ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ 27 ᠳ᠋ᠤᠭᠠᠷ ᠤᠲᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠪᠣᠯᠣᠨ ᠱᠠᠨᠳᠦ᠋ᠩ ᠤᠨ ᠽᠤᠤᠵᠤᠸᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/9/29
     9 ᠳ᠋ᠦ᠋ᠭᠡᠷ ᠰᠠᠷ᠎ᠠ ᠶᠢᠨ 28 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ 2023 ᠣᠨ ᠤ 27 ᠳ᠋ᠤᠭᠠᠷ ᠤᠲᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂  ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠪᠣᠯᠣᠨ ᠱᠠᠨᠳᠦ᠋ᠩ ᠤᠨ ᠽᠤᠤᠵᠤᠸᠠᠩ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂   ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠴᠢᠬᠤᠯᠠ ᠱᠠᠭᠠᠷᠳᠠᠯᠭ᠎ᠠ ᠳᠤᠷᠠᠳᠴᠠᠢ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ‌‍ᠶᠡᠷᠦᠩᠬᠡᠢ ᠱᠦᠵᠢ  ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ  ᠦᠨᠡᠨ ᠬᠦ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ︽ᠬᠤᠶᠠᠷ ᠢ ᠬᠠᠮᠠᠭᠠᠯᠠᠬᠤ︾ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠦᠷ᠎ᠡ ᠪᠦᠲᠦᠮᠵᠢ ᠣᠯᠬᠤ ᠶᠢ ᠲᠦᠷᠭᠡᠨ ᠠᠬᠢᠭᠤᠯᠵᠤ᠂ ᠨᠡᠩ ᠤᠯᠠᠨ ᠵᠠᠯᠠᠭᠤᠴᠤᠳ ᠢ ᠬᠥᠳᠡᠭᠡ ᠲᠣᠰᠬᠤᠨ ᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠣᠷᠣᠯᠴᠠᠭᠤᠯᠵᠤ᠂ ᠬᠥᠳᠡᠭᠡ ᠲᠣᠰᠬᠤᠨ ᠤ  ᠵᠢᠭᠤᠯᠴᠢᠯᠠᠯ ᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠦᠵᠡᠭᠦᠯᠬᠦ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠣᠶᠣᠯ ᠤᠨ ᠥᠪ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠢᠴᠢᠭ ᠤᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号