ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠤᠷᠠᠯᠢᠭ | ᠵᠦᠴᠦᠭᠡ ᠶᠢᠨ ᠬᠦᠷᠢᠶᠡᠯᠡᠩ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ | ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ | ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ | ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ ᠴᠡᠴᠡᠭᠯᠡᠯ ᠬᠥᠭᠵᠢᠯ ᠢ ᠠᠬᠢᠭᠤᠯᠵᠤ᠂ | ᠤᠳᠬ᠎ᠠ ᠤᠷᠠᠯᠢᠭ ᠤᠨ ᠠᠷᠭ᠎ᠠ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠡᠷᠬᠢᠨ ᠰᠠᠶᠢᠲᠤᠷ ᠲᠠᠶᠢᠯᠪᠤᠷᠢᠯᠠᠬᠤ ᠶᠢ ᠢᠳᠡᠪᠬᠢᠲᠡᠢ | ᠰᠦᠪᠡᠭᠴᠢᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠤᠨ ᠰᠢᠨ᠎ᠡ ᠬᠢᠯᠠᠰ ᠴᠡᠭ ᠢ | ᠡᠭᠦᠳᠪᠡ᠃ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ᠂ ᠪᠦᠯᠬᠦᠮᠳᠡᠨ ᠲᠡᠮᠡᠴᠡᠭᠰᠡᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠠᠴᠠ ᠤᠷᠠᠯᠢᠭ ᠤᠨ | ᠵᠣᠬᠢᠶᠠᠨ ᠪᠦᠲᠦᠭᠡᠯᠭᠡ ᠶᠢᠨ ᠪᠣᠷᠣ ᠮᠠᠲ᠋ᠧᠷᠢᠶᠠᠯ ᠬᠤᠷᠠᠮᠳᠤᠭᠤᠯᠵᠤ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ | ᠠᠪᠢᠶᠠᠰ ᠪᠢᠯᠢᠭ ᠢ ᠰᠢᠩᠭᠡᠬᠡᠨ ᠠᠪᠬᠤ ᠶᠢᠨ ᠲᠥᠯᠥᠭᠡ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠢ ᠵᠣᠬᠢᠶᠠᠨ ᠪᠠᠶᠢᠭᠤᠯᠤᠨ ᠪᠦᠬᠦ ᠣᠷᠣᠨ ᠤ ᠡᠯ᠎ᠡ | ᠭᠠᠵᠠᠷ ᠲᠤ ᠭᠦᠨᠵᠡᠭᠡᠶᠢᠷᠡᠭᠦᠯᠵᠦ᠂ ᠵᠣᠬᠢᠶᠠᠨ ᠪᠦᠲᠦᠭᠡᠭᠴᠢ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ | ᠬᠤᠳᠠ ᠶᠢᠨ ᠰᠢᠺᠸᠦ ᠲᠣᠰᠬᠤᠨ᠂ ᠤᠯᠠᠭᠠᠨᠬᠤᠲᠠ ᠶᠢᠨ ᠰᠠᠨ ᠾᠧ ᠲᠣᠰᠬᠤᠨ ᠳᠤ ︽ᠠᠮᠢᠳᠤᠷᠠᠯ ᠳᠤ | ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠠᠵᠢᠯᠯᠠᠭ᠎ᠠ ᠥᠷᠨᠢᠭᠦᠯᠵᠡᠢ᠃ | ᠬᠡᠰᠡᠭ ᠬᠤᠭᠤᠴᠠᠭᠠᠨ ᠤ ᠲᠤᠷᠰᠢ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠶᠠᠰᠤ | ᠰᠢᠨᠳᠠᠰᠤ ᠲᠠᠢ᠂ ᠶᠣᠰᠣ ᠮᠣᠷᠠᠯ ᠲᠠᠢ᠂ ᠬᠠᠯᠠᠭᠤᠨ ᠳᠤᠯᠠᠭᠠᠨ ᠤᠳᠬ᠎ᠠ ᠤᠷᠠᠯᠢᠭ ᠤᠨ ᠪᠦᠲᠦᠭᠡᠯ ᠢᠶᠠᠷ ᠳᠠᠮᠵᠢᠭᠤᠯᠤᠨ | ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠵᠤ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ | ᠦᠵᠡᠭᠦᠯᠦᠭᠰᠡᠨ ᠲᠠᠶᠢᠰᠠᠨ ᠤ ᠤᠷᠠᠯᠢᠭ ᠤᠨ ᠪᠦᠲᠦᠭᠡᠯ ᠨᠢ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ | ᠲᠥᠷᠥᠯ ᠲᠡᠮᠳᠡᠭᠲᠦ ᠶᠢᠨ ᠭᠤᠣᠯ ᠰᠡᠳᠦᠪᠲᠦ ᠬᠥᠮᠦᠵᠢᠯ ᠳᠤ ᠬᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠪᠠᠶᠢᠨ᠎ᠠ᠃ | | |