ᠥᠪᠥᠷ ᠮᠣᠩᠭᠤᠯ ᠤᠨ 4 ᠲᠥᠷᠥᠯ ᠵᠦᠢᠯ ᠨᠢ 2024 ᠣᠨ ᠤ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯ ᠢᠶᠠᠷ ᠭᠤᠤᠯ ᠰᠡᠳᠦᠪ ᠪᠣᠯᠭᠠᠭᠰᠠᠨ ︽ᠶᠡᠭᠡ ᠦᠵᠡᠯ ᠰᠠᠨᠠᠭ᠎ᠠ ᠲᠠᠢ ᠤᠯᠤᠰ ᠲᠥᠷᠥ ᠶᠢᠨ ᠬᠢᠴᠢᠶᠡᠯ︾ ᠤᠨ ᠴᠢᠨᠠᠷ ᠰᠠᠶᠢᠲᠠᠶ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢ ᠲᠠᠨᠢᠯᠴᠠᠭᠤᠯᠬᠤ ᠲᠥᠷᠥᠯ ᠵᠦᠢᠯ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/11/25
     11ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ 2024 ᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢᠶᠠᠷ ᠭᠤᠤᠯ ᠰᠡᠳᠦᠪ ᠪᠣᠯᠭᠠᠭᠰᠠᠨ ︽ᠶᠡᠭᠡ ᠦᠵᠡᠯ ᠰᠠᠨᠠᠭ᠎ᠠ ᠲᠠᠢ ᠤᠯᠤᠰ ᠲᠥᠷᠥ ᠶᠢᠨ ᠬᠢᠴᠢᠶᠡᠯ︾ ᠤᠨ ᠴᠢᠨᠠᠷ ᠰᠠᠶᠢᠲᠠᠶ ᠡᠬᠢ ᠪᠠᠶᠠᠯᠢᠭ ᠤᠨ ᠪᠠᠶᠢᠭᠤᠯᠤᠯᠲᠠ ᠶᠢᠨ ᠲᠠᠨᠢᠯᠴᠠᠭᠤᠯᠬᠤ ᠵᠦᠢᠯᠡᠰ ᠤᠨ ᠨᠡᠷᠡᠰ ᠢ ᠨᠡᠶᠢᠲᠡᠯᠡᠵᠦ᠂ ᠡᠴᠦᠰ ᠲᠤ ᠪᠠᠨ 10 ᠵᠢᠱᠢᠶ᠎ᠡ ᠦᠵᠡᠭᠦᠯᠬᠦ ᠵᠦᠢᠯᠡᠰ᠂ 100 ᠰᠣᠳᠣᠨ ᠵᠦᠢᠯᠡᠰ ᠢ ᠲᠠᠨᠢᠯᠴᠠᠭᠤᠯᠬᠤ ᠪᠠᠷ ᠲᠣᠭᠲᠠᠭᠠᠪᠠ᠃ ᠥᠪᠥᠷ ᠮᠣᠩᠭᠤᠯ ᠤᠨ 4 ᠲᠥᠷᠥᠯ ᠵᠦᠢᠯ ᠪᠥᠬᠦ ᠤᠯᠤᠰ ᠤᠨ ᠵᠠᠭᠤᠨ ᠬᠦᠴᠦᠷᠬᠡᠭ ᠤᠨ ᠰᠣᠳᠣᠨ ᠪᠦᠲᠦᠭᠡᠯ ᠢ ᠲᠠᠨᠢᠯᠴᠠᠭᠤᠯᠬᠤ ᠲᠥᠷᠥᠯ ᠵᠦᠢᠯ ᠳᠤ ᠰᠣᠩᠭᠤᠭᠳᠠᠨ ᠣᠷᠣᠵᠤ᠂ ᠰᠣᠩᠭᠤᠭᠳᠠᠭᠰᠠᠨ ᠲᠥᠷᠥᠯ ᠵᠦᠢᠯ ᠤᠨ ᠲᠤᠭ᠎ᠠ ᠳᠠᠬᠢᠨ ᠢᠶᠠᠷ ᠨᠡᠮᠡᠭᠳᠡᠪᠡ᠃    ᠲᠣᠰ ᠤᠳᠠᠭᠠᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠭᠤᠤᠯ ᠰᠡᠳᠦᠪ ᠪᠣᠯᠭᠠᠭᠰᠠᠨ ︽ᠶᠡᠭᠡ ᠦᠵᠡᠯ ᠰᠠᠨᠠᠭ᠎ᠠ ᠲᠠᠢ ᠤᠯᠤᠰ ᠲᠥᠷᠥ ᠶᠢᠨ ᠬᠢᠴᠢᠶᠡᠯ︾ ᠤᠨ ᠴᠢᠨᠠᠷ ᠰᠠᠶᠢᠲᠠᠶ ᠡᠬᠢ ᠪᠠᠶᠠᠯᠢᠭ ᠤᠨ ᠪᠠᠶᠢᠭᠤᠯᠤᠯᠲᠠ ᠶᠢ ᠳᠡᠯᠭᠡᠷᠡᠭᠦᠯᠬᠦ ᠠᠵᠢᠯ ᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠠᠴᠠ ᠬᠠᠮᠲᠤᠷᠠᠨ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠪᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠶ᠃ ᠥᠪᠥᠷ ᠮᠣᠩᠭᠤᠯ ᠤᠨ ᠮᠦᠽᠧᠶ ᠪᠣᠯᠤᠨ ᠰᠢᠨᠬᠤᠸᠠ ᠰᠦᠯᠵᠢᠶ᠎ᠡ ᠶᠢᠨ ᠥᠪᠥᠷ ᠮᠣᠩᠭᠤᠯ ᠬᠠᠮᠲᠤᠷᠠᠨ ᠮᠡᠳᠡᠭᠦᠯᠦᠭᠰᠡᠨ ︽︿ᠬᠤᠪᠢᠰᠬᠠᠯ ᠤᠨ ᠡᠷᠳᠡᠨᠢᠰ ᠤᠨ ᠰᠠᠩ ᠤᠨ ᠲᠡᠮᠡᠴᠡᠯ ᠤᠨ ᠥᠯᠢᠭᠡᠷ﹀ ᠤᠨ ᠰᠢᠷᠢᠰ ᠪᠢᠴᠢᠯ ᠸᠢᠳᠢᠣ᠋︾︔ ᠥᠪᠥᠷ ᠮᠣᠩᠭᠤᠯ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠪᠰᠢᠭᠦᠯᠦᠨ ᠮᠡᠳᠡᠭᠦᠯᠦᠭᠰᠡᠨ ︽ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠭᠠᠵᠢᠭᠤᠯᠤᠭᠰᠠᠨ ᠳᠠᠮᠵᠢᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ ︿ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ﹀ ᠤᠨ ᠵᠢᠱᠢᠮᠡᠭ ᠳᠠᠭᠤᠷᠢᠶᠠᠮᠠᠯ ᠡᠬᠢ ᠪᠠᠶᠠᠯᠢᠭ ᠤᠨ ᠲᠠᠪᠴᠠᠩ ᠤᠨ ᠪᠠᠶᠢᠭᠤᠯᠤᠯᠲᠠ︾ ᠨᠢ ᠲᠤᠭᠠᠵᠢᠭᠤᠯᠤᠭᠰᠠᠨ ᠳᠠᠮᠵᠢᠭᠤᠯᠭ᠎ᠠ ᠶᠢᠨ ᠲᠥᠷᠥᠯ ᠤᠨ ᠰᠣᠳᠣᠨ ᠪᠦᠲᠦᠭᠡᠯ ᠲᠠᠨᠢᠯᠴᠠᠭᠤᠯᠬᠤ ᠲᠥᠷᠥᠯ ᠵᠦᠢᠯ ᠳᠤ ᠰᠣᠩᠭᠤᠭᠳᠠᠪᠠ᠃ ᠪᠤᠭᠤᠲᠤ ᠶᠢᠨ ᠮᠦᠽᠧᠢ ︵ᠸᠠᠩ ᠷᠦᠸᠧ ᠹᠸᠢ ᠶᠢᠨ ᠳᠤᠷᠠᠰᠬᠠᠯ ᠤᠨ ᠣᠷᠳᠣᠨ︶ ᠪᠣᠯᠤᠨ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠨᠢᠦ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠠᠮᠲᠤᠷᠠᠨ ᠮᠡᠳᠡᠭᠦᠯᠦᠭᠰᠡᠨ ︽ᠦᠷᠡᠭᠳᠡᠭᠰᠡᠨ ᠪᠠᠭᠠᠲᠤᠷᠴᠤᠳ ᠤᠨ ᠤᠯᠠ ᠮᠥᠷ ᠢ ᠡᠷᠢᠯᠬᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠶᠢᠯᠠᠭᠠᠬᠤ— ᠸᠠᠩ ᠷᠦᠸᠧ ᠹᠸᠢ ᠶᠢᠨ ᠳᠤᠷᠠᠰᠬᠠᠯ ᠤᠨ ᠣᠷᠳᠣᠨ ᠤ ᠬᠤᠪᠢᠰᠬᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠨᠢ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡᠨ ᠤ ᠲᠦᠷᠦᠯ ᠤᠨ ᠰᠣᠳᠣᠨ ᠪᠦᠲᠦᠭᠡᠯ ᠢ ᠲᠠᠨᠢᠯᠴᠠᠭᠤᠯᠬᠤ ᠲᠦᠷᠦᠯ ᠵᠦᠢᠯ ᠳᠤ ᠰᠣᠩᠭᠤᠭᠳᠠᠨ ᠣᠷᠣᠪᠠ᠃ ᠣᠷᠳᠣᠰ ᠬᠤᠲᠠ ᠶᠢᠨ ᠮᠦᠽᠧᠶ ︵ᠣᠷᠳᠣᠰ ᠤᠨ ᠬᠤᠪᠢᠰᠬᠠᠯ ᠤᠨ ᠲᠡᠦᠬᠡ ᠶᠢᠨ ᠮᠦᠽᠧᠶ︶ ᠪᠣᠯᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠮᠲᠤᠷᠠᠨ ᠮᠡᠳᠡᠭᠦᠯᠦᠭᠰᠡᠨ ︽ᠬᠤᠪᠢᠰᠬᠠᠯ ᠤᠨ ᠥᠯᠢᠭᠡᠷ ᠦᠵᠡᠯ ᠰᠠᠨᠠᠭ᠎ᠠ ᠤᠯᠤᠰ ᠲᠥᠷᠥ ᠪᠠᠷ ᠬᠥᠮᠦᠨ ᠢ ᠬᠥᠮᠦᠵᠢᠭᠦᠯᠬᠦ— ᠲᠡᠦᠬᠡ ᠶᠢᠨ ᠳᠤᠷᠠᠰᠬᠠᠯᠲᠤ ᠵᠦᠢᠯ ᠤᠨ ᠬᠢᠴᠢᠶᠡᠯ ᠤᠨ ᠲᠠᠩᠬᠢᠮ︾ ᠨᠢ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠲᠥᠷᠥᠯ ᠤᠨ ᠰᠣᠳᠣᠨ ᠪᠦᠲᠦᠭᠡᠯ ᠢ ᠲᠠᠨᠢᠯᠴᠠᠭᠤᠯᠬᠤ ᠲᠥᠷᠥᠯ ᠵᠦᠢᠯ ᠳᠤ ᠰᠣᠩᠭᠤᠭᠳᠠᠪᠠ᠃              
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠦᠽᠧᠶ ᠶᠢᠨ ᠭᠠᠵᠠᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号