ᠮᠦᠽᠧᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽ᠮᠦᠽᠧᠢ ᠳᠤ | ᠰᠢᠨᠡᠯᠡᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ 1 ᠳ᠋ᠤᠭᠡᠷ ᠰᠠᠷ᠎ᠠ ᠶᠢᠨ | 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ | ᠲᠣᠪᠴᠢᠶ᠎ᠠ ᠶᠢᠨ ᠳᠡᠳ᠋ ᠳᠠᠷᠤᠭ᠎ᠠ ᠭᠤᠸᠠᠨ ᠹᠦ᠋ ᠼᠠᠢ ᠨᠠᠷ ᠥᠪᠥᠷ ᠮᠣᠩᠭᠤᠯ ᠤᠨ ᠪᠠᠢ ᠱᠢ ᠵᠧᠨ ︱ ᠤᠯᠠᠭᠠᠨ | ᠽᠠᠨᠳᠠᠨ ᠤᠷᠠᠯᠢᠭ ᠤᠨ ᠮᠦᠽᠧᠢ ᠵᠡᠷᠭᠡ ᠰᠣᠶᠣᠯ ᠦᠵᠡᠰᠬᠦᠯᠡᠩ ᠤᠨ ᠣᠷᠳᠣᠨ ᠳᠤ ᠬᠦᠷᠴᠦ ᠠᠮᠤᠷ ᠲᠦᠪᠰᠢᠨ᠂ | ᠦᠵᠡᠰᠬᠦᠯᠡᠩ ᠵᠡᠷᠭᠡ ᠲᠠᠯ᠎ᠠ ᠪᠠᠷ ᠪᠠᠶᠢᠴᠠᠭᠠᠯᠲᠠ ᠬᠢᠭᠰᠡᠨ ᠪᠥᠭᠡᠳ ︽ᠮᠦᠽᠧᠢ ᠳᠤ ᠰᠢᠨᠡᠯᠡᠬᠦ︾ ᠬᠠᠮᠢᠶ᠎ᠠ ᠪᠦᠬᠦᠢ | ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠨᠢᠭᠤᠷᠲᠠᠨ | ᠠᠰᠠᠭᠤᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠦᠽᠧᠢ ᠶᠢᠨ ᠳᠡᠯᠭᠡᠨ | ᠦᠵᠡᠭᠦᠯᠭᠡ ᠶᠢᠨ ᠠᠭᠤᠯᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠭᠠᠯ ᠤᠨᠲᠠᠷᠠᠭᠠᠬᠤ ᠲᠥᠬᠦᠭᠡᠷᠦᠮᠵᠢ ᠶᠢᠨ | ᠠᠵᠢᠯᠯᠠᠭᠠᠨ᠂ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠳᠤ ᠪᠠᠶᠢᠴᠠᠭᠠᠯᠲᠠ ᠬᠢᠭᠰᠡᠨ ᠪᠥᠭᠡᠳ ᠮᠦᠽᠧᠢ ᠶᠢᠨ ᠬᠠᠷᠢᠭᠤᠴᠠᠯᠭᠠᠲᠠᠨ ᠤ ︽ᠮᠦᠽᠧᠢ ᠳᠤ ᠰᠢᠨᠡᠯᠡᠬᠦ︾ | ᠵᠡᠷᠭᠡ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | | | | ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ︶᠂ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ᠂ ᠢᠦᠢ ᠴᠢᠤᠸᠠᠨ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠦᠬᠦᠢ | ᠨᠥᠬᠦᠳ ᠪᠠᠶᠢᠴᠠᠭᠠᠬᠤ᠂ ᠪᠠᠶᠢᠴᠠᠭᠠᠨ ᠰᠤᠳᠤᠯᠬᠤ ᠳᠤ ᠣᠷᠣᠯᠴᠠᠪᠠ᠃ | |