ᠡᠨᠡ ᠤᠳᠠᠭᠠᠨ ᠤ ᠦᠳᠡᠰᠢ ᠶᠢᠨ ᠲᠣᠭᠯᠠᠯᠲᠠ ᠡᠵᠡᠨ᠎ᠡ ᠶᠢ ᠳᠠᠭᠤᠷᠢᠰᠬᠠᠵᠤ  ᠤᠯᠠᠨ ᠤ ᠰᠠᠶᠢᠨ ᠦᠨᠡᠯᠡᠯᠲᠡ ᠶᠢ ᠣᠯᠪᠠ︕
ᠨᠡᠶᠢᠲᠡᠯᠡᠭᠰᠡᠨ ᠴᠠᠭ᠄
2024/10/20
     ᠠᠯᠲᠠᠨ ᠨᠠᠮᠤᠷ ᠤᠨ ᠠᠷᠪᠠᠨ ᠰᠠᠷ᠎ᠠ ᠳᠤ᠂ ᠡᠵᠡᠨ᠎ᠡ ᠬᠤᠰᠢᠭᠤᠨ ᠤ ᠵᠢᠦᠢ ᠶᠠᠨ ᠤ ᠭᠡᠭᠡᠨ ᠰᠠᠷᠠ ᠰᠥᠨᠢ ᠶᠢᠨ ᠰᠣᠶᠣᠯ ᠤᠨ ᠲᠣᠭᠤᠷᠢᠭ ᠲᠤ᠂  ᠠᠷᠠᠳ ᠤᠨ ᠵᠠᠩ ᠦᠢᠯᠡ ᠶᠢᠨ ᠥᠩᠭᠡᠲᠦ ᠳ᠋ᠧᠩ᠂ ᠮᠣᠩᠭᠤᠯ ᠭᠡᠷ ᠤᠨ ᠳᠦᠷᠰᠦ ᠪᠦᠲᠦᠭᠡᠯᠲᠡ ᠪᠦᠬᠦᠢ ᠵᠢᠦᠢ ᠶᠠᠨ ᠤ ᠵᠦᠴᠦᠭᠡ   ᠶᠢᠨ ᠲᠠᠯᠠᠪᠠᠶ ᠳᠤ ᠬᠦᠷᠴᠦ ᠢᠷᠡᠬᠦ ᠳᠤ᠂ ᠥᠪᠥᠷ ᠮᠣᠩᠭᠤᠯ ᠤᠨ ᠥᠩᠭᠡ ᠢᠯᠭᠠᠷᠠᠭᠰᠠᠨ ᠰᠣᠶᠣᠯ ᠤᠨ ᠶᠢᠷᠲᠢᠨᠴᠦ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠤᠨ ᠰᠤᠨᠢᠷᠬᠠᠯ  ᠢ ᠲᠠᠲᠠᠬᠤ ᠪᠠᠷ ᠪᠡᠯᠡᠬᠡᠨ ᠪᠤᠯᠤᠭᠠᠳ ᠪᠠᠶᠢᠯ᠎ᠠ᠃ 10 ᠳ᠋ᠤᠭᠠᠷ ᠰᠠᠷ᠎ᠠ ᠶᠢᠨ 1 ᠤ ᠡᠳᠦᠷ ᠠᠴᠠ 31 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠣᠯᠣᠨ ᠠᠯᠠᠱᠠ ᠶᠢᠨ ᠡᠵᠡᠨ᠎ᠡ ᠬᠤᠰᠢᠭᠤᠨ ᠤ ᠬᠠᠮᠲᠤᠷᠠᠨ ᠪᠦᠲᠦᠭᠡᠭᠰᠡᠨ ᠲᠣᠮᠣ ᠬᠡᠯᠪᠡᠷᠢ ᠶᠢᠨ  ᠪᠡᠶᠡᠴᠢᠯᠡᠨ ᠣᠶᠢᠯᠠᠭᠠᠬᠤ ᠮᠠᠶ᠋ᠢᠭ ᠤᠨ ᠦᠨᠳᠦᠰᠦᠲᠡᠨ ᠤ ᠳᠠᠭᠤᠤ ᠪᠥᠵᠢᠭ ᠤᠨ ᠦᠵᠡᠭᠦᠯᠭᠡ ︽ᠡᠵᠡᠨ᠎ᠡ︾  ᠵᠢᠤᠢ ᠶᠠᠨ ᠵᠦᠴᠦᠭᠡ ᠶᠢᠨ ᠲᠢᠶᠠᠲᠷ ᠲᠤ ᠭᠤᠶᠢᠳᠠ ᠰᠠᠶᠢᠬᠠᠨ ᠲᠣᠭᠯᠠᠪᠠ᠃      ᠪᠦᠬᠦ ᠲᠠᠯᠠᠪᠠᠶ   ᠶᠢᠨ ᠲᠣᠭᠯᠠᠯᠲᠠ   ᠶᠢᠨ ᠳᠤᠮᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ︽ᠰᠠᠷᠠᠨ᠎ᠠ︾ ᠱᠠᠩᠨᠠᠯ ᠤᠨ ᠪᠥᠵᠢᠭ ᠤᠨ ᠪᠦᠲᠦᠭᠡᠯ ᠤᠨ ᠱᠠᠩᠨᠠᠯ ᠵᠡᠷᠭᠡ ᠣᠯᠠᠨ ᠱᠠᠩᠨᠠᠯ ᠢ ᠭᠥᠷᠳᠡᠭᠰᠡᠨ ᠦᠵᠡᠭᠳᠡᠯᠲᠦ ᠪᠥᠵᠢᠭ ︽ᠱᠠᠬ᠎ᠠ ᠱᠠᠬ᠎ᠠ︾ ᠪᠠᠶᠢᠬᠤ ᠪᠠᠷ ᠪᠠᠷᠠᠬᠤ ᠦᠭᠡᠢ᠂ ᠪᠠᠰᠠ ᠳᠥᠷᠪᠡᠳᠦᠭᠡᠷ ᠬᠤᠭᠤᠴᠠᠭᠠᠨ ᠤ ᠮᠣᠰᠺᠸᠠ   ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠼᠢᠷᠺ ᠤᠨ ᠤᠷᠤᠯᠳᠤᠭᠠᠨ ᠤ ᠠᠯᠲᠠᠨ ᠱᠠᠩᠨᠠᠯ᠂ ᠹᠷᠠᠨᠼᠢ   ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠤᠷᠠᠯᠢᠭ ᠤᠨ ᠪᠠᠶᠠᠷ ᠤᠨ ᠠᠯᠲᠠᠨ ᠱᠠᠩᠨᠠᠯ᠂ 42 ᠳ᠋ᠤᠭᠠᠷ ᠬᠤᠭᠤᠴᠠᠭᠠᠨ ᠤ ᠮᠤᠨᠲ᠋ᠧ ᠺᠠᠷᠯᠤ᠋   ᠶᠢᠨ ︽ ᠬᠦᠷᠡᠯ ᠬᠤᠳᠣᠭᠤᠴᠢᠨ︾ ᠱᠠᠩᠨᠠᠯ ᠵᠡᠷᠭᠡ ᠱᠠᠩᠨᠠᠯ   ᠢ ᠭᠥᠷᠳᠡᠭᠰᠡᠨ ᠪᠥᠭᠡᠳ ᠭᠢᠨᠢᠰ ᠤᠨ ᠳᠡᠯᠡᠬᠡᠢ   ᠶᠢᠨ ᠲᠡᠮᠳᠡᠭᠯᠡᠯ   ᠢ ᠡᠭᠦᠳᠦᠭᠰᠡᠨ ᠥᠪᠥᠷ ᠮᠣᠩᠭᠤᠯ ᠤᠨ ᠤᠷᠠᠯᠢᠭ ᠵᠥᠴᠥᠭᠡ  ᠶᠢᠨ ᠬᠦᠷᠢᠶᠡᠯᠡᠩ ᠤᠨ ᠼᠢᠷᠺ ᠤᠨ ᠪᠦᠯᠬᠦᠮ ᠤᠨ ᠰᠣᠳᠣᠨ ᠲᠣᠭᠯᠠᠯᠲᠠ ︽ᠥᠨᠳᠥᠷ ᠲᠡᠷᠭᠡ ᠠᠴᠠ  ᠠᠶᠠᠭ᠎ᠠ ᠨᠢᠰᠭᠡᠬᠦ ᠨᠢ︾ ᠵᠡᠷᠭᠡ ᠪᠣᠶ᠃      ᠲᠣᠮᠣ ᠬᠡᠯᠪᠡᠷᠢ ᠶᠢᠨ ᠪᠡᠶᠡᠴᠢᠯᠡᠨ ᠣᠶᠢᠯᠠᠭᠠᠬᠤ ᠮᠠᠶ᠋ᠢᠭ ᠤᠨ ᠦᠨᠳᠦᠰᠦᠲᠡᠨ ᠤ ᠳᠠᠭᠤᠤ ᠪᠥᠵᠢᠭ ᠤᠨ ᠦᠵᠡᠭᠦᠯᠭᠡ ︽ᠡᠵᠡᠨ᠎ᠡ︾ ᠶᠢ ᠲᠣᠭᠯᠠᠵᠤ ᠡᠬᠢᠯᠡᠭᠰᠡᠨ ᠠᠴᠠ ᠨᠠᠭᠠᠰᠢ᠂ ᠰᠣᠩᠭᠤᠳᠠᠭ᠂ ᠤᠯᠠᠮᠵᠢᠯᠠᠯᠲᠤ᠂ ᠴᠤᠯ ᠤᠮᠠᠷᠠᠲᠤ ᠶᠢᠨ ᠰᠣᠶᠣᠯ ᠢᠶᠠᠷ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠳ᠋ᠧᠩ  ᠭᠡᠷᠡᠯ᠂ ᠪᠥᠵᠢᠭ ᠵᠢᠷᠤᠭ ᠤᠨ ᠮᠡᠷᠭᠡᠵᠢᠯ ᠤᠨ ᠠᠷᠭ᠎ᠠ ᠪᠠᠷᠢᠯ ᠪᠣᠯᠣᠨ ᠣᠳᠣᠬᠢᠴᠢᠯᠠᠭᠰᠠᠨ ᠲᠠᠶᠢᠰᠠᠨ ᠤ ᠤᠷᠠᠯᠢᠭ ᠤᠨ ᠴᠠᠭ ᠤᠨ ᠥᠩᠭᠡ ᠶᠢᠨ ᠢᠯᠡᠳᠬᠡᠯ ᠲᠠᠢ ᠤᠶᠠᠯᠳᠤᠭᠤᠯᠤᠨ᠂ ᠣᠬᠤᠷᠬᠠᠨ 60 ᠮᠢᠨᠦ᠋ᠲ ᠤᠨ ᠲᠣᠭᠯᠠᠯᠲᠠ ᠶᠢᠨ ᠤᠷᠬᠢᠯ ᠥᠷᠨᠢᠯᠲᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠣᠷᠣᠨ ᠨᠤᠲᠤᠭ ᠤᠨ ᠮᠡᠳᠡᠷᠡᠮᠵᠢ᠂ ᠴᠠᠭ ᠤᠨ ᠥᠩᠭᠡ ᠶᠢᠨ ᠮᠡᠳᠡᠷᠡᠮᠵᠢ᠂ ᠪᠡᠶᠡᠴᠢᠯᠡᠨ ᠣᠶᠢᠯᠠᠭᠠᠬᠤ ᠮᠡᠳᠡᠷᠡᠮᠵᠢ᠂ ᠰᠣᠭᠲᠣᠭᠤᠷᠠᠬᠤ ᠮᠡᠳᠡᠷᠡᠮᠵᠢ ᠶᠢ  ᠪᠦᠷᠢᠳᠦᠬᠦᠯᠦᠭᠰᠡᠨ ᠬᠦᠷ ᠬᠥᠭᠵᠢᠶᠡᠨᠲᠦ ᠲᠣᠭᠯᠠᠯᠲᠠ ᠶᠢ ᠴᠤᠭᠴᠠᠯᠠᠵᠠᠢ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠣᠭᠯᠠᠭᠴᠢᠳ  ᠤᠨ ︽ᠨᠢᠭᠡ ᠳᠤ ᠮᠡᠷᠭᠡᠰᠢᠵᠦ ᠤᠯᠠᠨ ᠳᠤ ᠴᠠᠭᠠᠷᠠᠬᠤ︾ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ  ᠭᠤᠶᠢᠳᠠ ᠰᠠᠶᠢᠬᠠᠨ ᠲᠣᠭᠯᠠᠯᠲᠠ ᠪᠠᠷ ᠤᠯᠠᠨ ᠤ ᠮᠠᠭᠲᠠᠭᠠᠯ ᠰᠠᠶᠢᠰᠢᠶᠠᠯ ᠢ ᠤᠯᠵᠠᠢ᠃ ᠲᠣᠭᠯᠠᠯᠲᠠ ᠲᠠᠷᠬᠠᠭᠰᠠᠨ ᠤ ᠳᠠᠷᠠᠭ᠎ᠠ ᠦᠵᠡᠭᠴᠢᠳ ᠨᠡᠩ ᠴᠤ ᠰᠠᠯᠬᠤ ᠳᠤᠷ᠎ᠠ ᠦᠭᠡᠢ ᠪᠣᠯᠵᠤ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠢᠶᠠᠷ  ᠳᠠᠬᠢᠨ ᠲᠣᠭᠯᠠᠬᠤ ᠶᠢ ᠬᠦᠰᠡᠨ ᠬᠦᠯᠢᠶᠡᠵᠦ ᠪᠠᠶᠢᠯ᠎ᠠ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号