ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2024 ᠣᠨ ᠤ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2024/10/26
    2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠤᠷᠤᠭᠰᠢᠯᠠᠯᠲᠠ ᠶᠢᠨ ᠵᠠᠮ ᠳᠡᠭᠡᠷ᠎ᠡ᠂ ᠰᠢᠨ᠎ᠡ ᠪᠠᠶᠢᠳᠠᠯ᠂ ᠰᠢᠨ᠎ᠡ ᠥᠷᠢᠰᠦᠯᠳᠦᠭᠡᠨ᠂ ᠰᠢᠨ᠎ᠡ ᠠᠰᠠᠭᠤᠳᠠᠯ ᠲᠤᠯᠭᠠᠷᠠᠬᠤ ᠨᠢ ᠵᠠᠶᠢᠯᠠᠰᠢ ᠦᠭᠡᠢ ᠶᠤᠮ᠂ ᠭᠡᠪᠡᠴᠦ ᠰᠢᠨ᠎ᠡ ᠴᠠᠭ ᠦᠶ᠎ᠡ ᠠᠴᠠ ᠪᠢᠳᠡᠨ ᠳᠤ ᠣᠯᠭᠤᠭᠰᠠᠨ ᠰᠢᠨ᠎ᠡ ᠠᠵᠠ ᠲᠣᠬᠢᠶᠠᠯ᠂ ᠰᠢᠨ᠎ᠡ ᠳᠠᠪᠠᠭᠤᠯᠢᠭ᠂ ᠰᠢᠨ᠎ᠡ ᠬᠥᠳᠡᠯᠭᠡᠬᠦ ᠬᠦᠴᠦᠨ ᠢ ᠨᠡᠩ ᠣᠯᠵᠤ ᠬᠠᠷᠠᠬᠤ ᠬᠡᠷᠡᠭᠲᠡᠢ᠃      ᠨᠢᠭᠡ ᠳᠤ ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠠᠴᠠ ᠦᠵᠡᠬᠦ ᠬᠡᠷᠡᠭᠲᠡᠢ᠃  ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠤᠷᠤᠨ︾  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ 4 ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ  ᠶᠢ ᠬᠠᠮᠲᠤ  ᠳᠤ ᠨᠢ ᠡᠳ᠋ᠯᠡᠬᠦ ᠴᠤᠷᠢ ᠶᠢᠨ ᠭᠠᠭᠴᠠ ᠮᠤᠵᠢ ᠤᠷᠤᠨ ᠪᠣᠯᠤᠭᠰᠠᠨ ᠤ ᠬᠤᠪᠢ ᠳᠤ᠂ ᠮᠥᠨᠴᠦ ᠤᠯᠤᠰ   ᠠᠴᠠ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ ᠬᠠᠮᠲᠤ ᠳᠤ ᠨᠢ ᠡᠳ᠋ᠯᠡᠵᠦ ᠪᠠᠶᠢᠭ᠎ᠠ ᠮᠤᠵᠢ ᠣᠷᠣᠨ ᠪᠣᠯᠣᠨ᠎ᠠ᠂ ᠪᠤᠰᠤᠳ ᠭᠠᠵᠠᠷ ᠣᠷᠣᠨ ᠲᠠᠢ ᠬᠠᠷᠢᠴᠠᠭᠤᠯᠪᠠᠯ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠠᠵᠢᠯ ᠨᠢ ᠲᠥᠷᠥ ᠶᠢᠨ ᠪᠣᠳᠣᠯᠭ᠎ᠠ ᠶᠢᠨ ᠠᠰᠢᠭ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠤᠷᠢᠳᠴᠢᠯᠠᠭᠰᠠᠨ ᠨᠥᠬᠦᠴᠡᠯ ᠲᠠᠢ ᠶᠤᠮ᠃ ᠤᠯᠤᠰ ᠠᠴᠠ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠴᠢᠨᠠᠭᠰᠢᠳᠠ ᠬᠥᠭᠵᠢᠭᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ︽ᠲᠦᠷᠭᠡᠨ ᠤ ᠵᠠᠮ︾ ᠳᠤ ᠣᠷᠣᠬᠤ ᠳᠤ ᠬᠦᠲᠡᠯᠭᠡᠭᠴᠢ ᠬᠦᠴᠦᠨ ᠨᠡᠮᠡᠷᠢᠯᠡᠪᠡ᠃      ᠬᠤᠶᠠᠷ ᠲᠤ᠂ ᠥᠨᠳᠥᠷ ᠪᠠᠶᠢᠷᠢ ᠶᠢᠨ ᠲᠦᠯᠬᠢᠴᠡ ᠶᠢᠨ ᠲᠠᠯ᠎ᠠ ᠠᠴᠠ ᠠᠪᠴᠤ  ᠦᠵᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠰᠣᠶᠣᠯ ᠵᠢᠭᠤᠯᠴᠢᠯᠠᠯ ᠤᠨ ᠦᠢᠯᠡᠰ ᠪᠣᠯᠣᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠠᠵᠤ ᠠᠬᠤᠢ ᠪᠣᠯᠣᠨ ᠥᠭᠡᠷᠡᠴᠢᠯᠡᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠠᠯᠢ ᠤᠯᠠᠨ ᠲᠦᠷᠦ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠨᠢᠳᠤᠨᠤᠨ ᠤ ᠰᠣᠶᠣᠯ ᠪᠠ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠣᠬᠤᠯᠠᠪᠤᠷᠢ 192 ᠬᠤᠪᠢ ᠬᠦᠷᠴᠡᠢ᠃ ᠰᠦᠨ ᠱᠣᠣ ᠴᠧᠩ ᠱᠦᠵᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠮᠠᠨ ᠤ ᠣᠷᠣᠨ ᠤ ᠬᠡᠷᠡᠭᠯᠡᠭᠡᠨ ᠤ ᠭᠠᠳᠠᠭᠰᠢ ᠭᠠᠷᠬᠤ ᠬᠡᠮᠵᠢᠶ᠎ᠡ ᠬᠠᠮᠤᠭ ᠠᠷᠪᠢᠨ ᠪᠠᠶᠢᠬᠤ ᠨᠢ ᠵᠢᠭᠤᠯᠴᠢᠯᠠᠯ ᠪᠠ ᠡᠮ ᠡᠮᠨᠡᠯᠭᠡ ᠪᠣᠯᠣᠨ᠎ᠠ᠂ ᠵᠠᠮ ᠱᠤᠭᠤᠮ ᠢ ᠵᠢᠷᠤᠵᠤ ᠲᠥᠯᠥᠪᠯᠡᠬᠦ᠂ ᠦᠢᠯᠡᠳᠬᠦᠨ ᠢ ᠨᠡᠭᠡᠭᠡᠨ ᠬᠥᠭᠵᠢᠭᠦᠯᠬᠦ᠂  ᠦᠢᠯᠡᠴᠢᠯᠡᠭᠡᠨ ᠤ ᠶᠠᠰᠤ ᠴᠢᠨᠠᠷ ᠵᠡᠷᠭᠡ ᠤᠯᠠᠨ ᠲᠠᠯ᠎ᠠ ᠠᠴᠠ ᠴᠢᠷᠮᠠᠶᠢᠵᠤ ᠪᠠᠶᠢᠭᠠᠳ  ᠵᠢᠭᠤᠯᠴᠢᠯᠠᠯ ᠤᠨ ᠦᠢᠯᠡᠰ ᠤᠨ ᠡᠨᠡ ᠬᠦ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂  ᠵᠢᠭᠤᠯᠴᠢᠯᠠᠭᠴᠢᠳ ᠤᠨ ᠵᠣᠭᠰᠣᠴᠠ ᠠᠴᠠ ᠨᠡᠩ ᠤᠯᠠᠨ ᠰᠠᠶᠢᠨ ᠦᠢᠯᠡᠳᠬᠦᠨ ᠪᠠ ᠦᠢᠯᠡᠴᠢᠯᠡᠭᠡ ᠶᠢ ᠬᠠᠩᠭᠠᠵᠤ᠂ ᠬᠥᠮᠥᠰ ᠢ ᠢᠷᠡᠭᠰᠡᠨ ᠤ ᠳᠠᠷᠠᠭ᠎ᠠ ᠬᠢᠬᠦ ᠠᠵᠢᠯ ᠲᠠᠢ᠂  ᠰᠠᠯᠬᠤ ᠳᠤᠷ᠎ᠠ ᠦᠭᠡᠢ᠂ ᠰᠠᠶᠢᠬᠠᠨ ᠨᠠᠭᠠᠳᠤᠭᠤᠯᠬᠤ ᠶᠢ ᠱᠠᠭᠠᠷᠳᠠᠬᠤ ᠬᠡᠷᠡᠭᠲᠡᠢ︔ ᠡᠭᠦᠨ ᠳᠤ ᠵᠠᠮ ᠱᠤᠭᠤᠮ ᠢ ᠵᠢᠷᠤᠵᠤ ᠲᠥᠯᠥᠪᠯᠡᠬᠦ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠤᠯᠠᠨ ᠲᠠᠯ᠎ᠠ ᠠᠴᠠ ᠬᠦᠴᠦᠯᠡᠵᠦ᠂  ᠵᠢᠭᠤᠯᠴᠢᠯᠠᠭᠴᠢᠳ ᠤᠨ ᠵᠣᠭᠰᠣᠴᠠ ᠠᠴᠠ ᠨᠡᠩ ᠤᠯᠠᠨ ᠰᠠᠶᠢᠨ ᠦᠢᠯᠡᠳᠬᠦᠨ ᠪᠠ ᠦᠢᠯᠡᠴᠢᠯᠡᠭᠡ ᠬᠠᠩᠭᠠᠬᠤ ᠶᠢ ᠱᠠᠭᠠᠷᠳᠠᠨ᠎ᠠ᠃ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠰᠢᠭᠤᠶᠢᠲᠤ ᠣᠷᠣᠨ ᠤ ᠵᠢᠭᠤᠯᠴᠢᠯᠠᠯ ᠢ ᠬᠥᠭᠵᠢᠭᠡᠨ ᠲᠠᠢ ᠪᠣᠯᠭᠠᠬᠤ ᠳᠤ᠂ ᠲᠥᠯᠦᠪᠵᠢᠭᠦᠯᠭᠡ ᠪᠠ ᠲᠥᠰᠥᠪᠯᠡᠯ ᠢ ᠰᠠᠶᠢᠲᠤᠷ ᠬᠢᠵᠦ᠂ ᠭᠠᠳᠠᠨ᠎ᠠ ᠭᠠᠷᠴᠤ ᠨᠣᠮ ᠵᠠᠯᠠᠬᠤ ᠶᠢ ᠢᠯᠡᠭᠦᠬᠡᠨ ᠰᠤᠷᠤᠯᠴᠠᠵᠤ᠂ ᠤᠢ ᠰᠢᠭᠤᠢ᠂ ᠮᠥᠰᠥ ᠴᠠᠰᠤ᠂ ᠠᠷᠠᠳ ᠤᠨ ᠵᠠᠩ ᠦᠢᠯᠡ ᠵᠡᠷᠭᠡ ᠣᠨᠴᠠᠯᠢᠭ ᠢ ᠭᠦᠢᠴᠡᠳ ᠢᠯᠡᠷᠡᠭᠦᠯᠵᠦ᠂ ᠢᠯᠠᠩᠭᠤᠶ᠎ᠠ ᠨᠤᠲᠤᠭ ᠤᠨ ᠬᠢ ᠲᠠᠢ ᠴᠦ ᠠᠳᠠᠯᠢ ᠬᠠᠷᠢ ᠶᠢᠨ ᠬᠢ ᠲᠠᠢ ᠴᠦ ᠠᠳᠠᠯᠢ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ︔ ᠡᠭᠦᠨ ᠳᠤ ᠤᠢ ᠰᠢᠭᠤᠢ᠂ ᠮᠥᠰᠥ ᠴᠠᠰᠤ᠂ ᠠᠷᠠᠳ ᠤᠨ ᠵᠠᠩ ᠦᠢᠯᠡ ᠵᠡᠷᠭᠡ ᠣᠨᠴᠠᠯᠢᠭ ᠢ ᠭᠦᠢᠴᠡᠳ ᠢᠯᠡᠷᠡᠭᠦᠯᠵᠦ᠂ ᠢᠯᠠᠩᠭᠤᠶ᠎ᠠ ᠨᠤᠲᠤᠭ ᠤᠨ ᠬᠢ ᠲᠠᠢ ᠴᠦ ᠠᠳᠠᠯᠢ ᠦᠭᠡᠢ ᠬᠠᠷᠢ ᠶᠢᠨ ᠬᠢ ᠲᠠᠢ ᠴᠦ ᠠᠳᠠᠯᠢ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ︔ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠳᠤ ᠤᠯᠠᠨ ᠤᠳᠠᠭ᠎ᠠ ᠴᠣᠬᠤᠯᠠᠪᠤᠷᠢ ᠬᠢᠪᠡ᠃ ᠲᠡᠷᠢᠭᠦᠯᠡᠭᠴᠢ ᠸᠠᠩ ᠯᠢ ᠰᠢᠶᠠ ᠪᠠᠰᠠ ᠤᠯᠠᠨ ᠤᠳᠠᠭ᠎ᠠ ᠴᠣᠬᠤᠯᠠᠪᠤᠷᠢ ᠪᠢᠴᠢᠵᠦ᠂ ᠲᠠᠬᠢᠨ ᠳᠠᠪᠲᠠᠨ ᠴᠢᠬᠤᠯᠠᠴᠢᠯᠠᠬᠤ ᠳᠤ ᠪᠠᠨ᠄ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠣᠶᠢᠯᠠᠭᠠᠭᠳᠠᠬᠤᠨ ᠢ ᠬᠤᠪᠢᠷᠠᠭᠤᠯᠵᠤ᠂ ᠬᠡᠷᠬᠢᠨ ︽ᠰᠠᠶᠢᠨ︾ᠬᠢᠬᠦ᠂ ᠬᠡᠷᠬᠢᠨ ︽ᠠᠮᠢᠳᠤᠯᠢᠭ︾ᠬᠢᠬᠦ ᠶᠢ ᠭᠤᠣᠯᠳᠠᠯᠭ᠎ᠠ ᠲᠠᠢ ᠰᠤᠳᠤᠯᠬᠤ ᠬᠡᠷᠡᠭᠲᠡᠢ︔ ᠭᠤᠣᠯᠳᠠᠯᠭ᠎ᠠ ᠪᠠᠨ ︽ᠬᠥᠮᠥᠨ︾︵ᠬᠥᠮᠥᠨ ᠢ ᠬᠡᠷᠬᠢᠨ ᠲᠠᠲᠠᠵᠤ ᠠᠪᠴᠢᠷᠠᠬᠤ᠂ ᠢᠷᠡᠪᠡᠯ ᠶᠠᠭᠤ ᠬᠢᠯᠭᠡᠬᠦ᠂ ᠬᠥᠮᠥᠨ ᠢᠷᠡᠪᠡᠯ ᠶᠠᠭᠠᠬᠢᠵᠤ ᠢᠷᠡᠬᠦ᠂ ᠢᠷᠡᠪᠡᠯ ᠲᠠᠬᠢᠨ ᠢᠷᠡᠬᠦ︶ ᠢᠶᠠᠷ ᠭᠤᠣᠯᠯᠠᠭᠤᠯᠤᠨ ᠭᠤᠷᠪᠠᠨ ᠵᠦᠢᠯ ᠤᠨ ᠠᠵᠢᠯ ᠢ ᠰᠠᠶᠢᠲᠤᠷ ᠬᠢᠬᠦ ᠶᠠᠪᠤᠳᠠᠯ ᠪᠣᠯᠣᠨ᠎ᠠ; ᠪᠥᠬᠦ ᠴᠠᠷᠠᠭᠠᠨ ᠤ ᠵᠢᠭᠤᠯᠴᠢᠯᠠᠯ᠂ ᠤᠯᠠᠷᠢᠯ ᠬᠤᠪᠢᠶᠠᠭᠰᠠᠨ ᠵᠢᠭᠤᠯᠴᠢᠯᠠᠯ ᠤᠨ ᠱᠠᠭᠠᠷᠳᠠᠯᠭ᠎ᠠ ᠶᠣᠰᠣᠭᠠᠷ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠨᠠᠷᠢᠨ ᠨᠢᠮᠪᠠᠢ ᠲᠥᠯᠥᠪᠯᠡᠵᠦ᠂ ᠬᠥᠮᠥᠰ ᠢ ᠲᠡᠳᠡᠨ ᠠᠪᠴᠢᠷᠠᠵᠤ᠂ ᠥᠪᠥᠷ ᠮᠣᠩᠭᠤᠯ ᠢ ᠥᠪᠡᠷ ᠢᠶᠠᠨ ᠵᠢᠯᠤᠭᠤᠲᠤᠨ ᠵᠢᠭᠤᠯᠴᠢᠯᠠᠬᠤ ᠶᠢᠨ ᠲᠡᠷᠢᠭᠦᠨ ᠰᠣᠩᠭᠤᠬᠤ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠠᠶᠢᠨ ᠰᠣᠩᠭᠤᠬᠤ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠲᠡᠷᠢᠭᠦᠨ ᠰᠣᠩᠭᠤᠬᠤ ᠭᠠᠵᠠᠷ ᠪᠣᠯᠭᠠᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠨᠢ ᠪᠢᠳᠡᠨ ᠳᠤ ᠴᠢᠭᠯᠡᠯ ᠢ ᠲᠣᠳᠣᠷᠬᠠᠢ ᠵᠢᠭᠠᠵᠤ᠂ ᠵᠠᠮ ᠱᠤᠭᠤᠮ ᠢ ᠲᠥᠯᠥᠪᠵᠢᠭᠦᠯᠵᠦ᠂ ᠭᠤᠣᠯᠳᠠᠯᠭ᠎ᠠ ᠶᠢ ᠲᠣᠭᠲᠠᠭᠠᠭᠰᠠᠨ ᠪᠠᠶᠢᠨ᠎ᠠ᠃      ᠭᠤᠷᠪᠠ ᠳᠤ᠂ ᠲᠤᠰ ᠪᠡᠶ᠎ᠡ ᠶᠢᠨ ᠬᠥᠭᠵᠢᠯᠲᠡ ᠠᠴᠠ ᠦᠵᠡᠬᠦ ᠬᠡᠷᠡᠭᠲᠡᠢ᠃ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠨ ᠪᠦᠰᠡᠯᠡᠯᠲᠡ ᠶᠢ ᠰᠢᠪᠲᠤᠯᠬᠤ ᠪᠠ ᠬᠡᠯᠪᠡᠷᠢ ᠪᠠᠨ ᠬᠤᠪᠢᠷᠠᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠨᠢᠭᠡ ᠪᠦᠯᠦᠭ ︽ᠡᠭᠦᠳᠡ ᠪᠠᠨ ᠨᠡᠭᠡᠭᠡᠵᠦ ᠦᠵᠡᠮᠵᠢ ᠦᠵᠡᠭᠦᠯᠬᠦ︾᠂ ᠲᠤᠬᠠᠶᠢᠯᠠᠪᠠᠯ ︽ᠬᠥᠭᠵᠢᠶᠡᠨ ᠲᠠᠢ︾ ᠭᠤᠣᠯᠳᠠᠯᠭ᠎ᠠ ᠲᠠᠢ ᠲᠥᠷᠥᠯ ᠵᠦᠢᠯ ᠢ ᠪᠣᠶ ᠪᠣᠯᠭᠠᠵᠤ᠂ ︽ᠰᠣᠳᠣᠨ ᠪᠦᠲᠦᠭᠡᠯ ᠢᠶᠠᠷ ᠳᠠᠶᠢᠴᠢᠯᠠᠬᠤ᠂ ᠣᠯᠠᠨ ᠲᠠᠯ᠎ᠠ ᠪᠠᠷ ᠲᠤᠯᠭᠠᠭᠤᠷᠢᠯᠠᠬᠤ᠂ ᠠᠵᠤ ᠦᠢᠯᠡᠰ ᠢ ᠠᠭᠤᠰᠤᠯᠴᠠᠭᠤᠯᠬᠤ︾ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ ᠡᠯ᠎ᠡ ᠭᠠᠵᠠᠷ ᠣᠷᠣᠨ ᠨᠤᠭᠤᠳ ᠠᠵᠤ ᠦᠢᠯᠡᠰ ᠤᠨ ᠰᠡᠳᠬᠢᠴᠡ᠂ ᠠᠶᠠᠨᠴᠢᠳ ᠤᠨ ᠢᠷᠡᠯᠲᠡ ᠶᠢᠨ ᠵᠠᠬ᠎ᠠ ᠳᠡᠯᠭᠡᠭᠦᠷ᠂ ᠡᠵᠡᠩᠨᠡᠯᠲᠡ ᠶᠢᠨ ᠵᠠᠭᠪᠤᠷ᠂ ᠤᠬᠠᠭᠤᠯᠤᠨ ᠲᠠᠨᠢᠯᠴᠠᠭᠤᠯᠬᠤ ᠵᠡᠷᠭᠡ ᠲᠠᠯ᠎ᠠ ᠪᠠᠷ ᠳᠠᠪᠲᠠᠭᠳᠠᠨ ᠪᠣᠯᠪᠠᠰᠤᠷᠠᠵᠤ᠂ ᠬᠥᠭᠵᠢᠯᠲᠡ ᠶᠢᠨ ᠤᠶᠠᠨ ᠬᠠᠲᠠᠨ ᠴᠢᠨᠠᠷ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ᠂ ᠬᠤᠪᠢᠷᠠᠯᠲᠠ ᠶᠢᠨ ᠬᠠᠨᠳᠤᠰᠢ ᠳᠤ ᠵᠢᠮ᠎ᠡ ᠶᠣᠰᠣᠴᠢ ᠴᠢᠨᠠᠷ ᠤᠨ ᠲᠠᠨᠢᠯᠲᠠ ᠲᠠᠢ ᠪᠣᠯᠪᠠ᠃ ᠠᠯᠢ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠠᠯᠢ ᠤᠯᠠᠨ ᠰᠢᠭᠤᠳ ᠦᠵᠡᠭᠦᠯᠭᠡ ᠶᠢᠨ ᠲᠤᠭ᠎ᠠ ᠪᠠᠷᠢᠮᠲᠠ᠂ ᠠᠯᠢ ᠤᠯᠠᠨ ᠰᠢᠨ᠎ᠡ ᠰᠣᠷᠭᠤᠭ ᠬᠡᠷᠡᠭ ᠤᠨ ᠵᠢᠱᠢᠶ᠎ᠡ ᠨᠦᠭᠦᠳ ᠨᠢ ᠪᠢᠳᠡᠨ ᠳᠤ ᠨᠡᠩ ᠤᠯᠠᠨ ᠰᠥᠰᠥ ᠵᠣᠷᠢᠭ ᠪᠠ ᠬᠦᠴᠦᠨ ᠴᠢᠳᠠᠯ ᠢ ᠠᠪᠴᠢᠷᠠᠵᠤ ᠥᠭᠴᠡᠢ᠃      ᠪᠢᠳᠡ ᠰᠢᠨ᠎ᠡ ᠭᠠᠷᠤᠭ᠎ᠠ᠂ ᠰᠢᠨ᠎ᠡ ᠱᠠᠭᠠᠷᠳᠠᠯᠭ᠎ᠠ ᠳᠤ ᠰᠠᠭᠤᠷᠢᠯᠠᠵᠤ᠂ ᠤᠷᠳᠤ ᠬᠤᠭᠤᠴᠠᠭᠠᠨ ᠤ ᠬᠥᠭᠵᠢᠯᠲᠡ ᠶᠢᠨ︽ᠪᠠᠶᠢᠳᠠᠯ︾  ᠢ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠤᠪᠢᠷᠠᠯᠲᠠ ᠶᠢᠨ︽ᠪᠠᠶᠢᠳᠠᠯ︾  ᠢ ᠠᠵᠢᠭᠯᠠᠵᠤ᠂ ᠤᠯᠠᠨ ᠲᠦᠮᠡᠨ ᠤ ᠣᠯᠣᠭᠰᠠᠨ ︽ᠪᠣᠳᠠᠲᠠᠢ︾ ᠶᠢ ᠠᠰᠠᠭᠤᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠰᠢᠭᠲᠠᠢ ᠠᠵᠠ ᠲᠣᠬᠢᠶᠠᠯ ᠢ ᠠᠮᠵᠢᠵᠤ᠂ ᠨᠡᠩ ᠡᠷᠡᠰ ᠪᠠᠲᠤ ᠰᠥᠰᠥ ᠵᠣᠷᠢᠭ᠂ ᠨᠡᠩ ᠪᠠᠲᠤ ᠴᠢᠩᠭ᠎ᠠ ᠢᠲᠡᠭᠡᠯ ᠵᠣᠷᠢᠭ᠂ ᠨᠡᠩ ᠪᠠᠲᠤ ᠴᠢᠩᠭ᠎ᠠ ᠠᠵᠢᠯᠯᠠᠭ᠎ᠠ ᠪᠠᠷ ᠢᠶᠠᠨ ᠴᠠᠭ ᠤᠨ ᠪᠠᠶᠢᠳᠠᠯ ᠳᠤ ᠲᠣᠬᠢᠷᠠᠭᠤᠯᠤᠨ ᠬᠥᠳᠡᠯᠵᠦ᠂ ᠪᠠᠶᠢᠳᠠᠯ ᠳᠤ ᠵᠣᠬᠢᠴᠠᠭᠤᠯᠤᠨ ᠠᠵᠢᠯᠯᠠᠵᠤ᠂ ᠬᠦᠴᠦᠨ ᠢᠶᠠᠨ ᠲᠥᠪᠯᠡᠷᠡᠭᠦᠯᠦᠨ ᠭᠤᠣᠯ ᠳᠠᠭᠠᠷᠢᠯᠲᠠ ᠬᠢᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠳᠤ ᠣᠷᠣᠬᠤ︾ᠬᠠᠷᠠᠯᠲᠠ ᠶᠢ ᠪᠡᠶᠡᠯᠡᠭᠦᠯᠬᠦ ᠳᠤ ᠰᠣᠶᠣᠯ ᠵᠢᠭᠤᠯᠴᠢᠯᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ ᠤᠨ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ  ᠪᠤᠯᠠᠭᠠᠨ᠂ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ᠂ ᠳᠣᠯᠣᠳᠤᠭᠠᠷ ᠪᠥᠬᠦᠳᠡ ᠬᠤᠷᠠᠯ ᠪᠣᠯᠣᠨ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ  ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠰᠢᠵᠦ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ  ᠶᠢ ᠬᠠᠩᠭᠠᠬᠤ ᠪᠠ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠦᠷᠬᠦᠴᠡ ᠶᠢᠨ ᠬᠡᠪᠴᠢᠶ᠎ᠡ ᠪᠣᠯᠣᠨ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ ᠬᠦᠴᠦᠨ᠂  ᠵᠢᠭᠤᠯᠴᠢᠯᠠᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ︵ᠨᠢᠭᠡ︶ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠥᠨᠳᠦᠷᠯᠢᠭ ᠢ ᠴᠣᠭᠴᠠᠯᠠᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ ᠰᠢ ᠶᠢᠨ ᠫᠢᠩ  ᠤᠨ ᠰᠣᠶᠣᠯ  ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ  ᠳᠤ᠂ ᠭᠤᠣᠯ ᠰᠡᠳᠦᠪᠲᠦ ᠤᠳᠬ᠎ᠠ ᠤᠷᠠᠯᠢᠭ  ᠤᠨ ᠵᠣᠬᠢᠶᠠᠨ ᠪᠦᠲᠦᠭᠡᠬᠦ᠂ ᠲᠣᠭᠯᠠᠯᠲᠠ ᠨᠡᠪᠲᠡᠷᠡᠭᠦᠯᠬᠦ᠂ ᠳᠡᠯᠭᠡᠨ ᠦᠵᠡᠭᠦᠯᠬᠦ ᠵᠡᠷᠭᠡ ᠠᠵᠢᠯ  ᠢ ᠰᠠᠶᠢᠲᠤᠷ ᠬᠢᠵᠦ᠂ ᠳᠠᠭᠤᠯᠠᠯᠳᠤ ᠵᠦᠴᠦᠭᠡ ︽ᠵᠠᠩᠭᠠᠷ︾᠂ ᠳᠠᠭᠤᠤ ᠪᠥᠵᠢᠭᠲᠦ ᠵᠦᠴᠦᠭᠡ ︽ᠵᠤᠤ ᠵᠢᠶᠦ᠋ᠨ ᠠᠷᠤ ᠭᠠᠵᠠᠷ ᠮᠤᠷᠲᠠᠭᠰᠠᠨ ᠨᠢ︾᠂ ᠳᠠᠭᠤᠤ ᠬᠥᠭᠵᠢᠮᠲᠦ ᠵᠦᠴᠦᠭᠡ ︽ᠲᠠ ᠤᠳᠤᠨ ᠮᠡᠴᠢᠳ ᠮᠡᠲᠦ︾ ᠵᠡᠷᠭᠡ ᠵᠦᠴᠦᠭᠡ ᠶᠢ ᠡᠭᠦᠳᠦᠨ ᠪᠦᠲᠦᠭᠡᠵᠦ ᠲᠡᠰ ᠳᠡᠪᠰᠢᠭᠦᠯᠬᠦ ᠶᠢ ᠭᠤᠣᠯᠳᠠᠯᠭ᠎ᠠ ᠲᠠᠢ ᠲᠡᠳᠬᠦᠨ᠎ᠡ᠃  ︽ᠤᠮᠠᠷᠠᠲᠤ ᠬᠢᠯᠢ ᠶᠢᠨ ᠰᠣᠶᠣᠯ︾ ᠤᠨ ᠰᠢᠷᠢᠰ ᠤᠳᠬ᠎ᠠ ᠤᠷᠠᠯᠢᠭ ᠤᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢᠨ ᠦᠵᠡᠭᠦᠯᠭᠡ ᠶᠢᠨ ᠲᠣᠭᠯᠠᠯᠲᠠ ᠶᠢᠨ ᠰᠠᠷ᠎ᠠ ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠶᠠᠷ ᠬᠥᠮᠥᠨ ᠤ ᠤᠷᠠᠯᠢᠭ ᠤᠨ ᠨᠠᠶᠢᠷ ᠵᠢᠴᠢ ᠬᠠᠲᠤᠨ ᠭᠤᠣᠯ ᠳᠠᠭᠠᠤ ᠮᠤᠵᠢ ᠣᠷᠣᠨ ᠤ ᠣᠷᠣᠨ ᠨᠤᠲᠤᠭ ᠤᠨ ᠰᠢ ᠵᠦᠴᠦᠭᠡ ᠶᠢᠨ ᠦᠵᠡᠭᠦᠯᠭᠡ ᠶᠢᠨ ᠲᠣᠭᠯᠠᠯᠲᠠ᠂ ︽ᠤᠮᠠᠷᠠᠲᠤ ᠬᠢᠯᠢ ᠶᠢᠨ ᠴᠤᠤᠷᠢᠶ᠎ᠠ︾ ᠭᠤᠷᠪᠠᠳᠤᠭᠠᠷ ᠬᠤᠭᠤᠴᠠᠭᠠᠨ ᠤ ᠪᠥᠬᠦ ᠣᠷᠣᠨ ᠤ ᠬᠥᠭᠵᠢᠮ ᠤᠨ ᠤᠷᠤᠯᠳᠤᠭᠠᠨ ᠵᠡᠷᠭᠡ ᠤᠷᠤᠯᠳᠤᠭᠠᠨ ᠢ ᠡᠷᠭᠢᠯᠡᠪᠡ᠃ ᠤᠷᠠᠨ ᠰᠠᠶᠢᠬᠠᠨ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠢᠳᠡᠪᠬᠢᠲᠡᠢ ᠠᠬᠢᠭᠤᠯᠵᠤ᠂ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠬᠦᠷᠭᠡᠬᠦ︾᠂ ︽ᠲᠠᠯ᠎ᠠ ᠨᠤᠲᠤᠭ ᠤᠨ ᠲᠠᠭᠤᠤ ᠬᠥᠭᠵᠢᠮ ᠤᠨ ᠭᠠᠷᠠᠭ ᠤᠨ ᠠᠮᠠᠷᠠᠯᠲᠠ︾᠂ ︽ᠠᠷᠠᠳ ᠤᠨ ᠲᠢᠶᠠᠲᠷ︾ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 1 ᠲᠦᠮᠡᠨ ᠲᠠᠯᠠᠪᠤᠷ ᠤᠳᠠᠭ᠎ᠠ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠤᠯᠠᠭᠠᠨᠮᠥ᠋ᠴᠢᠷ ᠤᠨ ᠲᠣᠭᠯᠠᠯᠲᠠ ᠲᠦᠮᠡᠨ ᠲᠣᠰᠬᠤᠨ ᠤ ᠠᠶᠠᠯᠠᠯ︾᠂ ᠤᠯᠠᠭᠠᠨᠮᠥ᠋ᠴᠢᠷ ᠤᠨ ︽ᠰᠤᠷᠤᠯᠴᠠᠬᠤ · ᠰᠢᠨ᠎ᠡ ᠶᠢ ᠡᠭᠦᠳᠬᠦ · ᠲᠣᠭᠯᠠᠯᠲᠠ︾᠂ ︽ᠬᠢᠯᠢ ᠬᠢᠵᠠᠭᠠᠷ ᠢ ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ︾ ᠵᠡᠷᠭᠡ ᠡᠯ᠎ᠡ ᠲᠥᠷᠥᠯ ᠤᠨ ᠲᠣᠭᠯᠠᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ ︽ᠮᠣᠷᠢᠲᠤ ᠴᠡᠷᠢᠭ︾ ᠵᠡᠷᠭᠡ 12 ᠭᠤᠣᠯᠳᠠᠯᠭ᠎ᠠ ᠲᠠᠢ ᠵᠦᠴᠦᠭᠡ ᠶᠢᠨ ᠪᠦᠲᠦᠭᠡᠯ ᠢ ᠪᠦᠬᠦ ᠤᠯᠤᠰ ᠤᠨ 20 ᠭᠠᠷᠤᠢ ᠬᠤᠳᠠ ᠵᠢᠴᠢ ᠲᠥᠪ ᠤᠨ ᠨᠠᠮ ᠤᠨ ᠰᠤᠷᠭᠠᠭᠤᠯᠢ᠂ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠳᠤ ᠲᠣᠭᠤᠷᠢᠨ ᠲᠣᠭᠯᠠᠬᠤ ᠶᠢ ᠲᠦᠯᠬᠢᠨ ᠠᠬᠢᠭᠤᠯᠤᠨ᠎ᠠ᠃ ᠤᠳᠬ᠎ᠠ ᠤᠷᠠᠯᠢᠭ ᠤᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠰᠤᠳᠤᠯᠤᠨ ᠶᠠᠷᠢᠯᠴᠠᠬᠤ ᠬᠤᠷᠠᠯ᠂ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠷᠠᠯᠢᠭ ᠤᠨ ᠰᠢᠭᠦᠮᠵᠢ ᠶᠢᠨ ᠦᠷ᠎ᠡ ᠪᠦᠲᠦᠭᠡᠯ ᠢ ᠬᠡᠪᠯᠡᠭᠦᠯᠦᠨ᠎ᠡ᠃      ︵ᠬᠤᠶᠠᠷ︶ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠦᠨᠳᠦᠰᠦᠨ ᠱᠠᠲᠤ ᠲᠠᠶᠢᠰᠢ ᠥᠷᠭᠡᠳᠬᠡᠬᠦ ᠶᠢ ᠠᠬᠢᠭᠤᠯᠵᠤ᠂ ᠤᠯᠠᠨ ᠨᠡᠶᠢᠲᠡ ᠶᠢᠨ ᠨᠣᠮ ᠤᠨ ᠰᠠᠩ ᠤᠨ ᠰᠣᠶᠣᠯ ᠤᠨ ᠣᠷᠳᠣᠨ ᠤ ᠶᠡᠷᠦᠩᠬᠡᠢ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂︽ᠲᠦᠷᠪᠡᠨ ᠤᠯᠠᠷᠢᠯ︾ ᠤᠨ ᠲᠣᠰᠬᠤᠨ ᠤ ᠣᠷᠣᠢ᠂ ︽ᠤᠷᠠᠨ ᠪᠦᠵᠢᠭᠲᠦ ᠤᠮᠠᠷᠠᠲᠤ ᠬᠢᠯᠢ︾᠂︽ᠤᠮᠠᠷᠠᠲᠤ ᠬᠢᠯᠢ ᠶᠢᠨ ᠮᠠᠭᠲᠠᠭᠠᠯ︾᠂︽ᠤᠮᠠᠷᠠᠲᠤ ᠬᠢᠯᠢ ᠶᠢᠨ ᠤᠩᠰᠢᠯᠭ᠎ᠠ︾ᠵᠡᠷᠭᠡ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ︾ᠭᠡᠬᠦ ᠭᠤᠣᠯ ᠰᠡᠳᠦᠪᠲᠦ ᠦᠵᠡᠰᠬᠦᠯᠡᠩ᠂ ︽ᠤᠮᠠᠷᠠᠲᠤ  ᠬᠢᠯᠢ ᠶᠢᠨ ᠰᠣᠶᠣᠯ︾ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ᠂ ︽ᠤᠮᠠᠷᠠᠲᠤ ᠬᠢᠯᠢ ᠶᠢᠨ ᠰᠣᠶᠣᠯ︾ ᠤᠨ ᠳᠦᠷᠢ ᠲᠥᠷᠬᠦ ᠶᠢ ᠴᠣᠭᠴᠠᠯᠠᠬᠤ ᠭᠡᠷᠡᠯ ᠵᠢᠷᠤᠭ ᠤᠨ ᠦᠵᠡᠰᠬᠦᠯᠡᠩ ᠵᠡᠷᠭᠡ ᠦᠵᠡᠰᠬᠦᠯᠡᠩ ᠢ ᠤᠬᠠᠭᠠᠯᠠᠨ ᠡᠷᠬᠢᠯᠡᠵᠦ᠂ ︽ᠠᠭᠤᠤ ᠶᠡᠭᠡ ᠵᠣᠷᠢᠭ ᠰᠠᠨᠠᠭ᠎ᠠ ᠪᠠᠷ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠤᠨ᠎ᠠ ︱ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ︾ ᠭᠡᠬᠦ ᠭᠤᠣᠯ ᠰᠡᠳᠦᠪᠲᠦ ᠦᠵᠡᠰᠬᠦᠯᠡᠩ ᠪᠣᠯᠣᠨ ︽ᠳᠤᠮᠳᠠᠳᠤ ᠶᠢᠨ ᠮᠠᠭᠲᠠᠭᠠᠯ ︱ ᠪᠢᠳᠡᠨ ᠤ ᠰᠡᠳᠬᠢᠯ ᠳᠠᠬᠢ ᠳᠦᠷᠢ ᠲᠥᠷᠬᠦ︾ ᠭᠡᠬᠦ ᠶᠡᠷᠦᠩᠬᠡᠶᠢᠯᠡᠭᠰᠡᠨ ᠦᠵᠡᠰᠬᠦᠯᠡᠩ ᠢ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠪᠥᠬᠦ ᠣᠷᠣᠨ ᠤ ᠠᠷᠠᠳ ᠤᠨ ᠰᠣᠶᠣᠯ ᠤᠷᠠᠯᠢᠭ ᠤᠨ ᠨᠤᠲᠤᠭ ᠢ ᠰᠢᠯᠭᠠᠷᠠᠭᠤᠯᠤᠨ ᠨᠡᠷᠡᠶᠢᠳᠬᠦ᠂ ᠵᠢᠷᠭᠤᠳᠤᠭᠠᠷ ᠤᠳᠠᠭᠠᠨ ᠤ ᠪᠥᠬᠦ ᠣᠷᠣᠨ ᠤ ᠰᠣᠶᠣᠯ ᠤᠨ ᠣᠷᠳᠣᠨ ᠵᠢᠴᠢ ᠭᠤᠷᠪᠠᠳᠤᠭᠠᠷ ᠤᠳᠠᠭᠠᠨ ᠤ ᠰᠤᠮᠤ ᠰᠢᠶᠠᠩ ᠪᠠᠯᠭᠠᠰᠤ ᠶᠢᠨ ᠰᠣᠶᠣᠯ ᠤᠨ ᠥᠷᠲᠡᠭᠡ ᠶᠢ ᠦᠨᠡᠯᠡᠨ ᠵᠢᠱᠢᠵᠦ ᠲᠠᠰ ᠲᠣᠭᠲᠠᠭᠠᠬᠤ ᠶᠢ ᠥᠷᠨᠢᠭᠦᠯᠵᠦ᠂ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ︽ᠬᠠᠪᠤᠷ ᠤᠨ ᠬᠤᠷ᠎ᠠ ᠶᠢᠨ ᠢᠨᠵᠧᠨᠧᠷᠢᠩ︾ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠲᠡᠨ ᠤ ᠨᠣᠮ ᠪᠢᠴᠢᠭ ᠢ ᠨᠡᠶᠢᠳᠡᠮ ᠪᠠᠶᠢᠴᠠᠭᠠᠬᠤ ᠠᠵᠢᠯ ᠢ ᠪᠣᠳᠠᠲᠠᠢ ᠪᠠᠷ ᠠᠳᠬᠤᠵᠤ᠂ ᠡᠷᠲᠡᠨ ᠤ ᠨᠣᠮ ᠪᠢᠴᠢᠭ ᠢ ᠵᠠᠰᠠᠨ ᠰᠡᠷᠭᠦᠭᠡᠬᠦ᠂ ᠲᠣᠭᠠᠴᠢᠯᠠᠨ ᠡᠳ᠋ᠰᠢᠭᠦᠯᠬᠦ ᠵᠢᠴᠢ ᠮᠣᠩᠭᠤᠯ ᠬᠡᠯᠡᠨ ᠤ ᠲᠤᠯᠭᠤᠷ ᠪᠢᠴᠢᠭ ᠤᠨ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠲᠠᠨ ᠳᠤ ᠦᠨ᠎ᠡ ᠲᠥᠯᠥᠪᠦᠷᠢ ᠦᠭᠡᠢ ᠪᠠᠷ ᠡᠷᠲᠡᠨ ᠤ ᠨᠣᠮ ᠪᠢᠴᠢᠭ ᠢ ᠵᠢᠭᠠᠵᠤ ᠥᠭᠬᠦ︾᠂ ︽ᠡᠷᠲᠡᠨ ᠤ ᠨᠣᠮ ᠪᠢᠴᠢᠭ ᠢ ᠬᠠᠮᠠᠭᠠᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠤᠨ ᠦᠵᠡᠰᠬᠦᠯᠡᠩ ᠢ ᠡᠷᠭᠢᠯᠡᠨ᠎ᠡ᠃      ︵ᠨᠠᠢᠮᠠ︶ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ᠂ ᠤᠬᠠᠭᠤᠯᠤᠨ ᠳᠡᠯᠭᠡᠷᠡᠭᠦᠯᠬᠦ ᠠᠵᠢᠯ ᠢ ᠴᠢᠩᠭᠠᠳᠬᠠᠬᠤ ᠲᠠᠯ᠎ᠠ ᠪᠠᠷ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠨᠡᠭᠡᠭᠡᠯᠲᠡ ᠶᠢᠨ ᠥᠷᠭᠡᠴᠡ ᠭᠦᠨᠴᠡ ᠶᠢ ᠥᠷᠭᠡᠳᠬᠡᠵᠦ᠂ ︽ᠵᠠᠭᠤᠨ ᠲᠦᠮᠡᠨ ᠬᠥᠮᠥᠨ ᠤ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠲᠤᠬᠤᠢ ᠶᠢᠨ ᠣᠷᠣᠨ ᠪᠠ ᠵᠡᠭᠦᠨ ᠭᠤᠷᠪᠠᠨ ᠮᠤᠵᠢ ᠵᠡᠷᠭᠡ ᠭᠤᠣᠯᠳᠠᠯᠭ᠎ᠠ ᠲᠠᠢ ᠵᠢᠭᠤᠯᠴᠢᠯᠠᠭᠴᠢᠳ ᠤᠨ ᠢᠷᠡᠯᠲᠡ ᠶᠢᠨ ᠭᠠᠵᠠᠷ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠪᠠᠶᠢᠳᠠᠯ ᠢ ᠠᠰᠢᠭᠯᠠᠨ ᠬᠦᠴᠦᠯᠡᠬᠦ᠂  ᠬᠦᠴᠦ ᠵᠢᠭᠡᠯᠡᠵᠦ ᠥᠨᠳᠥᠷ ᠲᠤ ᠭᠠᠷᠬᠤ ᠠᠵᠢᠯ ᠢ ᠰᠠᠶᠢᠲᠤᠷ ᠬᠢᠨ᠎ᠡ᠃ ᠵᠡᠭᠦᠨ ᠦᠵᠦᠮᠦᠴᠢᠨ ᠬᠤᠰᠢᠭᠤᠨ ᠤ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ᠂ ᠡᠷᠢᠶᠡᠨ ᠬᠤᠲᠠ ︱ ᠵᠠᠮ ᠤᠨ ᠡᠭᠦᠳᠡ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠪᠠᠷ ᠠᠬᠢᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠪᠣᠭᠤᠮᠲᠠ ᠪᠠᠷ ᠳᠠᠶᠢᠴᠢᠯᠠᠬᠤ᠂ ᠥᠷᠥᠴᠡ ᠭᠠᠵᠠᠷ ᠢᠶᠠᠷ ᠲᠤᠯᠭᠠᠭᠤᠷᠢᠯᠠᠭᠤᠯᠬᠤ᠂ ᠬᠢᠯᠢ ᠥᠷᠦᠴᠡ ᠬᠠᠷᠢᠯᠴᠠᠨ ᠬᠥᠳᠡᠯᠦᠯᠴᠡᠭᠰᠡᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠤᠨ ᠤᠯᠤᠰ ᠲᠤ ᠬᠢ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠰᠣᠶᠣᠯ ᠤᠨ ᠲᠥᠪ ᠲᠤ ᠥᠪᠥᠷ ᠮᠣᠩᠭᠤᠯ ᠤᠨ ᠤᠬᠠᠭᠤᠯᠭ᠎ᠠ ᠶᠢᠨ ᠲᠥᠪ ᠪᠠᠶᠢᠭᠤᠯᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠡᠭᠦᠳᠬᠦ ᠶᠢᠨ ᠲᠣᠭᠤᠷᠢᠨ ᠳᠤ᠂ ᠣᠷᠣᠰ᠂ ᠮᠣᠩᠭᠤᠯ ᠤᠯᠤᠰ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ ᠵᠢᠭᠤᠯᠴᠢᠯᠠᠯ ᠤᠨ ᠬᠠᠮᠲᠤᠷᠠᠯᠴᠠᠭ᠎ᠠ ᠶᠢ ᠪᠣᠳᠠᠲᠠᠢ ᠪᠠᠷ ᠥᠷᠨᠢᠭᠦᠯᠵᠦ᠂ ᠠᠮᠧᠷᠢᠺᠠ᠂ ᠪᠷᠠᠽᠢᠯ ᠳᠤ ᠡᠷᠭᠢᠯᠡᠭᠰᠡᠨ ︽ᠴᠠᠢ ᠪᠠ ᠳᠡᠯᠡᠬᠡᠢ ᠳ᠋ᠠᠬᠢᠨ · ᠡᠷᠬᠢᠮᠰᠦᠭ ᠴᠤᠭᠯᠠᠭᠠᠨ︾ ᠤ ᠠᠵᠢᠯᠯᠠᠭ᠎ᠠ᠂ ᠠᠩᠭ᠍ᠯᠢ᠂ ᠠᠶᠢᠷᠯᠠᠨᠳ᠋ ᠲᠤ ᠡᠷᠭᠢᠯᠡᠭᠰᠡᠨ ︽ᠪᠠᠶᠠᠷ ᠬᠥᠷ ᠲᠠᠢ ᠴᠠᠭᠠᠨ ᠰᠠᠷ᠎ᠠ︾ ᠶᠢᠨ ᠠᠵᠢᠯᠯᠠᠭ᠎ᠠ᠂ ᠣᠷᠣᠰ᠂ ᠪᠧᠯᠤᠷᠦᠶᠢᠰ ᠲᠤ ᠡᠷᠭᠢᠯᠡᠭᠰᠡᠨ ︽ᠥᠪᠥᠷ ᠮᠣᠩᠭᠤᠯ ᠤᠨ ᠰᠣᠶᠣᠯ ᠤᠨ ᠭᠠᠷᠠᠭ︾ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ᠰᠣᠶᠣᠯ  ᠵᠢᠭᠤᠯᠴᠢᠯᠠᠯ ᠤᠨ ᠤᠬᠠᠭᠤᠯᠭ᠎ᠠ ᠶᠢᠨ ᠵᠢᠭᠰᠠᠭᠠᠯ  ᠢ ᠰᠢᠯᠢᠳᠡᠭᠵᠢᠬᠦᠯᠵᠦ᠂ ᠪᠦᠬᠦᠯᠢ ᠴᠣᠭᠴᠠ ᠪᠠᠷ ᠡᠵᠡᠩᠨᠡᠨ ᠪᠣᠷᠣᠯᠠᠭᠤᠯᠬᠤ ᠵᠠᠭᠪᠤᠷ ᠢ ᠰᠢᠯᠢᠳᠡᠭᠵᠢᠭᠦᠯᠵᠦ᠂ ᠭᠤᠣᠯ ᠤᠷᠤᠰᠬᠠᠯ ᠤᠨ ᠵᠠᠭᠤᠴᠢᠯᠠᠭᠤᠷ ᠤᠨ ᠲᠠᠪᠴᠠᠩ ᠤᠨ ᠤᠬᠠᠭᠤᠯᠭ᠎ᠠ ᠶᠢᠨ ᠡᠷᠴᠢᠮ ᠢ ᠪᠠᠲᠤᠯᠠᠨ᠂ ᠰᠢᠨ ᠯᠠᠩ᠂ ᠲᠢᠭ ᠲᠤᠭ᠂ ᠲᠧᠩ ᠰᠢᠶᠦ᠋ᠨ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠮᠠᠷᠠᠲᠤ ᠬᠢᠯᠢ ᠶᠢᠨ ᠰᠦᠯᠵᠢᠶᠡᠨ ᠤ ᠰᠣᠳᠣᠨ ᠬᠥᠮᠥᠰ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠰᠣᠶᠣᠯ ᠤᠨ ᠨᠠᠷᠠᠲᠤ ᠬᠥᠮᠥᠰ ᠂ ᠰᠦᠯᠵᠢᠶᠡᠨ ᠤ ᠴᠤᠤᠲᠠᠨ ᠵᠡᠷᠭᠡ ᠣᠯᠠᠨ ᠠᠷᠭ᠎ᠠ ᠵᠠᠮ ᠢᠶᠠᠷ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠤᠬᠠᠭᠤᠯᠬᠤ ᠶᠢ ᠵᠣᠷᠢᠭᠵᠢᠭᠤᠯᠤᠨ᠎ᠠ᠃ ︽ᠮᠢᠩᠭᠠᠨ ᠲᠡᠷᠭᠡ ᠲᠦᠮᠡᠨ ᠬᠥᠮᠥᠨ︾ ᠥᠪᠥᠷ ᠮᠣᠩᠭᠤᠯ ᠤᠨ ᠰᠢᠷᠢᠰ ᠨᠠᠷᠠᠲᠤ ᠲᠡᠮᠳᠡᠭ   ᠢᠶᠠᠷ ᠵᠢᠭᠤᠯᠴᠢᠯᠠᠵᠤ᠂ ᠲᠥᠪ ᠲᠧᠯᠸᠢᠰ ᠲᠠᠢ ᠬᠠᠮᠲᠤᠷᠠᠨ ︽ᠥᠪᠡᠷ ᠢᠶᠠᠨ ᠮᠠᠰᠢᠨ ᠵᠢᠯᠤᠭᠤᠳᠴᠤ ᠵᠢᠭᠤᠯᠴᠢᠯᠠᠬᠤ ᠬᠠᠮᠤᠭ ᠤᠨ ᠭᠤᠶᠣ ᠵᠠᠮ︾᠂ ︽ᠪᠠᠶᠠᠷ ᠬᠥᠷ ᠲᠠᠢ ᠠᠶᠠᠨ ᠵᠠᠮ︾ ᠵᠡᠷᠭᠡ ᠪᠤᠯᠤᠩ ᠢ ᠤᠬᠠᠭᠠᠯᠠᠨ ᠭᠠᠷᠭᠠᠪᠠ᠃      ︵ᠶᠢᠰᠦ︶ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠲᠠᠯ᠎ᠠ ᠪᠠᠷ ᠰᠢᠨ᠎ᠡ ᠠᠬᠢᠯᠲᠠ ᠲᠠᠢ ᠪᠣᠯᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠠᠵᠢᠯ ᠳᠤ ᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ ᠪᠠᠬᠢᠵᠢᠭᠦᠯᠦᠨ ᠳᠡᠭᠡᠭᠰᠢᠯᠡᠭᠦᠯᠵᠦ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠰᠣᠶᠣᠯ ᠪᠠ ᠵᠢᠭᠤᠯᠴᠢᠯᠠᠯ ᠤᠨ ᠠᠵᠢᠯ ᠤᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠭᠤᠰᠢᠯᠠᠭᠤᠯᠵᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠰᠣᠶᠣᠯ ᠵᠢᠭᠤᠯᠴᠢᠯᠠᠯ ᠤᠨ ᠦᠢᠯᠡᠳᠦᠯᠭᠡ ᠪᠠᠷ ᠳᠠᠮᠵᠢᠭᠤᠯᠵᠤ᠂ ︽ᠪᠠᠲᠤ ᠪᠠᠬᠢ ᠪᠤᠢ ᠪᠣᠯᠭᠠᠬᠤ︾ ᠶᠠᠪᠤᠴᠠ ᠳᠤ ᠭᠦᠨᠵᠡᠭᠡᠢ ᠣᠷᠣᠯᠴᠠᠭᠤᠯᠵᠤ᠂ ︽ᠪᠠᠲᠤ ᠪᠠᠬᠢ ᠪᠤᠢ ᠪᠣᠯᠭᠠᠬᠤ︾ ᠦᠷ᠎ᠡ ᠪᠦᠲᠦᠮᠵᠢ ᠶᠢ ᠮᠡᠳᠡᠷᠡᠭᠦᠯᠵᠦ᠂ ︽ᠪᠠᠲᠤ ᠪᠠᠬᠢ ᠪᠤᠢ ᠪᠣᠯᠭᠠᠬᠤ︾ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠢ ᠂ ᠲᠤᠶᠢᠯᠰᠢᠷᠠᠯ ᠤᠨ ᠰᠡᠳᠬᠢᠬᠦᠢ ᠶᠢ ᠪᠠᠷᠢᠮᠲᠠᠯᠠᠵᠤ᠂ ︽ᠬᠠᠷᠢᠭᠤᠴᠠᠯᠭ᠎ᠠ ᠶᠢᠨ ᠳᠦᠷᠢᠮ︾  ᠢ ᠦᠨᠳᠦᠰᠦᠨ ᠭᠠᠷᠳᠠᠴᠠ ᠪᠣᠯᠭᠠᠵᠤ᠂ ︽ ᠪᠠᠬᠢᠯᠡᠯᠲᠡ ᠶᠢᠨ ᠭᠠᠵᠠᠷ ᠢᠶᠠᠨ ᠰᠠᠬᠢᠬᠤ︾ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ︽ᠠᠶᠤᠯ ᠲᠦᠭᠰᠢᠭᠦᠷᠢ ᠶᠢ ᠰᠡᠷᠭᠡᠶᠢᠯᠡᠬᠦ︾ ᠪᠠᠷ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ︽ᠴᠢᠳᠠᠪᠤᠷᠢ ᠪᠠᠨ ᠴᠢᠩᠭᠠᠳᠬᠠᠬᠤ︾ ᠪᠠᠷ ᠴᠢᠬᠤᠯᠠ ᠪᠠᠲᠤᠯᠠᠭ᠎ᠠ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ ᠠᠵᠢᠯ ᠢ ᠨᠡᠩ ᠪᠦᠲᠦᠮᠵᠢᠲᠡᠢ ᠰᠠᠶᠢᠲᠤᠷ ᠬᠢᠵᠦ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ ᠪᠠᠷ ᠬᠠᠷᠠᠯᠲᠠ ᠪᠣᠯᠭᠠᠨ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠣᠳᠣᠨ ᠳᠡᠰ ᠢᠶᠠᠷ ᠬᠡᠮᠵᠢᠭᠦᠷ ᠪᠣᠯᠭᠠᠵᠤ᠂ ᠵᠠᠷᠯᠠᠨ ᠨᠡᠶᠢᠲᠡᠯᠡᠬᠦ ᠬᠠᠷᠢᠴᠠᠯ  ᠢᠶᠠᠷ ᠭᠠᠷᠳᠠᠴᠠ ᠪᠣᠯᠭᠠᠵᠤ᠂ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠤᠨ᠎ᠠ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢ ᠲᠣᠪᠤᠶᠢᠯᠭᠠᠨ᠂ ᠲᠤᠰᠬᠠᠢ ᠵᠦᠢᠯ ᠤᠨ ᠬᠢᠨᠠᠯᠲᠠ ᠶᠢ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠶᠢ ᠰᠠᠶᠢᠲᠤᠷ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠨ᠎ᠠ ᠃ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠩᠭ᠎ᠠ ᠪᠠᠷᠢᠮᠵᠢᠶ᠎ᠠ᠂ ᠪᠣᠳᠠᠲᠠᠢ ᠰᠤᠷᠲᠠᠯ᠂ ᠲᠡᠮᠦᠷ ᠮᠡᠲᠦ ᠰᠠᠬᠢᠯᠭ᠎ᠠ ᠪᠠᠲᠤ ᠪᠠᠷ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠪᠠᠶᠢᠭᠤᠯᠭ᠎ᠠ ᠶᠢᠨ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠ ᠶᠢ ᠳᠤᠷᠠᠳᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠲᠣᠪᠣᠶᠢᠮ᠎ᠠ ᠰᠠᠶᠢᠲᠤᠷ ᠰᠢᠢᠳᠪᠦᠷᠢᠯᠡᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠲᠤ ᠣᠴᠢᠵᠤ ︽ᠬᠤᠣᠰ ᠨᠡᠷ᠎ᠡ ᠮᠡᠳᠡᠭᠦᠯᠬᠦ︾ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠰᠠᠶᠢᠨ  ᠳᠤᠷᠠᠴᠤᠳ  ᠤᠨ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠭᠤᠷᠪᠠ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ  ᠴᠢᠩᠭᠠᠳᠬᠠᠨ᠎ᠠᠨᠠᠷᠢᠨ ᠪᠤᠳᠤᠯᠢᠶᠠᠨᠲᠠᠢ ᠬᠤᠷᠸ᠎ᠠ ᠪᠠᠶᠢᠳᠠᠯ᠂  ᠬᠠᠲᠠᠭᠤ ᠴᠢᠩᠭ᠎ᠠ ᠠᠶᠤᠯ ᠲᠦᠭᠰᠢᠭᠦᠷᠢ᠂ ᠬᠦᠨᠳᠦ ᠬᠡᠴᠡᠭᠦᠦ ᠪᠣᠭᠤᠮᠲᠠ ᠰᠢᠪᠲᠤᠯᠬᠤ ᠡᠭᠦᠷᠭᠡ ᠶᠢᠨ ᠡᠮᠦᠨ᠎ᠡ᠂ ᠪᠢᠳᠡ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠤ ᠦᠨᠡᠨ ᠬᠦ ᠬᠦᠴᠦ ᠣᠷᠣᠭᠤᠯᠵᠤ᠂  ᠬᠥᠨᠵᠡᠬᠡᠢ ᠬᠦᠴᠦᠯᠡᠨ᠂ ᠴᠢᠩᠳᠠᠯᠠᠨ ᠬᠦᠴᠦᠯᠡᠵᠦ᠂ ᠴᠠᠭᠠᠷᠠᠭᠰᠠᠨ ᠡᠩᠨᠡᠭᠡ ᠶᠢ ᠪᠠᠶᠢᠭᠤᠯᠬᠤ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ᠂ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠠᠷᠠᠯᠲᠠ ᠲᠠᠢ ᠤᠶᠠᠯᠳᠤᠭᠤᠯᠤᠨ᠂ ᠺᠠᠳ᠋ᠷ ᠴᠢᠳᠠᠪᠤᠷᠢᠲᠠᠨ ᠤ ᠡᠩᠨᠡᠭᠡᠨ ᠤ ᠬᠠᠮᠢᠶᠠᠷᠤᠯᠲᠠ᠂ ᠪᠠᠶᠢᠭᠤᠯᠭ᠎ᠠ ᠶᠢᠨ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠡᠯ᠎ᠡ ᠲᠠᠯ᠎ᠠ ᠪᠠᠷ ᠢᠶᠠᠨ ᠬᠠᠮᠲᠤᠷᠠᠨ ᠬᠥᠳᠡᠯᠦᠯᠴᠡᠵᠦ᠂ ᠲᠠᠰᠤᠷᠠᠯᠳᠠ ᠦᠭᠡᠢ ᠰᠢᠨ᠎ᠡ ᠠᠬᠤᠢ ᠪᠠᠶᠢᠳᠠᠯ ᠢ ᠨᠡᠭᠡᠭᠡᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠳᠡᠯᠭᠡᠨ ᠦᠵᠡᠭᠦᠯᠵᠦ᠂ ᠰᠢᠨ᠎ᠡ ᠣᠷᠣᠨ ᠵᠠᠢ ᠶᠢ  ᠨᠡᠭᠡᠭᠡᠨ᠎ᠡ᠃      ︵ᠨᠢᠭᠡ︶ ᠤᠯᠤᠰ ᠲᠦᠷᠦ ᠶᠢᠨ ᠵᠣᠭᠰᠣᠴᠠ ᠪᠠᠨ  ᠳᠡᠭᠡᠭᠰᠢᠯᠡᠬᠦᠯᠦᠨ᠎ᠡ᠃ ᠪᠢᠳᠡ ᠡᠷᠬᠡᠪᠰᠢ ᠵᠥᠪ ᠤᠯᠤᠰ ᠲᠦᠷᠦ ᠶᠢᠨ ᠴᠢᠭᠯᠡᠯ ᠢ ᠪᠠᠲᠤ  ᠪᠠᠷᠢᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢ ᠶᠢᠨ ᠫᠢᠩ  ᠤᠨ ᠰᠣᠶᠣᠯ  ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠠᠶᠠᠯᠢᠭ ᠠᠭᠤᠯᠤᠭᠳᠠᠬᠤᠨ᠂ ᠭᠤᠣᠯ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠰᠢᠨ᠎ᠡ ᠴᠠᠭ ᠦᠶ᠎ᠡ ᠶᠢᠨ ᠰᠣᠶᠣᠯ  ᠤᠨ ᠪᠠᠶᠢᠭᠤᠯᠤᠯᠲᠠ ᠶᠢᠨ ᠪᠣᠳᠠᠲᠠᠢ ᠠᠰᠠᠭᠤᠳᠠᠯ  ᠢ ᠰᠢᠢᠳᠪᠦᠷᠢᠯᠡᠬᠦ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠬᠦᠯᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠪᠠ  ᠵᠢᠭᠤᠯᠴᠢᠯᠠᠯ ᠤᠨ ᠠᠵᠢᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ  ᠳᠤ ᠬᠢ ᠰᠡᠳᠬᠢᠴᠡ ᠪᠠᠨ ᠲᠥᠯᠥᠪᠵᠢᠬᠦᠯᠬᠦ᠂  ᠲᠤᠭᠤᠰᠢᠯᠠᠭᠤᠯᠤᠨ  ᠨᠠᠶᠢᠳᠠᠪᠤᠷᠢᠵᠢᠭᠤᠯᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠨ᠂ ︽ᠶᠠᠪᠤᠳᠠᠯ ᠪᠣᠯᠭᠠᠨ ᠳᠤ ᠦᠷ᠎ᠡ ᠳ᠋ᠦᠩ ᠲᠠᠢ᠂ ᠶᠠᠪᠤᠳᠠᠯ ᠪᠣᠯᠭᠠᠨ   ᠢ ᠨᠠᠶᠢᠳᠠᠪᠤᠷᠢᠵᠢᠭᠤᠯᠬᠤ︾ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠣᠶᠣᠯ ᠵᠢᠭᠤᠯᠴᠢᠯᠠᠯ ᠤᠨ ᠬᠦᠴᠦᠨ ᠴᠢᠳᠠᠯ ᠢ ᠨᠡᠮᠡᠷᠢᠯᠡᠨ᠎ᠡ᠃      ︵ᠬᠤᠶᠠᠷ︶ ᠵᠣᠷᠢᠭᠲᠠᠢ ᠪᠠᠷ ᠬᠠᠷᠢᠭᠤᠴᠠᠯᠭ᠎ᠠ  ᠡᠬᠦᠷᠭᠡᠯᠡᠨ᠎ᠡ᠃ ᠪᠢᠳᠡ ᠡᠷᠬᠡᠪᠰᠢ ᠬᠦᠨᠳᠦ ᠡᠭᠦᠷᠭᠡ ᠶᠢ ᠬᠦᠴᠦᠯᠡᠨ ᠡᠭᠦᠷᠭᠡᠯᠡᠬᠦ ︽ᠲᠡᠮᠦᠷ ᠮᠥᠷᠥ︾ ᠶᠢ ᠳᠠᠪᠲᠠᠨ ᠪᠣᠯᠪᠠᠰᠤᠷᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠪᠡᠷᠬᠡ ᠰᠡᠳᠦᠪ ᠲᠤ ᠵᠣᠷᠢᠭᠲᠠᠢ ᠪᠠᠷ ᠰᠢᠭᠤᠳ ᠬᠠᠨᠳᠤᠵᠤ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠨᠢᠳᠦᠨ ᠡᠮᠦᠨᠡᠬᠢ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠠᠵᠠᠭᠤ ᠶᠢᠨ ᠳᠠᠭᠤ ᠱᠤᠤᠭᠢᠶᠠᠨ ᠳᠤ ᠨᠥᠯᠥᠭᠡᠯᠡᠭᠳᠡᠬᠦ ᠦᠭᠡᠢ ᠪᠠᠶᠢᠵᠤ᠂ ᠵᠠᠩᠭᠢᠯᠠᠭ᠎ᠠ ᠶᠢᠨ ᠪᠣᠭᠤᠮᠢ ᠶᠢ ᠲᠠᠶᠢᠯᠬᠤ᠂  ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠵᠣᠷᠢᠭᠲᠠᠢ ᠪᠠᠷ ᠬᠢᠵᠦ ᠵᠤᠷᠢᠭᠲᠠᠢ ᠪᠠᠷ ᠦᠢᠯᠡᠳᠴᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ᠃ ᠬᠡᠯᠡᠬᠦ ᠠᠴᠠ ᠪᠢᠰᠢ ᠬᠢᠬᠦ ᠦᠭᠡᠢ᠂  ᠬᠠᠶᠠᠭᠠᠨ ᠳᠤ ᠨᠢ ᠬᠠᠶᠠᠬᠤ ᠶᠢ ᠡᠷᠡᠰ ᠬᠤᠷᠢᠭᠯᠠᠬᠤ ᠬᠡᠷᠡᠭᠲᠡᠢ᠂ ᠨᠡᠩ ᠴᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠭᠠᠷᠭᠠᠵᠤ ᠪᠣᠯᠬᠤ ᠦᠭᠡᠢ᠃ ᠬᠠᠷᠢᠭᠤᠴᠠᠯᠭ᠎ᠠ ᠡᠭᠦᠷᠭᠡᠯᠡᠨ ᠠᠵᠢᠯᠯᠠᠭ᠎ᠠ ᠬᠢᠬᠦ ᠶᠢ ᠵᠣᠷᠢᠭᠵᠢᠭᠤᠯᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠭᠦᠷᠭᠡᠯᠡᠭᠴᠢ ᠶᠢ ᠳᠡᠮᠵᠢᠬᠦ᠂ ᠡᠭᠦᠷᠭᠡᠯᠡᠭᠴᠢ ᠶᠢ ᠵᠣᠷᠢᠭᠵᠢᠭᠤᠯᠬᠤ᠂ ᠡᠭᠦᠷᠭᠡᠯᠡᠭᠴᠢ ᠶᠢ ᠬᠠᠮᠠᠭᠠᠯᠠᠬᠤ ᠳᠦᠷᠢᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠰᠠᠨᠠᠭ᠎ᠠ ᠠᠮᠤᠷ ᠠᠵᠢᠯ ᠬᠢᠬᠦ᠂ ᠵᠣᠷᠢᠭᠲᠠᠢ ᠪᠠᠷ ᠠᠵᠢᠯ ᠬᠢᠬᠦ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠺᠠᠳ᠋ᠷ ᠢ ᠬᠦᠨᠳᠦ ᠪᠠᠷ ᠬᠡᠷᠡᠭᠯᠡᠵᠦ᠂ ᠣᠪᠣᠷ ᠰᠤᠷᠲᠠᠯ ᠨᠢ ᠬᠥᠩᠭᠡᠨ ᠬᠠᠭᠤᠮᠠᠭᠠᠢ᠂ ᠰᠠᠶᠢᠬᠠᠨ ᠦᠭᠡ ᠬᠡᠯᠡᠵᠦ ᠰᠠᠶᠢᠰᠢᠶᠠᠯ ᠣᠯᠬᠤ  ᠶᠢ ᠪᠤᠳᠤᠭᠰᠠᠨ ᠺᠠᠳ᠋ᠷ ᠢ ᠵᠠᠯᠬᠠᠭᠠᠨ ᠴᠡᠭᠡᠷᠯᠡᠭᠦᠯᠵᠦ᠂ ᠪᠦᠬᠦ ᠰᠢᠰᠲ᠋ᠧᠮ ᠤᠨ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠦᠨᠡᠨ ᠬᠦ ᠳᠠᠶᠢᠴᠢᠯᠠᠬᠤ ᠬᠡᠷᠡᠭᠲᠡᠢ᠃      ︵ᠭᠤᠷᠪᠠ︶ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ ᠪᠢᠳᠡ ᠡᠷᠬᠡᠪᠰᠢ ᠪᠤᠰᠢᠭᠤ ᠱᠠᠯᠠᠮᠠᠭᠠᠢ ᠣᠪᠣᠷ ᠢ ᠢᠮᠠᠭᠲᠠ ᠪᠠᠷᠢᠮᠲᠠᠯᠠᠵᠤ᠂ ᠥᠨᠢ ᠤᠳᠠᠭᠠᠨ ᠴᠢᠷᠮᠠᠶᠢᠯᠭ᠎ᠠ ᠭᠠᠷᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠵᠢᠯ ᠤᠨ ᠭᠦᠢᠴᠡᠳᠬᠡᠬᠦ ᠬᠦᠴᠦᠨ᠂ ᠨᠠᠶᠢᠳᠠᠪᠤᠷᠢᠵᠢᠭᠤᠯᠬᠤ ᠬᠦᠴᠦᠨ ᠢᠶᠠᠨ ᠳᠡᠭᠡᠭᠰᠢᠯᠡᠭᠦᠯᠵᠦ᠂ ᠴᠢᠷᠮᠠᠶᠢᠨ ᠲᠡᠮᠡᠴᠡᠬᠦ ᠪᠠᠷ ᠭᠤᠸ᠎ᠠ ᠰᠠᠶᠢᠬᠠᠨ ᠢᠶᠠᠨ ᠪᠣᠯᠭᠠᠵᠤ᠂ ᠦᠢᠯᠡ ᠠᠵᠢᠯᠯᠠᠭ᠎ᠠ  ᠳᠤ ᠪᠠᠨ ᠬᠦᠨᠳᠦᠳᠬᠡᠯ ᠳᠡᠪᠰᠢᠭᠦᠯᠵᠦ᠂ ᠤᠬᠠᠮᠰᠠᠷ ᠠᠴᠠ ᠪᠠᠨ ᠠᠵᠢᠯ ᠢᠶᠠᠨ ᠪᠦᠬᠦ ᠤᠯᠤᠰ ᠤᠨ ᠬᠡᠪᠴᠢᠶᠡᠨ ᠳᠤ ᠲᠠᠯᠪᠢᠵᠤ ᠠᠳᠠᠯᠢᠳᠬᠠᠨ᠂ ᠠᠳᠠᠯᠢᠳᠬᠠᠬᠤ ᠬᠠᠷᠠᠯᠲᠠ ᠲᠠᠢ᠂ ᠰᠤᠷᠤᠯᠴᠠᠬᠤ ᠠᠵᠢᠯᠯᠠᠭ᠎ᠠ ᠲᠠᠢ᠂  ᠬᠥᠭᠡᠭᠡᠴᠡᠯᠳᠦᠬᠦ ᠠᠷᠭ᠎ᠠ ᠬᠡᠮᠵᠢᠶ᠎ᠡ ᠲᠠᠢ ᠪᠠᠶᠢᠬᠤ ᠶᠢ ᠪᠡᠶᠡᠯᠡᠭᠦᠯᠵᠦ ᠂ ︽ᠬᠢᠪᠡᠯ ᠬᠠᠮᠤᠭ ᠤᠨ ᠰᠠᠶᠢᠨ ᠬᠢᠵᠦ᠂ ᠬᠢᠪᠡᠯ ᠲᠤᠶᠢᠯ  ᠳᠤ ᠨᠢ ᠲᠤᠯᠲᠠᠯ᠎ᠠ ᠬᠢᠬᠦ︾ ᠡᠷᠴᠢ ᠵᠣᠷᠢᠭ ᠢᠶᠠᠷ ᠡᠯ᠎ᠡ ᠵᠦᠢᠯ ᠤᠨ ᠠᠵᠢᠯ ᠢ ᠬᠥᠨᠳᠡᠯᠡᠨ ᠴᠢᠭᠯᠡᠯ ᠢᠶᠠᠷ ᠬᠢᠯᠠᠰ ᠴᠡᠭ ᠲᠠᠢ᠂ ᠭᠤᠯᠳᠤ ᠴᠢᠭᠯᠡᠯ ᠢᠶᠠᠷ ᠲᠠᠪᠰᠢᠯᠳᠠ ᠲᠠᠢ ᠪᠣᠯᠭᠠᠵᠤ ᠂ ᠪᠦᠬᠦᠯᠢ ᠴᠣᠭᠴᠠ ᠪᠠᠷ ᠨᠢ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠰᠣᠶᠣᠯ ᠵᠢᠭᠤᠯᠴᠢᠯᠠᠯ ᠤᠨ ᠰᠢᠰᠲ᠋ᠧᠮ ᠳᠤ ᠮᠠᠨ ᠤ ᠨᠡᠷᠡᠳᠤ ᠲᠡᠮᠳᠡᠭ ᠢᠶᠠᠨ ᠪᠤᠢ ᠪᠣᠯᠭᠠᠵᠤ᠂ ᠮᠠᠨ ᠤ ᠣᠨᠴᠠᠯᠢᠭ ᠢᠶᠠᠨ ᠡᠭᠦᠳᠬᠦ ᠪᠠᠷ ᠴᠢᠷᠮᠠᠶᠢᠬᠤ ᠬᠡᠷᠡᠭᠲᠡᠢ᠃ ᠣᠳᠣᠬᠠᠨ ᠤ ᠺᠠᠳ᠋ᠷ ᠤᠨ ᠡᠩᠨᠡᠭᠡᠨ ᠳᠤ ᠣᠷᠣᠰᠢᠵᠤ ᠪᠠᠶᠢᠭ᠎ᠠ ᠦᠬᠡᠨᠴᠡ ᠵᠠᠰᠠᠭ ᠵᠠᠯᠬᠠᠭᠤ ᠵᠠᠰᠠᠭ ᠬᠤᠶᠢᠷᠭᠤ ᠵᠠᠰᠠᠭ ᠤᠨ ᠦᠵᠡᠭᠳᠡᠯ ᠢ ᠡᠷᠡᠰ ᠴᠡᠭᠴᠡᠯᠡᠵᠦ᠂ ᠵᠣᠷᠢᠭᠲᠠᠢ ᠪᠠᠷ ᠠᠵᠢᠯᠯᠠᠬᠤ᠂  ᠠᠵᠢᠯᠯᠠᠵᠤ ᠳᠡᠶᠢᠯᠬᠦ᠂ ᠴᠢᠳᠠᠮᠠᠭᠠᠢ ᠪᠠᠷ ᠠᠵᠢᠯᠯᠠᠬᠤ ᠪᠠᠷ ᠢᠷᠠᠭᠤ ᠠᠯᠳᠠᠷ ᠢᠶᠠᠨ ᠪᠣᠯᠭᠠᠬᠤ᠂ ᠠᠵᠢᠯ ᠬᠢᠬᠦ ᠦᠭᠡᠢ᠂ ᠶᠡᠬᠡᠮᠰᠦᠭ ᠠᠵᠢᠯᠯᠠᠬᠤ᠂ ᠬᠠᠭᠤᠷᠮᠠᠭ ᠢᠶᠠᠷ ᠠᠵᠢᠯᠯᠠᠬᠤ ᠶᠢ ᠢᠴᠢᠭᠦᠷᠢ ᠭᠤᠲᠤᠮᠰᠢᠭ ᠢᠶᠠᠷ ᠦᠵᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂  ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ   ᠤᠨ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ᠂ ᠠᠮᠢ ᠪᠡᠶ᠎ᠡ ᠪᠠᠨ ᠦᠯᠦ ᠬᠠᠶᠢᠷᠠᠯᠠᠬᠤ ᠵᠣᠷᠢᠭ ᠰᠠᠨᠠᠭ᠎ᠠ ᠪᠠᠷ ᠡᠭᠦᠷᠭᠡᠯᠡᠵᠦ ᠪᠠᠶᠢᠭ᠎ᠠ ᠲᠤᠰᠢᠶᠠᠯ ᠬᠠᠷᠢᠭᠤᠴᠠᠯᠭ᠎ᠠ  ᠳᠤ ᠪᠠᠨ ᠬᠠᠨᠳᠤᠵᠤ᠂ ᠨᠠᠮ ᠪᠠ ᠠᠷᠠᠳ ᠲᠦᠮᠡᠨ ᠤ ᠢᠲᠡᠭᠡᠮᠵᠢᠲᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ  ᠶᠢ ᠬᠦᠲᠦᠯᠦᠨ ᠵᠢᠯᠤᠭᠤᠳᠤᠨ᠎ᠠ᠃      ︵ᠳᠥᠷᠪᠡ︶  ᠮᠡᠷᠭᠡᠵᠢᠯ ᠴᠢᠳᠠᠪᠤᠷᠢ ᠪᠠᠨ ᠨᠡᠮᠡᠭᠳᠡᠬᠦᠯᠦᠨ᠎ᠡ᠃ ᠪᠢᠳᠡ ᠡᠷᠬᠡᠪᠰᠢ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠡᠭᠡᠳᠦ ᠱᠠᠲᠤᠨ ᠤ ᠪᠠᠶᠢᠳᠠᠯ ᠢ ᠦᠨᠡᠨ ᠬᠦ ᠨᠡᠪᠲᠡᠷᠡᠲᠡᠯ᠎ᠡ ᠣᠶᠢᠯᠠᠭᠠᠵᠤ᠂ ᠳᠣᠣᠷᠠᠳᠤ ᠱᠠᠲᠤᠨ ᠤ ᠪᠠᠶᠢᠳᠠᠯ ᠢ ᠡᠵᠡᠮᠳᠡᠨ᠂ ᠳᠡᠭᠡᠳᠦ ᠳᠣᠣᠷᠠᠳᠤ ᠱᠠᠲᠤ ᠶᠢ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠠᠰᠠᠭᠤᠳᠠᠯ ᠤᠨ ᠭᠦᠨ ᠲᠠᠰ ᠳᠠᠪᠬᠤᠷᠭ᠎ᠠ ᠶᠢᠨ ᠰᠢᠯᠲᠠᠭᠠᠨ ᠢ ᠴᠢᠳᠠᠮᠠᠭᠠᠢ ᠪᠠᠷ ᠢᠯᠡᠷᠡᠭᠦᠯᠵᠦ᠂ ᠮᠠᠨ ᠤ ᠠᠵᠢᠯ ᠤᠨ ᠰᠡᠳᠬᠢᠮᠵᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠠᠳᠬᠤᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠡᠳᠬᠢᠬᠦᠢ ᠶᠢᠨ ᠲᠣᠭᠲᠠᠭᠰᠠᠨ ᠬᠡᠯᠪᠡᠷᠢ ᠪᠣᠯᠣᠨ ᠵᠤᠷᠰᠢᠯ ᠢ ᠡᠪᠳᠡᠵᠦ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠦᠨᠡᠨ ᠬᠦ ᠪᠤᠢ ᠪᠣᠯᠭᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠤᠢ ᠪᠣᠯᠭᠠᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠦᠢᠯᠡᠳᠬᠦᠨ ᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠰᠢᠨ᠎ᠡ ᠶᠢ ᠡᠭᠦᠳᠬᠦ ᠶᠢ ᠪᠦᠬᠦ ᠰᠢᠰᠲ᠋ᠧᠮ ᠤᠨ ᠤᠬᠠᠮᠰᠠᠷᠲᠤ ᠠᠵᠢᠯᠯᠠᠭ᠎ᠠ ᠪᠣᠯᠭᠠᠵᠤ᠂ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠤᠷᠢᠳᠴᠢᠯᠠᠨ ᠠᠬᠢᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃      ᠨᠥᠬᠦᠳ ᠠ᠋᠂ ᠣᠳᠣᠬᠠᠨ ᠳᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠨᠢᠭᠡᠨᠲᠡ ᠲᠣᠭᠲᠠᠭᠤᠨ ᠰᠠᠭᠤᠷᠢ ᠪᠠ ᠤᠷᠤᠭᠰᠢᠯᠠᠯᠲᠠ ᠶᠢᠨ ᠬᠦᠴᠦᠨ ᠲᠠᠢ ᠪᠣᠯᠵᠠᠢ᠂  ᠡᠮᠤᠨᠡᠬᠢ ᠵᠠᠮ ᠭᠡᠭᠡᠨ ᠰᠠᠷᠠᠭᠤᠯ᠂ ᠢᠷᠡᠬᠦ ᠮᠠᠷᠭᠠᠰᠢ ᠦᠭᠡᠲᠡ ᠡᠰᠡᠷᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠡᠵᠢᠶᠡᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠨᠡᠩ ᠶᠡᠭᠡ ᠡᠷᠴᠢᠮ ᠪᠠ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号