ᠦᠷᠭᠦᠯᠵᠢᠯᠡᠨ ᠬᠥᠭᠵᠢᠶᠡᠨ ᠲᠠᠢ ᠪᠠᠶᠢᠨ᠎ᠠ︕ ᠰᠢᠨ᠎ᠡ ᠳᠤᠮᠳᠠᠳᠤ ᠮᠠᠶ᠋ᠢᠭ ᠤᠨ᠂ ᠤᠷᠤᠯᠳᠤᠭᠠᠨ ᠤ  ᠵᠢᠭᠤᠯᠴᠢᠯᠠᠯ ᠨᠢ ᠥᠪᠥᠷ ᠮᠣᠩᠭᠤᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/18
     2024 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ︽ᠥᠪᠥᠷ ᠮᠣᠩᠭᠤᠯ ᠠᠴᠠ ᠭᠤᠪᠢᠭᠤᠯᠤᠭᠰᠠᠨ ᠵᠣᠨ ᠤ ᠤᠯᠠᠷᠢᠯ ᠤᠨ ᠤᠷᠢᠯᠭ᠎ᠠ︾᠂ ︽ᠰᠢᠨ᠎ᠡ ᠳᠤᠮᠳᠠᠳᠤ ᠮᠠᠶ᠋ᠢᠭ ᠤᠨ ᠵᠢᠭᠤᠯᠴᠢᠯᠠᠯ︾᠂ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ ᠨᠢ ᠡᠨᠡ ᠬᠦ ᠠᠮᠠᠷᠠᠯᠲᠠ ᠶᠢᠨ ᠬᠤᠭᠤᠴᠠᠭᠠᠨ ᠤ ᠬᠠᠯᠠᠮᠰᠢᠯ ᠴᠡᠭ ᠪᠣᠯᠵᠣ᠂ ᠥᠪᠥᠷ ᠮᠣᠩᠭᠤᠯ ᠤᠨ ᠡᠯ᠎ᠡ ᠭᠠᠵᠠᠷ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠯᠠᠮᠰᠢᠯ ᠤᠨ ᠬᠡᠮᠵᠢᠶ᠎ᠡ ᠥᠩᠭᠡᠷᠡᠭᠰᠡᠨ ᠵᠢᠯ ᠤᠳ ᠤᠨ ᠬᠢ ᠠᠴᠠ ᠢᠯᠡᠳᠲᠡ ᠳᠡᠭᠡᠭᠰᠢᠯᠡᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠣᠷᠭᠢᠯ ᠴᠠᠭ ᠤᠨ ᠡᠬᠢᠯᠡᠯᠲᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠵᠢᠭᠤᠯᠴᠢᠯᠠᠯ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠬᠥᠭᠵᠢᠶᠡᠨᠲᠡᠶ ᠤᠯᠠᠷᠢᠯ ᠳᠤ ︽ᠲᠦᠷᠦᠭᠦᠦ ᠫᠤᠤ︾ ᠶᠢ ᠰᠠᠶᠢᠲᠤᠷ  ᠲᠠᠯᠪᠢᠪᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠭᠤᠷᠪᠠᠨ ᠡᠳᠦᠷ ᠪᠥᠬᠦ ᠣᠷᠣᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 877 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ 2023 ᠣᠨ ᠤ 1.05 ᠳᠠᠬᠢᠨ ᠪᠠᠶᠢᠵᠤ᠂ 2019 ᠣᠨ ᠤ 1.17 ᠳᠠᠬᠢᠨ ᠪᠣᠯᠤᠨ᠎ᠠ︔ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠶᠡᠷᠦᠩᠬᠡᠶ ᠵᠠᠷᠤᠳᠠᠯ 59 ᠳ᠋ᠦᠩᠰᠢᠭᠤᠷ ᠲᠥᠭᠦᠷᠢᠭ ᠪᠠᠶᠢᠵᠤ᠂ 2023 ᠣᠨ ᠤ 1.15 ᠳᠠᠬᠢᠨ ᠪᠠᠶᠢᠵᠤ᠂ 2019 ᠣᠨ ᠤ 1.27 ᠳᠠᠬᠢᠨ ᠪᠣᠯᠤᠨ᠎ᠠ᠃ ᠵᠠᠭᠤᠴᠢᠯᠠᠭᠤᠷ ᠤᠨ ᠮᠡᠳᠡᠭᠡᠯᠡᠯ ᠳᠤ ᠣᠯᠠᠨ ᠠᠷᠭ᠎ᠠ ᠵᠠᠮ ᠢᠶᠠᠷ ᠤᠯᠠᠮᠵᠢᠯᠠᠬᠤ᠂ ᠬᠠᠮ ᠵᠠᠭᠤᠴᠢᠯᠠᠭᠤᠷ ᠤᠨ ᠤᠬᠠᠭᠤᠯᠭ᠎ᠠ᠂ ᠬᠠᠯᠠᠮᠰᠢᠯ ᠴᠡᠭ ᠪᠠ ᠠᠵᠢᠯᠯᠠᠭ᠎ᠠ ᠶᠢ ᠤᠶᠠᠯᠳᠤᠭᠤᠯᠤᠭᠰᠠᠨ ᠤᠬᠠᠭᠤᠯᠭ᠎ᠠ ᠶᠢᠨ ᠪᠠᠶᠢᠷᠢᠰᠢᠯ ᠢ ᠦᠷᠭᠦᠯᠵᠢᠯᠡᠨ ᠢᠯᠡᠷᠡᠭᠦᠯᠵᠦ᠂ ᠪᠥᠬᠦ ᠰᠦᠯᠵᠢᠶᠡᠨ ᠳᠤ ᠬᠢ ︽ᠥᠪᠥᠷ ᠮᠣᠩᠭᠤᠯ ᠤᠨ ᠵᠢᠭᠤᠯᠴᠢᠯᠠᠯ︾ ᠤᠨ ᠬᠠᠮᠢᠶ᠎ᠠ ᠪᠥᠬᠦᠶ ᠮᠡᠳᠡᠭᠡ ᠵᠠᠩᠭᠢ 5.4 ᠲᠦᠮᠡᠨ ᠵᠤᠷᠪᠤᠰ᠂ ᠸᠢᠳᠢᠤ᠋ 3.54 ᠲᠦᠮᠡᠨ ᠵᠤᠷᠪᠤᠰ᠂   ᠦᠨᠡᠯᠡᠯᠲᠡ 4.63 ᠲᠦᠮᠡᠨ ᠵᠤᠷᠪᠤᠰ᠂ ᠰᠠᠶᠢᠰᠢᠶᠠᠨ ᠲᠠᠭᠠᠯᠠᠭᠰᠠᠨ ᠨᠢ 8.11 ᠲᠦᠮᠡᠨ ᠤᠳᠠᠭ᠎ᠠ᠂ ᠤᠩᠰᠢᠯᠭ᠎ᠠ ᠶᠢᠨ ᠬᠡᠮᠵᠢᠶ᠎ᠡ 6633.5 ᠲᠦᠮᠡᠨ ᠬᠥᠮᠦᠨ ᠤᠳᠠᠭ᠎ᠠ ᠳᠤ ᠬᠦᠷᠴᠦ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠠᠭᠤᠷᠠᠶ ᠭᠠᠵᠠᠷ ᠤᠨ ᠯᠤᠤᠲᠤ ᠣᠩᠭᠤᠴᠠ ᠶᠢᠨ ᠤᠷᠤᠯᠳᠤᠭᠠᠨ ᠲᠡᠭᠦᠯᠳᠡᠷ ᠰᠠᠶᠢᠬᠠᠨ ᠶᠠᠪᠤᠭᠳᠠᠵᠤ᠂  ᠲᠤᠬᠠᠢ ᠶᠢᠨ ᠭᠠᠵᠠᠷ ᠤᠨ ᠲᠢᠭ᠋ ᠲᠤᠭ ᠤᠨ ᠬᠠᠯᠠᠮᠰᠢᠯ ᠤᠨ ᠵᠢᠭᠰᠠᠭᠠᠯᠲᠠ ᠳᠤ ᠨᠢᠭᠡᠲᠦᠭᠡᠷ ᠲᠤ ᠪᠠᠶᠢᠷᠢᠯᠠᠭᠰᠠᠨ ᠪᠠᠶᠢᠨ᠎ᠠ᠃ ᠬᠢᠯᠢ ᠳᠤ ᠣᠷᠣᠵᠤ ᠢᠷᠡᠭᠰᠡᠨ ᠵᠢᠭᠤᠯᠴᠢᠯᠠᠭᠴᠢᠳ ᠮᠠᠨᠵᠤᠤᠷ ᠬᠤᠲᠠ ᠪᠣᠯᠣᠨ ᠡᠷᠢᠶᠡᠨ ᠬᠤᠲᠠ ᠶᠢᠨ ᠪᠣᠭᠤᠮᠲᠠ ᠪᠠᠷ ᠣᠷᠣᠵᠣ ᠢᠷᠡᠬᠦ ᠪᠠᠷ ᠭᠤᠤᠯᠳᠠᠵᠤ᠂ ᠪᠥᠬᠦ ᠣᠷᠣᠨ ᠤ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ 106% ᠪᠠᠷ ᠨᠡᠮᠡᠭᠳᠡᠪᠡ᠂ ᠡᠭᠦᠨ ᠳᠤ ᠬᠥᠬᠡᠬᠤᠲᠠ ᠪᠣᠯᠣᠨ ᠪᠤᠭᠤᠲᠤ ᠶᠢᠨ ᠵᠠᠬᠢᠶᠠᠯᠠᠭ᠎ᠠ ᠶᠢᠨ ᠬᠡᠮᠵᠢᠶ᠎ᠡ ᠲᠣᠰ ᠲᠣᠰ 113% ᠪᠣᠯᠣᠨ 144% ᠪᠠᠷ ᠨᠡᠮᠡᠭᠳᠡᠵᠦ᠂ ᠬᠥᠬᠡᠬᠤᠲᠠ ᠶᠢᠨ ᠶᠡᠭᠡ ᠵᠤᠤ ᠰᠦᠮ᠎ᠡ᠂ ᠣᠷᠳᠣᠰ ᠤᠨ ᠪᠦᠷᠢᠶ᠎ᠡ ᠮᠠᠩᠬ᠎ᠠ᠂ ᠤᠯᠠᠭᠠᠨᠴᠠᠪ  ᠬᠤᠲᠠ ᠶᠢᠨ ᠬᠤᠸᠠᠩ ᠬᠤᠸᠠ ᠭᠧᠦ ᠵᠢᠭᠤᠯᠴᠢᠯᠠᠯ ᠤᠨ ᠤᠷᠤᠨ ᠪᠠ ᠤᠯᠠᠭᠠᠨᠬᠠᠳᠠ ᠭᠠᠯᠲᠤ ᠠᠭᠤᠯᠠ᠂ ᠤᠯᠠᠭᠠᠨᠬᠠᠳᠠ ᠬᠤᠲᠠ ᠶᠢᠨ  ᠤᠯᠠᠭᠠᠨ ᠪᠤᠲᠤᠩ   ᠤᠨ ᠲᠠᠯ᠎ᠠ ᠨᠤᠲᠤᠭ ᠵᠡᠷᠭᠡ ᠲᠠᠪᠤᠨ ᠦᠵᠡᠮᠵᠢ ᠶᠢᠨ ᠣᠷᠣᠨ ᠤᠯᠠᠨ  ᠤ ᠬᠦᠷᠢᠶᠡᠯᠡᠯ ᠢ ᠣᠯᠣᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号