2024 ᠣᠨ ᠤ ︽ᠬᠠᠪᠤᠷ ᠤᠨ ᠬᠤᠷ᠎ᠠ ᠢᠨᠵᠧᠨᠧᠷᠢᠩ︾ ᠤᠨ ᠶᠦᠨᠨᠠᠨ ᠤ ᠰᠣᠶᠣᠯ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠪᠥᠷ ᠮᠣᠩᠭᠤᠯ ᠳᠤ ᠤᠷᠤᠬᠤ ᠰᠣᠯᠢᠯᠴᠠᠭ᠎ᠠ ᠲᠣᠭᠯᠠᠯᠲᠠ ᠡᠬᠢᠯᠡᠪᠡ
ᠨᠡᠶᠢᠲᠡᠯᠡᠭᠰᠡᠨ ᠴᠠᠭ᠄
2024/6/19
      6 ᠳ᠋ᠤᠭᠠᠷ ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠶᠦᠨᠨᠠᠨ ᠮᠤᠵᠢ ᠶᠢᠨ ᠰᠣᠶᠣᠯ ᠤᠨ ᠣᠷᠳᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠵᠡᠷᠭᠡ ᠨᠢᠭᠡᠴᠢ ᠶᠢᠨ ᠬᠠᠮᠲᠤᠷᠠᠨ ᠪᠠᠶᠢᠭᠤᠯᠤᠭᠰᠠᠨ ︽ᠬᠠᠪᠤᠷ ᠤᠨ ᠬᠤᠷ᠎ᠠ ᠢᠨᠵᠧᠨᠧᠷᠢᠩ︾ ᠤᠨ ᠶᠦᠨᠨᠠᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠪᠥᠷ ᠮᠣᠩᠭᠤᠯ ᠳᠤ ᠤᠷᠤᠬᠤ ᠰᠣᠯᠢᠯᠴᠠᠭ᠎ᠠ ᠲᠣᠭᠯᠠᠯᠲᠠ ᠶᠢᠨ ᠠᠵᠢᠯᠯᠠᠭ᠎ᠠ ᠡᠬᠢᠯᠡᠪᠡ᠃      ︽ᠬᠠᠪᠤᠷ ᠤᠨ ᠬᠤᠷ᠎ᠠ ᠢᠨᠵᠧᠨᠧᠷᠢᠩ︾︱ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠯᠢ ᠬᠢᠵᠠᠭᠠᠷ ᠣᠷᠣᠨ ᠤ ᠠᠶᠠᠯᠠᠯ ᠤᠨ ᠲᠥᠯᠥᠪᠯᠡᠭᠡ ᠨᠢ ᠰᠣᠶᠣᠯ ᠪᠠ ᠵᠢᠭᠤᠯᠴᠢᠯᠠᠯ ᠤᠨ ᠶᠠᠮᠤᠨ ᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠲᠠᠢ ᠬᠠᠮᠲᠤ ᠪᠠᠷ ᠠᠬᠢᠭᠤᠯᠬᠤ ᠲᠦᠷᠦᠯ ᠵᠦᠢᠯ ᠪᠣᠯᠤᠭᠰᠠᠨ ᠤ ᠬᠤᠪᠢ ᠳᠤ᠂ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠳᠠᠮᠵᠢᠨ ᠰᠢᠯᠢᠳᠡᠭ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠬᠢᠯᠢ ᠬᠢᠵᠠᠭᠠᠷ ᠣᠷᠣᠨ ᠳᠤ ᠰᠢᠯᠵᠢᠬᠦ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠬᠠᠪᠤᠷ ᠤᠨ ᠬᠤᠷ᠎ᠠ ᠢᠨᠵᠧᠨᠧᠷᠢᠩ︾ ᠤᠨ ᠱᠠᠭᠠᠷᠳᠠᠯᠭ᠎ᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠤᠯᠠᠨ ᠮᠤᠵᠢ ᠬᠤᠳᠠ ᠲᠠᠢ ᠭᠦᠨ ᠭᠦᠨᠵᠡᠭᠡᠢ ᠰᠣᠶᠣᠯ ᠤᠨ ᠰᠣᠯᠢᠯᠴᠠᠭ᠎ᠠ ᠬᠢᠵᠡᠢ᠃ ︽ᠬᠦᠷᠭᠡᠵᠦ ᠥᠭᠬᠦ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠨᠢ ᠡᠯ᠎ᠡ ᠭᠠᠵᠠᠷ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃       ᠵᠠᠯᠭᠠᠭᠠᠳ 2024 ᠣᠨ ᠤ ︽ᠬᠠᠪᠤᠷ ᠤᠨ ᠬᠤᠷ᠎ᠠ ᠢᠨᠵᠧᠨᠧᠷᠢᠩ︾ ᠤᠨ ᠶᠦᠨᠨᠠᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠥᠪᠥᠷ ᠮᠣᠩᠭᠤᠯ ᠳᠤ ᠤᠷᠤᠬᠤ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠦᠷᠭᠦᠯᠵᠢᠯᠡᠨ ᠭᠤᠶᠢᠳᠠ ᠰᠠᠶᠢᠬᠠᠨ ᠬᠠᠭᠤᠳᠠᠰᠤ ᠶᠢ  ᠪᠢᠴᠢᠭᠯᠡᠵᠦ᠂ ᠪᠤᠭᠤᠲᠤ ᠬᠤᠲᠠ ᠂ ᠣᠷᠳᠣᠰ ᠬᠤᠲᠠ ᠳᠤ ᠦᠷᠭᠦᠯᠵᠢᠯᠡᠨ ᠬᠦᠷᠴᠦ᠂ ᠬᠤᠶᠠᠷ ᠭᠠᠵᠠᠷ ᠤᠨ ᠣᠯᠠᠨ ᠲᠦᠮᠡᠨ ᠤ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠪᠠ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠡᠯᠪᠡᠭ ᠪᠠᠶᠠᠯᠢᠭ ᠤᠯᠠᠨ ᠲᠦᠮᠡᠨ ᠤ ᠰᠣᠶᠣᠯ ᠤᠳᠬ᠎ᠠ ᠤᠷᠠᠯᠢᠭ ᠤᠨ ᠪᠦᠲᠦᠭᠡᠯ ᠢᠶᠠᠷ ᠥᠪᠥᠷ ᠮᠣᠩᠭᠤᠯ ᠶᠦᠨᠨᠠᠨ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠪᠲᠡᠷᠡᠯᠴᠡᠭᠡ᠂ ᠰᠣᠶᠣᠯ ᠤᠨ ᠠᠭᠤᠰᠤᠯᠴᠠᠯ ᠤᠨ ᠬᠠᠷᠢᠯᠴᠠᠨ ᠲᠣᠯᠢᠳᠠᠬᠤ ᠬᠤᠯᠪᠣᠯᠳᠤᠭᠰᠠᠨ ᠬᠥᠭᠦᠷᠭᠡ᠂ ᠠᠭᠤᠰᠤᠯᠴᠠᠯ ᠤᠨ ᠬᠥᠭᠦᠷᠭᠡ ᠪᠠ ᠨᠥᠬᠦᠷᠯᠡᠯ ᠤᠨ ᠬᠥᠭᠦᠷᠭᠡ ᠶᠢ ᠪᠠᠶᠢᠭᠤᠯᠵᠤ᠂ ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠴᠢᠨᠠᠭᠰᠢᠳᠠ ᠠᠬᠢᠭᠤᠯᠵᠤ᠂ ᠪᠦᠬᠦ ᠠᠷᠠᠳ ᠤᠨ ᠤᠷᠠᠯᠢᠭ ᠤᠨ ᠲᠦᠭᠡᠮᠡᠯᠵᠢᠯᠲᠡ ᠶᠢ ᠠᠬᠢᠭᠤᠯᠬᠤ ᠳᠤ ᠰᠣᠶᠣᠯ ᠵᠢᠭᠤᠯᠴᠢᠯᠠᠯ ᠤᠨ ᠬᠦᠴᠦᠨ ᠴᠢᠳᠠᠯ ᠢ ᠨᠡᠮᠡᠷᠢᠯᠡᠨ᠎ᠡ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号