ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠲᠥᠯᠥᠪᠯᠡᠭᠡ ᠶᠢ ᠰᠤᠳᠤᠯᠤᠨ ᠶᠠᠷᠢᠯᠴᠠᠪᠠ ︱ ᠰᠣᠶᠣᠯ ᠪᠠ ᠵᠢᠭᠤᠯᠴᠢᠯᠠᠯ ᠤᠨ ᠶᠠᠮᠤᠨ ᠤ ᠴᠢᠳᠠᠪᠤᠷᠢᠲᠠᠨ ᠤ ᠲᠥᠪ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠳᠤ ᠬᠦᠷᠴᠦ ᠰᠢᠨᠵᠢᠯᠡᠨ ᠪᠠᠶᠢᠴᠠᠭᠠᠵᠤ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/7
     3 ᠳ᠋ᠤᠭᠠᠷ ᠰᠠᠷ᠎ᠠ ᠶᠢᠨ 1 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠴᠢᠳᠠᠪᠤᠷᠢᠲᠠᠨ ᠤ ᠲᠥᠪ ᠤᠨ ᠳᠡᠳ᠋ ᠡᠷᠬᠢᠯᠡᠭᠴᠢ ᠲᠢᠶᠠᠨ  ᠢᠦᠢ ᠰᠢᠶᠣᠣ ᠨᠠᠷ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠳᠠᠷᠤᠭ᠎ᠠ ᠭᠤᠸ ᠶᠠᠨ ᠵᠢᠴᠢ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠲᠣᠭᠯᠠᠯᠲᠠ ᠶᠢᠨ ᠬᠠᠮᠢᠶᠠᠷᠤᠯᠲᠠ ᠶᠢᠨ ᠲᠥᠪ᠂ ᠠᠵᠤ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠲᠢᠶᠠᠨ ᠢᠦᠢ ᠰᠢᠶᠣᠣ ᠨᠠᠷ ᠶᠠᠭᠤᠨ ᠤ ᠡᠮᠦᠨ᠎ᠡ ᠵᠦᠴᠦᠭᠡ ᠶᠢᠨ ᠬᠦᠷᠢᠶᠡᠯᠡᠩ ᠤᠨ ᠼᠢᠷᠺ ᠤᠨ ᠪᠦᠯᠬᠦᠮ᠂ ᠨᠠᠶᠢᠷᠠᠯ ᠳᠠᠭᠤᠤ ᠶᠢᠨ ᠪᠦᠯᠬᠦᠮ᠂ ᠦᠨᠳᠦᠰᠦᠲᠡᠨ ᠤ ᠬᠥᠭᠵᠢᠮ ᠤᠨ ᠪᠦᠯᠬᠦᠮ᠂ ᠶᠠᠷᠢᠶᠠᠲᠤ ᠵᠦᠴᠦᠭᠡ ᠶᠢᠨ ᠪᠦᠯᠬᠦᠮ ᠳᠤ ᠬᠦᠷᠴᠦ᠂ ᠲᠣᠭᠯᠠᠭᠴᠢᠳ ᠤᠨ ᠪᠣᠯᠪᠠᠰᠤᠷᠠᠯ ᠢ ᠰᠣᠨᠢᠷᠬᠠᠵᠤ᠂ ᠵᠦᠴᠦᠭᠡ ᠶᠢᠨ ᠬᠦᠷᠢᠶᠡᠯᠡᠩ ᠤᠨ ᠡᠯ᠎ᠡ ᠲᠦᠷᠦᠯ ᠤᠨ ᠴᠢᠳᠠᠪᠤᠷᠢᠲᠠᠨ ᠢ ᠬᠥᠮᠥᠵᠢᠭᠦᠯᠬᠦ᠂ ᠫᠷᠣᠭ᠍ᠷᠠᠮ ᠤᠨ ᠵᠣᠬᠢᠶᠠᠨ ᠪᠦᠲᠦᠭᠡᠯᠭᠡ ᠶᠢᠨ ᠬᠠᠮᠢᠶ᠎ᠠ ᠪᠦᠬᠦᠢ ᠪᠠᠶᠢᠳᠠᠯ ᠢ ᠠᠩᠬ᠎ᠠ ᠠᠯᠬᠤᠮ ᠣᠶᠢᠯᠠᠭᠠᠪᠠ᠃
      ᠰᠠᠭᠤᠳᠠᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠳᠠᠷᠤᠭ᠎ᠠ ᠭᠤᠸ ᠶᠠᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠵᠦᠴᠦᠭᠡ ᠶᠢᠨ ᠬᠦᠷᠢᠶᠡᠯᠡᠩ ᠤᠨ ᠦᠨᠳᠦᠰᠦᠨ ᠪᠠᠶᠢᠳᠠᠯ ᠵᠢᠴᠢ ᠴᠢᠳᠠᠪᠤᠷᠢᠲᠠᠨ ᠢ ᠬᠥᠮᠥᠵᠢᠭᠦᠯᠵᠦ ᠪᠣᠯᠪᠠᠰᠤᠷᠠᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠲᠢᠶᠠᠨ ᠢᠦᠢ ᠰᠢᠶᠣᠣ ᠵᠦᠴᠦᠭᠡ ᠶᠢᠨ ᠬᠦᠷᠢᠶᠡᠯᠡᠩ ᠤᠨ ᠰᠣᠶᠣᠯ ᠤᠨ ᠴᠢᠳᠠᠪᠤᠷᠢᠲᠠᠨ ᠢ ᠬᠥᠮᠥᠵᠢᠭᠦᠯᠬᠦ᠂ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠠᠢ᠃ ᠬᠤᠶᠠᠷ ᠲᠠᠯ᠎ᠠ ᠪᠠᠷ ᠢᠶᠠᠨ ᠳᠡᠭᠡᠳᠦ ᠲᠡᠰ ᠤᠨ ᠤᠷᠠᠯᠢᠭ ᠤᠨ ᠴᠢᠳᠠᠪᠤᠷᠢᠲᠠᠨ ᠢ ᠪᠣᠯᠪᠠᠰᠤᠷᠠᠭᠤᠯᠬᠤ᠂ ᠰᠤᠷᠭᠠᠭᠤᠯᠢ ᠶᠢᠨ ᠬᠦᠷᠢᠶᠡᠨ ᠠᠴᠠ ᠠᠵᠢᠯᠲᠠᠨ ᠡᠯᠰᠡᠬᠦ ᠵᠡᠷᠭᠡ ᠠᠵᠢᠯ ᠤᠨ ᠲᠤᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠴᠢᠳᠠᠪᠤᠷᠢᠲᠠᠨ ᠢ ᠰᠣᠯᠢᠯᠴᠠᠨ ᠬᠥᠮᠥᠵᠢᠭᠦᠯᠬᠦ ᠲᠥᠯᠥᠪᠯᠡᠭᠡ ᠶᠢ ᠰᠤᠳᠤᠯᠤᠨ ᠶᠠᠷᠢᠯᠴᠠᠪᠠ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号