︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠯ᠎ᠡ︾ ᠭᠡᠰᠡᠨ ᠦᠯᠢᠭᠡᠷ ᠲᠠᠶᠢᠰᠠᠨ ᠳᠤ ᠭᠠᠷᠤᠯ᠎ᠠ︕ ᠬᠡᠦᠬᠡᠳ ᠤᠨ ᠵᠦᠴᠦᠭᠡ ︽ᠤᠯᠤᠰ ᠤᠨ ᠬᠡᠦᠬᠡᠳ︾ ᠬᠥᠬᠡᠬᠤᠲᠠ ᠳᠤ ᠠᠩᠬ᠎ᠠ ᠲᠣᠭᠯᠠᠪᠠ
ᠨᠡᠶᠢᠲᠡᠯᠡᠭᠰᠡᠨ ᠴᠠᠭ᠄
2024/10/15
     ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ ᠤᠬᠠᠭᠤᠯᠤᠨ ᠲᠠᠶᠢᠯᠪᠤᠷᠢᠯᠠᠬᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ  ᠶᠢᠨ ᠲᠥᠯᠥᠭᠡ᠂ 10 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ   ᠤᠨ ᠬᠠᠮᠲᠤᠷᠠᠨ ᠵᠤᠬᠢᠶᠠᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠮᠣᠩᠭᠤᠯ ᠵᠦᠴᠦᠭᠡ ᠶᠢᠨ ᠤᠷᠠᠯᠢᠭ ᠤᠨ ᠪᠦᠯᠬᠦᠮ ᠤᠨ ᠥᠭᠡᠷᠡᠴᠢᠯᠡᠨ ᠨᠠᠶᠢᠷᠠᠭᠤᠯᠵᠤ ᠵᠣᠬᠢᠶᠠᠨ ᠪᠦᠲᠦᠭᠡᠭᠰᠡᠨ ᠬᠡᠦᠬᠡᠳ ᠤᠨ ᠵᠦᠴᠦᠭᠡ ︽ᠤᠯᠤᠰ ᠤᠨ ᠬᠡᠦᠬᠡᠳ︾  ᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠬᠢᠨᠠᠨ ᠪᠠᠶᠢᠴᠠᠭᠠᠭᠰᠠᠨ ᠪᠥᠭᠡᠳ ᠲᠤᠭᠯᠠᠪᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠲᠤᠰ ᠤᠳᠠᠭᠠᠨ ᠤ ᠠᠩᠬᠠᠨ ᠤ ᠲᠣᠭᠯᠠᠯᠲᠠ ᠶᠢᠨ ᠬᠢᠨᠠᠨ ᠪᠠᠶᠢᠴᠠᠭᠠᠯᠲᠠ ᠳᠤ ᠤᠷᠤᠯᠴᠠᠪᠠ᠃ ᠡᠭᠦᠨ ᠤ ᠬᠠᠮᠲᠤ ᠲᠤᠰ ᠤᠳᠠᠭᠠᠨ  ᠤ ᠠᠩᠬᠠᠨ ᠤ ᠲᠣᠭᠯᠠᠯᠲᠠ ᠨᠢ ᠮᠥᠨ ᠴᠦ ᠥᠪᠥᠷ ᠮᠣᠩᠭᠤᠯ ᠤᠨ ᠪᠢᠴᠢᠬᠠᠨ ᠮᠥᠷᠥᠪᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ᠂ ᠬᠥᠬᠡᠬᠤᠲᠠ ᠶᠢᠨ ᠲᠦᠮᠡᠳ ᠰᠤᠷᠭᠠᠭᠤᠯᠢ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠡᠭᠲᠡᠶᠢᠴᠦᠳ ᠬᠡᠦᠬᠡᠳ ᠤᠨ ᠲᠥᠪ ᠵᠡᠷᠭᠡ 4 ᠨᠢᠭᠡᠴᠢ ᠶᠢᠨ ᠬᠠᠮᠲᠤᠷᠠᠨ ᠡᠷᠬᠢᠯᠡᠭᠰᠡᠨ 500 ᠭᠠᠷᠤᠢ ᠬᠥᠮᠥᠨ ᠣᠷᠣᠯᠴᠠᠭᠰᠠᠨ ᠨᠢᠭᠡ ᠤᠳᠠᠭᠠᠨ  ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯᠣᠨ᠎ᠠ᠃ ᠨᠡᠩ ᠴᠤ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠭᠰᠠᠨ ᠣᠯᠠᠨ ᠲᠦᠮᠡᠨ ᠤ ᠬᠥᠮᠦᠵᠢᠯ ᠦᠢᠯᠡᠳᠦᠯᠭᠡ   ᠶᠢᠨ ᠠᠵᠢᠯᠯᠠᠭ᠎ᠠ  ᠪᠤᠯᠤᠨ᠎ᠠ᠃      ᠲᠤᠰ ᠵᠦᠴᠦᠭᠡ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ ᠨᠢ︾ ᠭᠡᠬᠦ ᠡᠨᠡ ᠬᠦ ᠪᠥᠬᠦᠳᠡ ᠨᠠᠶᠢᠷᠠᠮᠳᠠᠬᠤ ᠤᠯᠤᠰ ᠤᠨ ᠲᠡᠦᠬᠡᠨ ᠬᠡᠷᠡᠭ ᠶᠠᠪᠤᠳᠠᠯ ᠢᠶᠠᠷ ᠰᠡᠳᠦᠪᠯᠡᠵᠦ᠂ ︽ᠠᠷᠠᠳ ᠤᠨ ᠦᠯᠢᠭᠡᠷ ᠳᠠᠭᠤᠷᠢᠶᠠᠯ︾ ᠤᠨ ᠢᠷᠠᠭᠤ ᠠᠯᠳᠠᠷ ᠤᠨ ᠴᠣᠯᠠ  ᠶᠢ ᠬᠦᠷᠲᠡᠭᠴᠢ᠂ ᠲᠠᠯ᠎ᠠ ᠨᠤᠲᠤᠭ ᠤᠨ ᠡᠬᠡ  ᠲᠦᠬᠦᠶᠢᠮ᠎ᠡ ᠶᠢᠨ ᠲᠦᠷᠦᠭᠦᠦ ᠵᠠᠭᠤᠨ ᠤ ᠵᠢᠷᠠᠭᠠᠳ ᠣᠨ ᠤ ᠦᠶ᠎ᠡ ᠳᠤ ᠲᠦᠮᠡᠨ ᠪᠡᠷᠬᠡᠰᠢᠶᠡᠯ   ᠢ ᠢᠯᠠᠨ ᠳᠠᠪᠠᠵᠤ 28 ᠥᠨᠥᠴᠢᠨ ᠬᠡᠦᠬᠡᠳ ᠢ ᠬᠥᠮᠥᠵᠢᠭᠦᠯᠦᠭᠰᠡᠨ ᠦᠨᠡᠨ ᠪᠣᠳᠠᠲᠤ ᠦᠯᠢᠭᠡᠷ ᠢᠶᠠᠷ ᠤᠭ ᠳᠦᠷᠢ ᠪᠣᠯᠭᠠᠵᠤ᠂ ᠰᠢᠨ᠎ᠡ ᠳᠤᠮᠳᠠᠳᠤ ᠤᠯᠤᠰ ᠤᠨ ᠬᠠᠮᠤᠭ ᠤᠨ ᠬᠦᠴᠢᠷ ᠪᠡᠷᠬᠡᠰᠢᠶᠡᠯ ᠲᠠᠢ ᠴᠠᠭ ᠦᠶ᠎ᠡ ᠳᠤ ᠥᠪᠥᠷ ᠮᠣᠩᠭᠤᠯ ᠤᠨ ᠠᠷᠠᠳ ᠲᠦᠮᠡᠨ ᠥᠪᠡᠷ ᠤᠨ ᠬᠦᠴᠢᠷ ᠪᠡᠷᠬᠡᠰᠢᠶᠡᠯ ᠢᠶᠠᠨ ᠢᠯᠠᠨ ᠳᠠᠪᠠᠵᠤ᠂ ᠠᠭᠤᠤ ᠶᠡᠭᠡ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ᠂ ᠠᠭᠤᠤ ᠶᠡᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭ᠎ᠠ ᠪᠠᠷ ᠭᠤᠷᠪᠠᠨ ᠮᠢᠩᠭᠠᠨ ᠬᠢᠲᠠᠳ ᠦᠨᠳᠦᠰᠦᠲᠡᠨ ᠤ ᠥᠨᠥᠴᠢᠨ ᠬᠡᠦᠬᠡᠳ ᠢ ᠠᠪᠤᠷᠠᠭᠰᠠᠨ ᠦᠨᠡᠨ ᠪᠣᠳᠠᠲᠠᠢ ᠬᠡᠷᠡᠭ ᠶᠠᠪᠤᠳᠠᠯ ᠢ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃      ᠲᠤᠰ ᠵᠦᠴᠦᠭᠡ ᠶᠢ 2024 ᠣᠨ ᠤ 10 ᠳ᠋ᠤᠭᠠᠷ ᠰᠠᠷ᠎ᠠ ᠠᠴᠠ 11 ᠰᠠᠷ᠎ᠠ ᠶᠢᠨ ᠬᠤᠭᠤᠷᠣᠨᠳᠤ ᠬᠥᠬᠡᠬᠤᠲᠠ᠂ ᠪᠤᠭᠤᠲᠤ ᠬᠤᠳᠠ᠂ ᠣᠷᠳᠣᠰ ᠬᠤᠳᠠ ᠶᠢᠨ ᠬᠤᠰᠢᠭᠤ ᠰᠢᠶᠠᠨ᠂ ᠰᠤᠷᠭᠠᠭᠤᠯᠢ ᠶᠢᠨ ᠬᠦᠷᠢᠶ᠎ᠡ ᠵᠡᠷᠭᠡ ᠭᠠᠵᠠᠷ ᠢᠶᠠᠷ 20 ᠲᠠᠯᠠᠪᠠᠢ ᠲᠣᠭᠤᠷᠢᠨ ᠲᠣᠭᠯᠠᠬᠤ ᠪᠠᠷ ᠲᠥᠯᠥᠪᠯᠡᠵᠦ᠂ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠲᠣᠭᠯᠠᠬᠤ ᠪᠠᠷ ᠳᠠᠮᠵᠢᠭᠤᠯᠵᠤ ᠵᠠᠯᠠᠭᠤᠴᠤᠳ ᠪᠠᠭᠠᠴᠤᠳ  ᠢ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶᠢᠬᠤ ᠦᠷᠳᠡᠭ ᠤᠨ ᠬᠥᠭᠡᠭᠡᠴᠡᠯᠳᠦᠯ ᠲᠠᠢ ᠪᠣᠯᠭᠠᠬᠤ ᠪᠠᠷ ᠬᠦᠲᠦᠯᠦᠨ ᠵᠢᠯᠤᠭᠤᠳᠪᠠ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号