ᠠᠩᠬᠠᠳᠠᠭᠴᠢ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠢᠷᠡᠵᠦ ᠡᠵᠡᠨ᠎ᠡ ᠶᠢᠨ ᠵᠢᠭᠤᠯᠴᠢᠯᠠᠯ ᠤᠨ ᠠᠶᠠᠯᠠᠯ ᠢ ᠥᠨᠳᠥᠷ ᠲᠥᠪᠰᠢᠨ  ᠠᠴᠠ ᠡᠬᠢᠯᠡᠬᠦᠯᠪᠡ
ᠨᠡᠶᠢᠲᠡᠯᠡᠭᠰᠡᠨ ᠴᠠᠭ᠄
2024/10/12
     10 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 7 ᠴᠠᠭ 17 ᠮᠢᠨᠦ᠋ᠲ ᠲᠤ᠂ ᠡᠨᠡ ᠵᠢᠯ ᠤᠨ ᠠᠩᠬᠠᠳᠠᠭᠴᠢ ︽ᠰᠢ ᠠᠨ ︱ ᠪᠤᠭᠤᠲᠤ ︱ ᠡᠵᠡᠨ᠎ᠡ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠡᠵᠡᠨ᠎ᠡ ᠭᠠᠯᠲᠤ ᠲᠡᠷᠭᠡᠨ ᠤ ᠥᠷᠲᠡᠭᠡᠨ ᠳᠤ ᠵᠣᠭᠰᠣᠪᠠ᠃ ᠱᠠᠨᠰᠢ ᠠᠴᠠ ᠢᠷᠡᠭᠰᠡᠨ 420 ᠭᠠᠷᠤᠢ ᠵᠢᠭᠤᠯᠴᠢᠯᠠᠭᠴᠢ ᠡᠵᠡᠨ᠎ᠡ ᠳᠤ ᠢᠷᠡᠵᠤ ᠥᠨᠢ ᠤᠳᠠᠭᠠᠨ ᠰᠣᠶᠣᠯ ᠢᠷᠭᠡᠨᠰᠢᠯ ᠤᠨ ᠲᠡᠦᠬᠡ ᠶᠢ ᠡᠷᠢᠯᠬᠢᠯᠡᠵᠦ᠂ ︽ᠰᠡᠳᠬᠢᠯ ᠵᠢᠷᠦᠬᠡ ᠶᠢ ᠬᠥᠳᠡᠯᠭᠡᠭᠰᠡᠨ︾ ᠲᠣᠣᠷᠠᠢ ᠶᠢᠨ ᠦᠵᠡᠮᠵᠢ ᠶᠢ ᠰᠣᠨᠢᠷᠬᠠᠵᠤ᠂ ᠰᠠᠨᠰᠠᠷ ᠤᠭᠲᠠᠷᠭᠤᠢ  ᠶᠢ ᠬᠦᠬᠡᠬᠡᠴᠡᠯᠳᠦᠬᠦ ᠬᠦᠰᠡᠯ  ᠢᠶᠠᠨ ᠲᠡᠷᠭᠡᠯᠰᠢᠭᠦᠯᠦᠭᠰᠡᠨ ᠣᠮᠣᠭᠰᠢᠯ ᠢ ᠤᠶᠢᠯᠠᠭᠠᠵᠤ᠂ ᠠᠷᠠᠳ ᠤᠨ ᠵᠠᠩ ᠦᠢᠯᠡ ᠶᠢᠨ ᠥᠪᠡᠷᠮᠢᠴᠡ ᠦᠨᠦᠷ ᠠᠮᠲᠠ ᠶᠢ ᠮᠡᠳᠡᠷᠡᠵᠦ᠂ ᠮᠠᠷᠲᠠᠭᠳᠠᠰᠢ ᠦᠭᠡᠢ ᠡᠵᠡᠨ᠎ᠡ ᠶᠢᠨ ᠠᠶᠠᠯᠠᠯ ᠢᠶᠠᠨ ᠡᠬᠢᠯᠡᠭᠦᠯᠵᠡᠢ᠃  ᠮᠡᠳᠡᠭᠡ ᠶᠢ ᠨᠡᠶᠢᠲᠡᠯᠡᠬᠦ ᠪᠣᠯᠲᠠᠯ᠎ᠠ ᠬᠦᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ ᠨᠢᠭᠡᠨᠲᠡ 15000 ᠭᠠᠷᠤᠢ ᠬᠥᠮᠥᠨ ᠤᠳᠠᠭ᠎ᠠ ᠳᠤ ᠬᠦᠷᠴᠦ᠂ ᠥᠪᠥᠷ ᠮᠣᠩᠭᠤᠯ ᠢᠶᠠᠷ ᠠᠶᠠᠯᠠᠨ ᠵᠢᠭᠤᠯᠴᠢᠯᠠᠬᠤ ᠡᠵᠡᠨ᠎ᠡ ᠶᠢᠨ ᠵᠢᠭᠤᠯᠴᠢᠯᠠᠯ ᠤᠯᠠᠨ ᠤ ᠬᠦᠷᠢᠶᠡᠯᠡᠯ ᠢ ᠶᠡᠬᠡᠳᠡ ᠣᠯᠵᠠᠢ᠃      ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤᠨ ᠤ ᠬᠢᠨ ︽ᠥᠪᠥᠷ ᠮᠣᠩᠭᠤᠯ ᠢᠶᠠᠷ ᠳᠠᠭᠤᠯᠠᠨ ᠵᠢᠭᠤᠯᠴᠢᠯᠠᠬᠤ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ  ᠬᠦᠴᠦᠯᠡᠪᠡ᠃  ᠵᠢᠭᠤᠯᠴᠢᠯᠠᠭᠴᠢᠳ ᠤᠨ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠣᠨ ᠬᠥᠬᠡᠬᠤᠲᠠ ᠶᠢᠨ ᠲᠡᠮᠦᠷ ᠵᠠᠮ ᠤᠨ ᠲᠤᠪᠴᠢᠶᠠᠨ  ᠤ ᠬᠠᠮᠲᠤ ᠶᠢᠨ ᠬᠠᠮᠵᠢᠯᠴᠠᠭ᠎ᠠ ᠪᠠᠷ ᠲᠤᠰ ᠡᠭᠡᠯᠵᠢ ᠶᠢᠨ ᠭᠠᠯᠲᠤ ᠲᠡᠷᠭᠡ ᠶᠢ  ᠨᠡᠪᠲᠡᠷᠡᠬᠦᠯᠦᠭᠰᠡᠨ ᠪᠠᠶᠢᠨ᠎ᠠ  ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号