ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠲᠥᠷᠥᠯ ᠵᠦᠢᠯ ᠤᠨ ᠳᠤᠭᠤᠶᠢᠯᠠᠩ ︽ᠬᠥᠮᠥᠨ ᠠᠮᠠ ᠪᠠᠷ ᠴᠥᠭᠡᠪᠲᠦᠷ ᠦᠨᠳᠦᠰᠦᠲᠡᠨ ᠤ ᠠᠮᠠᠨ ᠤᠯᠠᠮᠵᠢᠯᠠᠯ  ᠢ ᠬᠤᠷᠢᠶᠠᠨ ᠬᠠᠳᠠᠭᠠᠯᠠᠬᠤ ᠲᠥᠯᠥᠪᠯᠡᠭᠡ︾  ᠶᠢᠨ ᠰᠤᠳᠤᠯᠤᠨ ᠪᠠᠶᠢᠴᠠᠭᠠᠯᠲᠠ  ᠶᠢ ᠥᠷᠨᠢᠬᠦᠯᠪᠡ
ᠨᠡᠶᠢᠲᠡᠯᠡᠭᠰᠡᠨ ᠴᠠᠭ᠄
2024/10/14
     9 ᠳ᠋ᠤᠭᠡᠷ ᠰᠠᠷ᠎ᠠ ᠶᠢᠨ ᠰᠡᠭᠦᠯᠴᠢ ᠪᠠᠷ ᠶᠡᠭᠡ ᠬᠢᠩᠭᠠᠨ ᠳᠠᠪᠠᠭ᠎ᠠ ᠨᠠᠮᠤᠷ ᠤᠨ ᠤᠯᠠᠷᠢᠯ ᠳᠤ ᠣᠷᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ︽ᠬᠥᠮᠥᠨ ᠠᠮᠠ ᠪᠠᠷ ᠴᠥᠭᠡᠪᠲᠦᠷ ᠦᠨᠳᠦᠰᠦᠲᠡᠨ ᠤ ᠠᠮᠠᠨ ᠤᠯᠠᠮᠵᠢᠯᠠᠯ  ᠢ ᠬᠤᠷᠢᠶᠠᠨ ᠬᠠᠳᠠᠭᠠᠯᠠᠬᠤ ᠲᠥᠯᠥᠪᠯᠡᠭᠡ︾ ᠶᠢᠨ ᠲᠥᠷᠥᠯ ᠵᠦᠢᠯ ᠤᠨ ᠳᠤᠭᠤᠶᠢᠯᠠᠩ 9  ᠳ᠋ᠤᠭᠡᠷ ᠰᠠᠷ᠎ᠠ ᠶᠢᠨ 19 ᠤ ᠡᠳᠦᠷ ᠠᠴᠠ 29 ᠤ ᠡᠳᠦᠷ ᠪᠣᠯᠲᠠᠯ᠎ᠠ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ᠂ ᠭᠡᠭᠡᠨ ᠭᠤᠣᠯ ᠬᠤᠲᠠ᠂ ᠡᠷᠭᠦᠨ᠎ᠡ ᠬᠤᠲᠠ ᠳᠤ ᠬᠦᠷᠴᠦ᠂ ᠰᠤᠷᠪᠤᠯᠵᠢ ᠪᠢᠴᠢᠭ ᠤᠨ ᠪᠠᠶᠢᠴᠠᠭᠠᠨ ᠰᠤᠳᠤᠯᠤᠯᠲᠠ ᠪᠠ  ᠬᠡᠭᠡᠷ᠎ᠡ  ᠶᠢᠨ ᠰᠢᠨᠵᠢᠯᠡᠭᠡ ᠶᠢᠨ ᠠᠵᠢᠯ ᠢ ᠥᠷᠨᠢᠭᠦᠯᠪᠡ᠃ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠢ ᠶᠢᠨ ᠬᠦᠴᠦᠲᠡᠢ ᠳᠡᠮᠵᠢᠯᠭᠡ ᠳᠣᠣᠷ᠎ᠠ᠂ ᠭᠤᠣᠯᠳᠠᠭᠤ ᠶᠡᠭᠡ ᠳᠡᠭᠡᠳᠦ ᠰᠤᠷᠭᠠᠭᠤᠯᠢ ᠶᠢᠨ ᠨᠣᠮ ᠤᠨ ᠰᠠᠩ ᠳᠤ ᠬᠠᠳᠠᠭᠠᠯᠠᠵᠤ ᠪᠣᠶ ᠲᠤᠯᠭᠤᠷ ᠪᠢᠴᠢᠭ  ︔ ︽ᠪᠤᠭᠤ ᠶᠢᠨ ᠠᠶᠢᠮᠠᠭ︾ ᠡᠸᠡᠩᠬᠢ ᠦᠨᠳᠦᠰᠦᠲᠡᠨ ᠪᠠ ᠤᠷᠤᠰ ᠦᠨᠳᠦᠰᠦᠲᠡᠨ ᠤ ᠠᠮᠠᠨ ᠤᠯᠠᠮᠵᠢᠯᠠᠯ︔ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠨᠡᠶᠢᠭᠡᠮᠯᠢᠭ ︵ᠰᠤᠳᠤᠯᠭᠠᠨ ᠤ ᠨᠡᠶᠢᠭᠡᠮᠯᠢᠭ︶ ᠤᠨ ᠲᠤᠰᠬᠠᠢ ᠮᠡᠷᠭᠡᠵᠢᠯᠲᠡᠨ᠂ ᠡᠷᠳᠡᠮᠲᠡᠳ   ᠲᠤ ᠪᠠᠶᠢᠴᠠᠭᠠᠨ  ᠰᠤᠳᠤᠯᠤᠯᠲᠠ ᠬᠢᠪᠡ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号