲᠤ ᠣᠨᠴᠠᠭᠠᠢ ᠰᠣᠨᠢᠷᠬᠠᠯ ᠤᠨ ᠲᠥᠷᠥᠭᠳᠡᠯ ᠣᠯᠭᠤᠵᠠᠢ᠃ ᠣᠳᠣᠬᠠᠨ ᠳᠤ᠂ ᠨᠢᠭᠡᠨᠲᠡ ᠨᠡᠭᠡᠭᠡᠨ ᠬᠥᠭᠵᠢᠭᠦᠯᠵᠦ ᠪᠠᠶᠢᠭᠤᠯᠤᠭᠰᠠᠨ ᠤᠯᠤᠰ ᠤᠨ ᠡᠭᠦᠳᠡ᠂ ᠬᠢᠯᠢ ᠶᠢᠨ ᠭᠤᠣᠯ ᠤᠨ ᠬᠥᠭᠦᠷᠭᠡ᠂ ᠬᠢᠯᠢ ᠶᠢᠨ ᠬᠥᠰᠢᠶ᠎ᠡ ᠵᠡᠷᠭᠡ ᠦᠵᠡᠮᠵᠢ ᠶᠢᠨ ᠭᠠᠵᠠᠷ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠨ᠎ᠡ ᠪᠠᠷ ᠪᠠᠶᠢᠭᠤᠯᠤᠭᠰᠠᠨ 1382 ᠤᠯᠠᠭ᠎ᠠ ᠥᠷᠲᠡᠭᠡ ᠨᠢ ᠨᠠᠩ ᠴᠤ ᠰᠦᠯᠵᠢᠶᠡᠨ ᠤ ᠺᠠᠷᠲ  ᠳᠠᠩᠰᠠᠯᠠᠬᠤ ᠭᠠᠵᠠᠷ ᠪᠣᠯᠤᠭᠰᠠᠨ ᠪᠠᠶᠢᠨ᠎ᠠ᠃ ᠡᠨᠡ ᠬᠦ ᠰᠣᠶᠣᠯ ᠤᠨ ᠡᠭᠦᠳᠦᠯᠲᠡ ᠶᠢᠨ ᠨᠠᠷᠠᠲᠤ ᠲᠡᠮᠳᠡᠭ ᠤᠨ ᠳᠡᠯᠭᠡᠭᠦᠷ᠂ ᠰᠡᠯᠡᠭᠦᠴᠡᠯ ᠤᠨ ᠤᠮᠳᠠᠭᠠᠨ ᠤ ᠲᠣᠭᠤᠷᠢᠭ᠂ ᠦᠵᠡᠮᠵᠢ ᠶᠢᠨ ᠲᠣᠭᠤᠷᠢᠭ ᠵᠡᠷᠭᠡ ᠶᠢ ᠨᠢᠭᠡ ᠴᠣᠭᠴᠠᠵᠢᠭᠤᠯᠤᠭᠰᠠᠨ ᠭᠠᠵᠠᠷ ᠲᠤ ᠲᠤᠭ᠎ᠠ ᠲᠣᠮᠰᠢ ᠦᠭᠡᠢ ᠣᠯᠠᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠵᠠᠢ᠃ ᠷᠠᠰᠢᠶᠠᠨ ᠤ ᠪᠣᠭᠤᠮᠲᠠ ᠪᠣᠯ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠳᠤ ᠲᠣᠭᠲᠠᠭᠠᠭᠰᠠᠨ ᠤᠷᠤᠰ ᠪᠣᠯᠣᠨ ᠮᠣᠩᠭᠤᠯ ᠳᠤ ᠨᠡᠭᠡᠭᠡᠯᠲᠡ ᠬᠢᠬᠦ ᠴᠢᠬᠤᠯᠠ ᠵᠠᠮ ᠪᠣᠯᠬᠤ ᠪᠠᠷ ᠪᠠᠷᠠᠬᠤ ᠦᠭᠡᠢ᠂ ᠪᠠᠰᠠ ᠴᠤ ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠢ ᠬᠤᠯᠪᠣᠬᠤ ᠴᠢᠬᠤᠯᠠ ᠬᠦᠢᠰᠦ ᠪᠣᠯᠣᠨ᠎ᠠ᠃ ᠡᠭᠦᠨ ᠤ ᠬᠠᠮᠲᠤ᠂ ᠷᠠᠰᠢᠶᠠᠨ ᠪᠣᠭᠤᠮᠲᠠ ᠨᠢ ᠪᠠᠰᠠ ᠬᠢᠩᠭᠠᠨ ᠠᠶᠢᠮᠠᠭ ᠤᠨ ᠬᠤᠶᠢᠲᠤ ᠶᠡᠭᠡ ᠬᠠᠭᠠᠯᠭ᠎ᠠ ᠪᠠ ᠤᠮᠠᠷᠠᠰᠢ ᠨᠡᠭᠡᠭᠡᠭᠰᠡᠨ ᠪᠠᠬᠢᠯᠡᠯᠲᠡ ᠪᠠᠶᠢᠵᠤ᠂ ᠴᠢᠬᠤᠯᠠ ᠭᠠᠵᠠᠷ ᠵᠦᠢ ᠶᠢᠨ ᠪᠠᠶᠢᠷᠢᠯᠠᠯ ᠪᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠡᠭᠦᠷᠭᠡᠯᠡᠵᠦ ᠪᠤᠢ᠃ ᠠᠳᠡ᠂ ᠵᠢᠭᠤᠯᠴᠢᠯᠠᠭᠴᠢᠳ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠶᠢ ᠰᠣᠨᠢᠷᠬᠠᠵᠤ ᠪᠣᠯᠬᠤ ᠪᠠᠷ ᠪᠠᠷᠠᠬᠤ ᠦᠭᠡᠢ ᠪᠠᠰᠠ ᠬᠢᠯᠢ ᠬᠢᠵᠠᠭᠠᠷ ᠣᠷᠣᠨ ᠤ ᠲᠡᠦᠬᠡ ᠰᠣᠶᠣᠯ ᠪᠣᠯᠣᠨ ᠥᠪᠡᠷᠮᠢᠴᠡ ᠣᠨᠴᠠᠯᠢᠭ ᠲᠠᠢ ᠵᠠᠩ ᠦᠢᠯᠡ ᠶᠢ ᠣᠶᠢᠯᠠᠭᠠᠵᠤ ᠪᠣᠯᠣᠨ᠎ᠠ᠃  ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠭᠠᠯᠳᠤᠨ᠂ ᠤᠯᠠᠮ ᠠᠴᠠ ᠤᠯᠠᠮ ᠤᠯᠠᠨ ᠵᠢᠭᠤᠯᠴᠢᠯᠠᠭᠴᠢᠳ  ᠡᠨᠡᠬᠦ ᠦᠵᠡᠰᠬᠦᠯᠡᠩᠲᠦ ᠰᠠᠶᠢᠬᠠᠨ ᠭᠠᠵᠠᠷ ᠲᠤ ᠠᠩᠬᠠᠷᠤᠯ  ᠢᠶᠠᠨ ᠬᠠᠨᠳᠤᠭᠤᠯᠵᠤ ᠪᠠᠶᠢᠨ᠎ᠠ᠃ ᠷᠠᠰᠢᠶᠠᠨ ᠤ ᠬᠢᠯᠢ ᠶᠢᠨ ᠪᠣᠭᠤᠮᠲᠠ ᠶᠢᠨ ᠦᠵᠡᠮᠵᠢ ᠶᠢᠨ ᠣᠷᠣᠨ ᠨᠢ ᠲᠡᠭᠦᠨ ᠤ ᠥᠪᠡᠷᠮᠢᠴᠡ ᠷᠢᠳᠢ ᠰᠢᠳᠢ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢᠶᠠᠷ ᠢᠶᠠᠨ ᠵᠢᠭᠤᠯᠴᠢᠯᠠᠭᠴᠢᠳ ᠤᠨ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ ᠪᠣᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号