ᠥᠪᠥᠷ ᠮᠣᠩᠭᠤᠯ ︽ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠣᠷᠬᠢᠯ ᠳᠠᠪᠬᠤᠷᠭ᠎ᠠ ᠶᠢᠨ ᠲᠦᠯᠦᠪᠯᠡᠭᠡ ᠶᠢ ᠳᠡᠭᠡᠭᠰᠢᠯᠡᠰᠢᠯᠡᠭᠦᠯᠵᠦ ᠵᠡᠭᠦᠨ ᠬᠤᠶᠢᠲᠤ ᠶᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/9/3
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠡᠳ᠂ 8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃      ︽ᠲᠥᠰᠥᠯ︾ ᠢ ᠶᠡᠷᠦᠩᠬᠡᠢ ᠱᠠᠭᠠᠷᠳᠠᠯᠭ᠎ᠠ᠂ ᠬᠥᠭᠵᠢᠯᠲᠡ ᠶᠢᠨ ᠪᠠᠶᠢᠷᠢᠰᠢᠯ᠂ ᠭᠤᠣᠯ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠭᠤᠣᠯ ᠬᠡᠰᠡᠭ ᠢᠶᠠᠷ ᠬᠤᠪᠢᠶᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠤ 2025 ᠣᠨ᠂ 2030 ᠣᠨ᠂ 2035 ᠣᠨ ᠬᠦᠷᠲᠡᠯᠡᠬᠢ ᠡᠯ᠎ᠡ ᠱᠠᠲᠤ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠵᠤ᠂ ᠨᠢᠭᠡ ᠭᠤᠯᠳᠤ ᠭᠤᠷᠪᠠᠨ ᠬᠥᠨᠳᠡᠯᠡᠨ ᠵᠢᠭᠤᠯᠴᠢᠯᠠᠯ ᠤᠨ ᠵᠠᠮ ᠱᠤᠭᠤᠮ᠂ ︽ᠭᠤᠷᠪᠠᠨ ᠲᠣᠭᠤᠷᠢᠭ ᠭᠤᠷᠪᠠᠨ ᠪᠦᠰᠡ︾ ᠶᠢᠨ ᠵᠢᠭᠤᠯᠴᠢᠯᠠᠯ ᠤᠨ ᠬᠡᠰᠡᠭ ᠢ ᠪᠠᠶᠢᠭᠤᠯᠬᠤ᠂ ᠵᠢᠭᠤᠯᠴᠢᠯᠠᠯ ᠤᠨ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠠᠷ ᠤᠬᠠᠭᠠᠯᠠᠨ ᠲᠥᠯᠥᠪᠯᠡᠵᠦ᠂ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠬᠤ 15 ᠵᠦᠢᠯ ᠤᠨ ᠪᠣᠳᠠᠲᠠᠢ ᠡᠭᠦᠷᠭᠡ ᠪᠠ 6 ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃      ︽ᠲᠥᠰᠥᠯ︾ ᠢ ᠨᠡᠶᠢᠲᠡᠯᠡᠭᠰᠡᠨ ᠨᠢ ᠤᠯᠤᠰ ᠤᠨ ︽ᠵᠡᠭᠦᠨ ᠬᠤᠶᠢᠲᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ  ᠪᠠᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠴᠢᠬᠤᠯᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠣᠷᠣᠨ ᠤ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ ᠤᠨ ᠤᠯᠤᠰ ᠤᠨ ᠵᠡᠭᠦᠨ ᠬᠤᠶᠢᠲᠤ ᠣᠷᠣᠨ ᠤ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠬᠦ ᠠᠵᠠ ᠲᠣᠬᠢᠶᠠᠯ ᠢ ᠡᠵᠡᠮᠳᠡᠬᠦ ᠶᠢ ᠴᠢᠨᠠᠭᠰᠢᠳᠠ ᠠᠬᠢᠭᠤᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠪᠦᠬᠦᠢ ᠥᠪᠡᠷ ᠢᠶᠠᠨ ᠮᠠᠰᠢᠨ ᠵᠢᠯᠤᠭᠤᠳᠴᠤ ᠵᠤᠭᠠᠴᠠᠬᠤ ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ  ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ ᠪᠠ ᠡᠷᠡᠭᠦᠯ ᠡᠩᠬᠡ ᠰᠤᠪᠢᠯᠠᠯᠲᠠ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠪᠤᠶ ᠪᠣᠯᠭᠠᠵᠤ᠂ ᠤᠯᠤᠰ ᠤᠨ ᠲᠠᠰ ᠤᠨ ᠠᠮᠢ ᠠᠬᠤᠢ ᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠢ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠴᠢᠳᠠᠮᠵᠢ ᠪᠠ ᠪᠦᠬᠦᠯᠢ ᠴᠣᠭᠴᠠ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠵᠠᠮ ᠱᠤᠭᠤᠮ ᠢᠶᠠᠨ ᠬᠠᠷᠢᠯᠴᠠᠨ ᠠᠬᠢᠭᠤᠯᠬᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠵᠢᠭᠤᠯᠴᠢᠯᠠᠯ ᠤᠨ ᠦᠢᠯᠡᠰ ᠢ ᠵᠡᠭᠦᠨ ᠬᠡᠰᠡᠭ ᠤᠨ ᠭᠠᠵᠠᠷ ᠣᠷᠣᠨ ᠤ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠴᠢᠬᠤᠯᠠ ᠠᠵᠤ ᠦᠢᠯᠡᠰ ᠪᠤᠯᠭᠠᠬᠤ ᠶᠢᠨ ᠲᠥᠯᠥᠭᠡ ᠶᠤᠮ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号