ᠲᠦᠩᠯᠢᠶᠣᠣ ᠬᠤᠲᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠣᠭᠲᠠᠴᠠ ᠪᠠᠨ ᠰᠢᠨᠡᠴᠢᠯᠡᠪᠡ
ᠨᠡᠶᠢᠲᠡᠯᠡᠭᠰᠡᠨ ᠴᠠᠭ᠄
2023/9/3
    2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠡᠨᠡ ᠵᠢᠯ ᠠᠴᠠ ᠨᠠᠭᠠᠰᠢ᠂ ᠲᠦᠩᠯᠢᠶᠣᠣ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽2023 ᠣᠨ ᠤ ᠪᠥᠬᠦ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠰᠢᠯᠭᠠᠨ ᠦᠨᠡᠯᠡᠬᠦ ᠨᠠᠷᠢᠨ ᠳᠦᠷᠢᠮ︾    ᠲᠠᠢ ᠬᠠᠷᠢᠴᠠᠭᠤᠯᠤᠨ ᠰᠢᠯᠭᠠᠵᠤ᠂ ᠲᠣᠭᠲᠠᠴᠠ ᠶᠢᠨ ᠠᠵᠢᠯᠯᠠᠭᠠᠨ ᠢ ᠴᠢᠩᠭᠠᠳᠬᠠᠵᠤ᠂ ᠭᠤᠣᠯᠳᠠᠯᠭ᠎ᠠ ᠶᠢ ᠠᠳᠬᠤᠨ᠂ ᠰᠢᠪᠲᠤᠯᠤᠯᠲᠠ  ᠶᠢ ᠡᠷᠢᠯᠬᠢᠯᠡᠵᠦ᠂ ᠲᠣᠭᠲᠠᠭᠤᠨ ᠢᠶᠠᠷ ᠳᠡᠭᠡᠭᠰᠢᠯᠡᠭᠦᠯᠦᠨ᠂ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠪᠠ᠃      ᠨᠡᠶᠢᠲᠡᠯᠢᠭ ᠵᠢᠱᠢᠶ᠎ᠡ ᠪᠠᠷ ᠬᠤᠰᠢᠭᠤᠴᠢᠯᠠᠭᠤᠯᠵᠤ᠂ ᠬᠦᠨᠳᠦ ᠶᠡᠭᠡ ᠬᠡᠷᠡᠭ ᠢ ᠰᠢᠮᠳᠠᠭᠤᠯᠤᠨ ᠰᠢᠢᠳᠪᠦᠷᠢᠯᠡᠭᠦᠯᠬᠦ ᠶᠢ ᠴᠢᠩᠭᠠᠷᠠᠭᠤᠯᠤᠨ ᠲᠦᠩᠯᠢᠶᠣᠣ ᠶᠢᠨ ᠬᠡᠷᠡᠭ ᠰᠢᠢᠳᠪᠦᠷᠢᠯᠡᠬᠦ ᠨᠠᠷᠠᠲᠤ ᠲᠡᠮᠳᠡᠭᠲᠦ ᠶᠢ ᠪᠣᠶ ᠪᠤᠯᠭᠠᠪᠠ᠃ ᠥᠪᠡᠷᠮᠢᠴᠡ ᠣᠨᠴᠠᠯᠢᠭ ᠲᠠᠢ᠂ ᠨᠡᠶᠢᠲᠡᠯᠢᠭ ᠴᠢᠨᠠᠷ ᠲᠠᠢ᠂ ᠲᠥᠯᠥᠭᠡᠯᠡᠬᠦ ᠴᠢᠨᠠᠷ ᠲᠠᠢ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ ᠬᠡᠷᠡᠭ ᠢ ᠲᠥᠪᠯᠡᠷᠡᠭᠦᠯᠦᠨ ᠰᠢᠢᠳᠪᠦᠷᠢᠯᠡᠬᠦ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃      ᠬᠠᠮᠲᠤᠷᠠᠨ ᠬᠠᠮᠵᠢᠯᠴᠠᠵᠤ ᠲᠦᠩᠯᠢᠶᠣᠣ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃ ᠬᠡᠷᠡᠭ ᠰᠢᠢᠳᠪᠦᠷᠢᠯᠡᠬᠦ ᠵᠠᠭᠪᠤᠷ  ᠶᠢ ᠰᠢᠨᠡᠴᠢᠯᠡᠵᠦ᠂ ︽ᠭᠠᠭᠴᠠᠭᠠᠷ ᠢᠶᠠᠨ ᠪᠠᠶᠢᠯᠳᠤᠬᠤ︾ ᠠᠴᠠ ︽ᠬᠠᠮᠵᠢᠯᠴᠠᠨ ᠪᠠᠶᠢᠯᠳᠤᠬᠤ︾ ᠬᠦᠷᠲᠡᠯ᠎ᠡ᠂ ᠭᠠᠳᠠᠭᠰᠢ ᠭᠠᠷᠴᠤ ᠣᠷᠣᠨ ᠪᠦᠰᠡ ᠠᠯᠤᠰᠯᠠᠨ ᠬᠠᠮᠲᠤᠷᠠᠨ ᠠᠵᠢᠯᠯᠠᠵᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ ᠥᠷᠨᠢᠭᠦᠯᠪᠡ᠃      ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠲᠦᠩᠯᠢᠶᠣᠣ ᠬᠤᠲᠠ ᠶᠢᠨ ᠬᠡᠷᠡᠭ ᠰᠢᠢᠳᠪᠦᠷᠢᠯᠡᠬᠦ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡᠳᠦᠯᠲᠡᠢ ᠲᠥᠯᠥᠪᠯᠡᠨ ᠵᠢᠯᠤᠭᠤᠳᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠴᠢᠳᠠᠪᠤᠷᠢ ᠪᠠᠷ ᠴᠢᠩᠭ᠎ᠠ᠂ ᠬᠡᠷᠡᠭ ᠰᠢᠢᠳᠪᠦᠷᠢᠯᠡᠬᠦ ᠲᠤᠷᠰᠢᠯᠭ᠎ᠠ ᠪᠠᠷ ᠪᠠᠶᠠᠯᠢᠭ ᠪᠠᠶᠢᠳᠠᠭ ᠳᠠᠪᠠᠭᠤᠯᠢᠭ ᠢᠶᠠᠨ ᠪᠠᠳᠠᠷᠠᠭᠤᠯᠤᠨ᠂ ᠳᠣᠷᠣᠭᠰᠢ ᠪᠠᠭᠤᠵᠤ ᠬᠤᠰᠢᠭᠤ ᠰᠢᠶᠠᠨ ᠢ ᠬᠠᠪᠰᠤᠷᠤᠨ ᠬᠡᠷᠡᠭ ᠰᠢᠢᠳᠪᠦᠷᠢᠯᠡᠬᠦ ᠠᠵᠢᠯ ᠢ ᠥᠷᠨᠢᠭᠦᠯᠵᠦ᠂ ᠬᠤᠰᠢᠭᠤ ᠰᠢᠶᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯᠲᠠᠨ ᠤ ᠬᠡᠷᠡᠭ ᠰᠢᠢᠳᠪᠦᠷᠢᠯᠡᠬᠦ ᠶᠢ ᠲᠤᠬᠠᠢ ᠶᠢᠨ ᠲᠠᠯᠠᠪᠤᠷ ᠲᠤ ᠨᠢ ᠵᠢᠯᠤᠭᠤᠳᠴᠤ᠂ ᠪᠥᠬᠦ ᠬᠤᠲᠠ ᠶᠢᠨ ᠬᠠᠤᠯᠢ ᠬᠡᠷᠡᠭᠵᠢᠭᠦᠯᠬᠦ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠪᠠ᠃
 
ᠢᠷᠡᠯᠲᠡ᠄ ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号