ᠥᠪᠥᠷ ᠮᠣᠩᠭᠤᠯ ᠤᠨ ᠮᠠ ᠽᠦᠩ ᠱᠠᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠤᠨ ᠵᠠᠷᠯᠠᠨ ᠨᠡᠶᠢᠲᠡᠯᠡᠬᠦ ᠨᠡᠷᠡᠰ ᠲᠤ ᠠᠮᠵᠢᠯᠲᠠᠲᠠᠢ ᠰᠤᠩᠭᠤᠭᠳᠠᠪᠠ
ᠨᠡᠶᠢᠲᠡᠯᠡᠭᠰᠡᠨ ᠴᠠᠭ᠄
2024/2/5
     1 ᠳ᠋ᠤᠭᠡᠷ ᠰᠠᠷ᠎ᠠ ᠶᠢᠨ 23 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠠᠮᠲᠤᠷᠠᠨ ᠭᠤᠷᠪᠠᠳᠤᠭᠠᠷ ᠪᠦᠯᠦᠭ ᠤᠨ 7 ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠭᠠᠵᠠᠷ ᠤᠨ ᠨᠡᠷᠡᠰ ᠢ ᠵᠠᠷᠯᠠᠨ ᠨᠡᠶᠢᠲᠡᠯᠡᠵᠦ᠂ ᠥᠪᠥᠷ ᠮᠣᠩᠭᠤᠯ ᠤᠨ ᠮᠠ ᠽᠦᠩ ᠱᠠᠨ ᠵᠢᠭᠤᠯᠴᠢᠯᠠᠯ ᠤᠨ ᠭᠠᠵᠠᠷ ᠠᠮᠵᠢᠯᠲᠠ ᠲᠠᠢ ᠪᠠᠷ ᠰᠤᠩᠭᠤᠭᠳᠠᠪᠠ᠂ ᠡᠨᠡ ᠪᠣᠯ ᠥᠪᠥᠷ ᠮᠣᠩᠭᠤᠯ ᠤᠨ ᠳᠥᠷᠪᠡᠳᠡᠬᠢ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠪᠣᠯᠣᠨ᠎ᠠ᠃
 
    ᠮᠠ ᠽᠦᠩ ᠱᠠᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠨᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤ ᠶᠢᠨ ᠱᠢ ᠮᠧᠨ ᠭᠧᠦ ᠲᠣᠰᠬᠤᠨ ᠳᠤ ᠪᠤᠢ᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠬᠤᠳᠠ ᠶᠢᠨ ᠲᠥᠪ ᠲᠤ ᠪᠠᠶᠢᠷᠢᠯᠠᠵᠤ᠂ ᠲᠠᠯᠠᠪᠠᠢ ᠨᠢ 24.95 ᠲᠡᠭᠰᠢ ᠳᠥᠷᠪᠡᠯᠵᠢᠨ ᠺᠢᠯᠤᠮᠥᠲᠷ ᠪᠠᠶᠢᠵᠤ᠂ ᠪᠠᠶᠢᠭᠠᠯᠢ ᠶᠢᠨ ᠨᠥᠬᠦᠴᠡᠯ ᠢᠶᠠᠷ ᠣᠨᠴᠠᠭᠠᠢ᠂ ᠴᠠᠰᠤᠨ ᠤ ᠪᠠᠶᠢᠳᠠᠯ ᠰᠠᠶᠢᠨ᠂ ᠴᠠᠰᠤᠨ ᠤ ᠬᠤᠭᠤᠴᠠᠭ᠎ᠠ ᠤᠷᠳᠤ᠂ ᠡᠪᠦᠯ ᠤᠨ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠲᠡᠭ ᠠᠴᠠ ᠳᠣᠷᠣᠭᠰᠢ 12 ᠭᠷᠡᠳᠦ᠋ᠰ ᠲᠤ ᠬᠦᠷᠴᠦ᠂ ᠴᠠᠰᠤ ᠬᠠᠳᠠᠭᠠᠯᠠᠬᠤ ᠬᠤᠭᠤᠴᠠᠭ᠎ᠠ ᠨᠢ 4 ᠰᠠᠷ᠎ᠠ ᠰᠢᠬᠠᠮ ᠪᠠᠶᠢᠵᠤ᠂ ᠴᠠᠨᠠᠯᠠᠬᠤ ᠬᠤᠭᠤᠴᠠᠭ᠎ᠠ ᠨᠢ 120 ᠡᠳᠦᠷ ᠪᠠᠶᠢᠵᠤ᠂ ᠥᠨᠳᠥᠷ᠂ ᠳᠤᠮᠳᠠ᠂ ᠠᠩᠬ᠎ᠠ ᠵᠡᠷᠭᠡ ᠶᠢᠨ 23 ᠵᠤᠷᠪᠤᠰ ᠴᠠᠰᠤᠨ ᠵᠠᠮ ᠲᠠᠢ︔ ᠴᠠᠨᠠᠯᠠᠬᠤ ᠲᠥᠬᠦᠭᠡᠷᠦᠮᠵᠢ ᠪᠠ ᠪᠤᠰᠤᠳ ᠲᠥᠬᠦᠭᠡᠷᠦᠮᠵᠢ ᠪᠦᠷᠢᠨ ᠲᠡᠭᠦᠯᠳᠡᠷ᠂ ᠣᠳᠣ 5 ᠴᠠᠰᠤ ᠳᠠᠷᠤᠬᠤ ᠲᠡᠷᠭᠡ᠂ 1 ᠲᠦᠮᠡ ᠭᠠᠷᠤᠢ ᠢᠵᠢ ᠡᠯ᠎ᠡ ᠲᠥᠷᠥᠯ ᠤᠨ ᠴᠠᠨᠠᠯᠠᠬᠤ ᠲᠥᠬᠦᠭᠡᠷᠦᠮᠵᠢ᠂ ᠴᠠᠰᠤᠨ ᠤ ᠪᠠᠭᠠᠵᠢ  ᠲᠠᠢ︔ ᠪᠦᠷᠢᠨ ᠲᠡᠭᠦᠯᠳᠡᠷ ᠣᠯᠠᠨ ᠡᠰᠢᠲᠦ ᠴᠠᠨᠠᠯᠠᠬᠤ ᠵᠢᠭᠤᠯᠴᠢᠯᠠᠯ ᠠᠮᠠᠷᠠᠯᠲᠠ ᠶᠢᠨ ᠬᠦᠯᠢᠶᠡᠨ ᠠᠪᠬᠤ ᠲᠥᠬᠦᠭᠡᠷᠦᠮᠵᠢ ᠶᠢ ᠪᠦᠷᠢᠳᠦᠭᠦᠯᠵᠦ᠂ ᠴᠠᠨᠠᠯᠠᠬᠤ ᠲᠠᠯᠠᠪᠠᠶ᠂ ᠲᠤᠮᠤᠴᠤᠤᠯ ᠵᠢᠴᠢ ᠬᠡᠦᠬᠡᠳ ᠤᠨ ᠴᠠᠨᠠᠯᠠᠬᠤ ᠲᠤᠰᠬᠠᠢ ᠰᠤᠷᠭᠠᠭᠤᠯᠢ᠂ ᠴᠠᠰᠤᠨ ᠤ ᠴᠡᠩᠭᠡᠯ ᠤᠨ ᠬᠦᠷᠢᠶᠡᠯᠡᠩ᠂ ᠴᠠᠨᠠᠯᠠᠬᠤ ᠭᠠᠵᠠᠷ ᠤᠨ ᠪᠠᠶᠢᠴᠠ ᠶᠢᠨ ᠴᠡᠴᠡᠷᠯᠢᠭ᠂ ᠴᠠᠨᠠᠯᠠᠬᠤ ᠲᠤᠰᠠᠭᠠᠷ ᠵᠢᠭᠠᠨ ᠰᠤᠷᠭᠠᠯᠲᠠ ᠶᠢᠨ ᠲᠣᠭᠤᠷᠢᠭ᠂ ᠮᠠ ᠽᠦᠩ ᠱᠠᠨ ᠤ ᠠᠷᠠᠳ ᠤᠨ ᠪᠠᠭᠤᠳᠠᠯ᠂ ᠮᠠ ᠽᠦᠩ ᠱᠠᠨ ᠤ ᠪᠣᠯᠪᠠᠰᠤᠷᠠᠯ ᠤᠨ ᠲᠥᠪ ᠵᠡᠷᠭᠡ 2 ᠥᠪᠡᠷᠲᠡᠭᠡᠨ ᠡᠵᠡᠩᠨᠡᠬᠦ ᠪᠠᠭᠤᠳᠠᠯ ᠵᠢᠴᠢ LSR ᠬᠡᠦᠬᠡᠳ ᠤᠨ ᠲᠣᠰᠬᠤᠨ ᠪᠠ ᠠᠮᠠᠷᠠᠯᠲᠠ ᠶᠢᠨ ᠭᠠᠵᠠᠷ ᠬᠥᠷᠥᠩᠭᠡ᠂ ᠠᠭᠤᠯᠠᠨ ᠣᠷᠣᠢ ᠶᠢᠨ ᠮᠠᠶᠢᠬᠠᠨ ᠲᠠᠢ ᠬᠤᠭᠤᠯᠠᠨ ᠭᠡᠷ᠂ ᠭᠤᠣᠯ ᠰᠡᠳᠦᠪᠲᠦ ᠪᠠᠷᠠᠭ᠎ᠠ ᠬᠤᠳᠠᠯᠳᠤᠨ ᠠᠪᠬᠤ ᠳᠡᠯᠭᠡᠭᠦᠷ ᠵᠡᠷᠭᠡ ᠣᠯᠠᠨ ᠵᠦᠢᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠪᠠᠭᠲᠠᠭᠠᠨ᠎ᠠ᠃              
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠭᠤᠷᠪᠠᠨ ᠳ᠋ᠦᠩᠰᠢᠭᠤᠷ ᠬᠥᠮᠥᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠤᠯᠠᠨ ᠠᠴᠠ ᠣᠨᠴᠠᠭᠠᠢ ᠬᠦᠢᠲᠡᠨ ᠭᠠᠵᠠᠷ ᠤᠨ ᠮᠥᠰᠥ ᠴᠠᠰᠤᠨ ᠤ ᠡᠬᠢ ᠪᠠᠶᠠᠯᠢᠭ ᠢ ᠠᠰᠢᠭᠯᠠᠵᠤ᠂ ᠮᠥᠰᠥ ᠴᠠᠰᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠥᠨᠳᠥᠷ ᠲᠦᠪᠰᠢᠨ ᠳᠤ ᠠᠬᠢᠭᠤᠯᠵᠠᠢ᠃ ᠤᠷᠢᠳ ᠬᠤᠵᠢᠳ ︽ᠪᠠᠷᠠᠭᠤᠨᠰᠢ ᠤᠴᠢᠵᠤ ᠴᠠᠨᠠᠯᠠᠶ᠎ᠠ︾ ᠮᠥᠰᠥ ᠴᠠᠰᠤᠨ ᠤ ᠨᠠᠷᠠᠲᠤ ᠲᠡᠮᠳᠡᠭ ᠤᠨ ᠠᠵᠢᠯᠯᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 20 ᠳ᠋ᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ᠂ ︽ᠦᠯᠢᠭᠡᠷ ᠳᠤᠮᠤᠭᠲᠤ ᠷᠠᠰᠢᠶᠠᠨ · ᠮᠥᠰᠥ ᠴᠠᠰᠤᠨ ᠤ ᠶᠡᠭᠡ ᠬᠢᠩᠭᠠᠨ︾ ᠷᠠᠰᠢᠶᠠᠨ ᠤ 18 ᠳ᠋ᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ᠂ ︽ᠳᠤᠲᠤᠷ᠎ᠠ ᠠᠴᠠ ᠪᠠᠨ ᠳᠦᠷᠡᠯᠵᠡᠭᠰᠡᠨ ᠮᠦᠰᠦ ᠴᠠᠰᠤ · ᠬᠦᠰᠡᠯ  ᠬᠥᠭᠡᠭᠡᠴᠡᠯᠳᠦᠭᠰᠡᠨ ᠬᠦᠯᠦᠭ ᠮᠣᠷᠢ︾ ᠰᠢᠯᠢ ᠶᠢᠨ ᠭᠤᠣᠯ ᠤᠨ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠵᠡᠷᠭᠡ 145 ᠵᠦᠢᠯ ᠤᠨ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠪᠡ᠃ ᠡᠭᠦᠨ ᠤ ᠬᠠᠮᠲᠤ ᠲᠣᠮᠣ ᠬᠡᠯᠪᠡᠷᠢ ᠶᠢᠨ ᠴᠠᠨᠠᠯᠠᠬᠤ ᠲᠠᠯᠠᠪᠠᠶ ᠪᠠᠷ ᠲᠥᠪ ᠪᠣᠯᠭᠠᠨ᠂ ᠮᠠ ᠽᠦᠩ ᠱᠠᠨ᠂ ᠮᠠᠶᠢᠷᠠᠨ ᠭᠤᠤ᠂ ᠶᠠᠭᠰᠢ ᠵᠡᠷᠭᠡ ᠨᠢᠭᠡ ᠪᠦᠯᠦᠭ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠪᠠᠶᠢᠭᠤᠯᠪᠠ᠃
 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号