ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠲᠦᠷᠦᠭᠦᠬᠡᠨ | 2023 ᠣᠨ ᠤ ᠪᠥᠬᠦ ᠤᠯᠤᠰ ᠤᠨ ᠬᠥᠬᠡ ᠲᠠᠰ᠂ ᠬᠥᠬᠡᠭᠴᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ | ᠰᠠᠭᠤᠴᠠ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠂ ᠪᠥᠬᠦ ᠠᠭᠤᠯᠭ᠎ᠠ ᠨᠢ ᠳᠣᠣᠷᠠᠬᠢ ᠮᠡᠲᠦ᠃ | ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠦᠭᠰᠡᠨ᠂ | ᠮᠤᠵᠢ ᠶᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠦᠨᠡᠯᠡᠨ ᠲᠣᠭᠲᠠᠭᠠᠬᠤ | ᠪᠠᠶᠢᠭᠤᠯᠤᠮᠵᠢ ᠶᠢᠨ ᠠᠩᠬᠠᠨ ᠤ ᠬᠢᠨᠠᠯᠲᠠ ᠪᠠᠷ ᠳᠡᠮᠵᠢᠨ᠂ ᠪᠥᠬᠦ ᠤᠯᠤᠰ ᠤᠨ ᠵᠢᠭᠤᠯᠴᠢᠯᠠᠯ ᠤᠨ | ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠦᠪᠯᠡᠯ ᠡᠴᠦᠰ ᠤᠨ ᠦᠨᠡᠯᠡᠯᠲᠡ ᠬᠢᠵᠦ᠂ 112 ᠠᠷᠠᠳ ᠤᠨ ᠣᠷᠣᠨ | ᠰᠠᠭᠤᠴᠠ ᠶᠢ ᠦᠨᠳᠦᠰᠦᠨ ᠳᠤ ᠪᠠᠨ ᠬᠥᠬᠡ ᠲᠠᠰ᠂ ᠬᠥᠬᠡᠭᠴᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ | ᠰᠠᠭᠤᠴᠠ ᠶᠢᠨ ᠪᠠᠷᠢᠮᠵᠢᠶ᠎ᠠ ᠳᠤ ᠬᠦᠷᠪᠡ ᠭᠡᠵᠡᠢ᠃ | ︽︿ᠵᠢᠭᠤᠯᠴᠢᠯᠠᠯ ᠤᠨ ᠠᠷᠠᠳ ᠤᠨ ᠤᠷᠤᠨ ᠰᠠᠭᠤᠴᠠ ᠶᠢᠨ ᠦᠨᠳᠦᠰᠦᠨ ᠱᠠᠭᠠᠷᠳᠠᠯᠭ᠎ᠠ ᠬᠢᠭᠡᠳ ᠵᠡᠷᠭᠡ | ᠳᠡᠰ ᠤᠨ ᠬᠤᠪᠢᠶᠠᠷᠢᠯᠠᠯ﹀ ︵GB/T 41648 ︱ 2022︶ ᠢ ᠬᠡᠷᠡᠭᠵᠢᠭᠦᠯᠬᠦ ᠠᠵᠢᠯ ᠤᠨ ᠵᠢᠯᠤᠭᠤᠳᠬᠤ | ᠳᠦᠷᠢᠮ︾ ᠢ ᠦᠨᠳᠦᠰᠦᠯᠡᠨ ᠳᠣᠣᠷᠠᠬᠢ ᠮᠡᠲᠦ ᠨᠡᠶᠢᠲᠡᠯᠡᠪᠡ᠄ ︵ᠳᠠᠭᠠᠯᠳᠤᠭᠤᠯᠤᠯ ᠳᠤ ᠦᠵᠡ︶ | ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 1 ᠳ᠋ᠤᠭᠡᠷ ᠰᠠᠷ᠎ᠠ ᠶᠢᠨ 9 ᠤ ᠡᠳᠦᠷ ᠠᠴᠠ 2024 | ᠣᠨ ᠤ 1 ᠳ᠋ᠤᠭᠡᠷ ᠰᠠᠷ᠎ᠠ ᠶᠢᠨ 15 ᠤ ᠡᠳᠦᠷ ︵5 ᠠᠵᠢᠯᠯᠠᠬᠤ ᠡᠳᠦᠷ︶ ᠪᠣᠯᠣᠨ᠎ᠠ᠃ ᠵᠠᠷᠯᠠᠨ ᠨᠡᠶᠢᠲᠡᠯᠡᠬᠦ | ᠬᠤᠭᠤᠴᠠᠭᠠᠨ ᠳᠤ ᠬᠡᠷᠪᠡ ᠠᠰᠠᠭᠤᠳᠠᠯ ᠲᠠᠢ ᠪᠣᠯ᠂ ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ | ᠮᠡᠷᠭᠡᠵᠢᠯ ᠤᠨ ᠵᠥᠪᠯᠡᠯ ᠤᠨ ᠨᠠᠷᠢᠨ ᠪᠢᠴᠢᠭ ᠤᠨ ᠭᠠᠵᠠᠷ ᠲᠤ ᠲᠤᠰᠬᠠᠬᠤ ᠬᠡᠷᠡᠭᠲᠡᠢ᠃ | ᠬᠢᠨᠠᠯᠲᠠ ᠲᠠᠯᠪᠢᠬᠤ ᠤᠲᠠᠰᠤ᠄ 010 ︱ 65201402/1466 | ᠬᠠᠷᠢᠯᠴᠠᠬᠤ ᠬᠠᠶ᠋ᠢᠭ᠄ ᠪᠡᠭᠡᠵᠢᠩ ᠬᠤᠲᠠ ᠶᠢᠨ ᠳ᠋ᠦ᠋ᠩᠴᠸᠡᠭ ᠲᠣᠭᠤᠷᠢᠭ ᠤᠨ ᠵᠢᠶᠠᠨ ᠭᠦᠸᠧ ᠮᠧᠨ ᠤ ᠳᠤᠲᠤᠷ᠎ᠠ | ᠶᠡᠭᠡ ᠵᠡᠭᠡᠯᠢ ᠶᠢᠨ ᠬᠥᠬᠡ 9 ᠳ᠋ᠤᠭᠡᠷ ᠨᠣᠮᠧᠷ | ᠰᠢᠤᠳᠠᠨ ᠳ᠋ᠤᠭᠠᠷ᠄ 100740 | ᠪᠦᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ | ᠵᠦᠪᠯᠡᠯ | 2024 ᠣᠨ ᠤ 1 ᠳ᠋ᠤᠭᠡᠷ ᠰᠠᠷ᠎ᠠ ᠶᠢᠨ 8 ᠤ ᠡᠳᠦᠷ | ᠨᠠᠷᠢᠨ ᠪᠠᠶᠢᠳᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠬᠢᠲᠠᠳ ᠰᠦᠯᠵᠢᠶᠡᠨ ᠠᠴᠠ ᠦᠵᠡᠭᠡᠷᠡᠢ |