ᠥᠪᠥᠷ ᠮᠣᠩᠭᠤᠯ ᠤᠨ 5 ·18 ᠤ ᠣᠯᠠᠨ ᠤᠯᠤᠰ ᠤᠨ ᠮᠦᠽᠧᠢ  ᠶᠢᠨ ᠡᠳᠦᠷ ᠤᠨ ᠠᠵᠢᠯᠯᠠᠭ᠎ᠠ ᠭᠡᠷᠡᠯ ᠭᠢᠯᠪᠠᠭ᠎ᠠ ᠪᠠᠨ ᠰᠠᠴᠤᠷᠠᠭᠤᠯᠵᠠᠢ
ᠨᠡᠶᠢᠲᠡᠯᠡᠭᠰᠡᠨ ᠴᠠᠭ᠄
2024/6/9
     2024 ᠣᠨ ᠤ 5 ᠳ᠋ᠤᠭᠠᠷ ᠰᠠᠷ᠎ᠠ ᠶᠢᠨ 18 ᠤ ᠡᠳᠦᠷ᠂ 48 ᠳ᠋ᠤᠭᠠᠷ 5.18 ᠤ ᠤᠯᠠᠨ ᠤᠯᠤᠰ ᠤᠨ ᠮᠦᠽᠧᠢ ᠶᠢᠨ ᠡᠳᠦᠷ ᠤᠨ ᠥᠪᠥᠷ ᠮᠣᠩᠭᠤᠯ ᠤᠨ ᠭᠤᠣᠯ ᠬᠤᠷᠠᠯ ᠤᠨ ᠲᠠᠯᠠᠪᠠᠶ ᠥᠪᠥᠷ ᠮᠣᠩᠭᠤᠯ ᠤᠨ ᠮᠦᠽᠧᠢ ᠳᠤ ᠡᠬᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ︽ᠮᠦᠽᠧᠢ ᠶᠢᠨ ᠦᠢᠯᠡᠰ ᠢ ᠰᠠᠶᠢᠲᠤᠷ ᠬᠢᠬᠦ ᠬᠡᠷᠡᠭᠲᠡᠢ᠃ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠦᠨ᠂ ᠨᠡᠩ ᠰᠢᠰᠲ᠋ᠧᠮ ᠲᠠᠢ ᠪᠣᠯᠭᠠᠵᠤ᠂ ᠡᠭᠦᠨ ᠤ ᠬᠠᠮᠲᠤ ᠮᠦᠽᠧᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ︾ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠦᠯᠦᠭᠡ᠂ ᠪᠦᠬᠦ ᠣᠷᠣᠨ ᠤ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ᠂ ᠮᠦᠽᠧᠢ ︽ᠮᠦᠽᠧᠢ ᠶᠢᠨ ᠬᠢᠨ ᠰᠤᠷᠭᠠᠨ ᠬᠥᠮᠦᠵᠢᠯ ᠪᠠ ᠰᠤᠳᠤᠯᠭᠠᠨ ᠳᠤ ᠬᠦᠴᠦ ᠪᠠᠨ ᠡᠷᠭᠦᠬᠦ︾ ᠭᠤᠣᠯ ᠰᠡᠳᠦᠪ ᠤᠨ ᠲᠣᠭᠤᠷᠢᠨ ᠳᠤ᠂ ᠰᠣᠳᠣᠨ ᠪᠦᠲᠦᠭᠡᠯ ᠤᠨ ᠭᠤᠣᠯ ᠰᠡᠳᠦᠪᠲᠦ ᠦᠵᠡᠰᠬᠦᠯᠡᠩ᠂ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠬᠢᠨᠠᠨ ᠲᠣᠭᠲᠠᠭᠠᠯᠲᠠ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠭ᠎ᠠ᠂ ᠮᠦᠽᠧᠢ ᠶᠢᠨ ᠰᠥᠨᠢ ᠵᠡᠷᠭᠡ 700 ᠭᠠᠷᠤᠢ ᠲᠠᠯᠠᠪᠤᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠥᠰᠥᠪᠯᠡᠵᠦ᠂ ᠭᠤᠣᠯ ᠬᠤᠷᠠᠯ ᠤᠨ ᠲᠠᠯᠠᠪᠠᠢ ᠶᠢᠨ ᠨᠢᠭᠡ ᠡᠳᠦᠷ ᠤᠨ ᠲᠣᠭᠤᠷᠢᠨ ᠦᠵᠡᠭᠰᠡᠨ ᠬᠥᠮᠥᠨ ᠤ ᠲᠤᠭ᠎ᠠ 2 ᠲᠦᠮᠡ ᠭᠠᠷᠤᠢ ᠬᠥᠮᠥᠨ ᠤᠳᠠᠭ᠎ᠠ ᠳᠤ ᠬᠦᠷᠴᠦ᠂ ︽ᠮᠦᠽᠧᠢ ᠶᠢᠨ ᠬᠠᠯᠠᠮᠰᠢᠯ︾ ᠢ ᠳᠠᠬᠢᠨᠲᠠ ᠥᠷᠨᠢᠭᠦᠯᠵᠡᠢ᠃      ᠨᠢᠭᠡ ᠳᠤ᠂ ᠰᠣᠳᠣᠨ ᠪᠦᠲᠦᠭᠡᠯ ᠤᠨ ᠦᠵᠡᠭᠦᠯᠭᠡ ᠶᠢ ᠤᠬᠠᠭᠠᠯᠠᠵᠤ᠂ ᠮᠦᠽᠧᠢ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨ ᠢ ᠲᠤᠪᠤᠶᠢᠯᠭᠠᠪᠠ᠃ 5 ·18 ᠤ ᠬᠤᠭᠤᠴᠠᠭᠠᠨ ᠳᠤ᠂ ᠪᠦᠬᠦ ᠣᠷᠣᠨ ᠤ ᠮᠦᠽᠧᠢ  ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠳᠠᠭᠠᠯᠠᠮᠵᠢ ᠳᠤ ᠠᠭᠤᠯᠤᠭᠳᠠᠵᠤ ᠪᠠᠶᠢᠭ᠎ᠠ ᠭᠦᠨ ᠵᠤᠵᠠᠭᠠᠨ ᠰᠣᠶᠣᠯ ᠤᠨ ᠠᠭᠤᠯᠠᠬᠤᠨ ᠢ ᠭᠦᠨᠵᠡᠭᠡᠢ ᠠᠭᠤᠳᠠᠯᠵᠤ᠂ ᠡᠯᠪᠡᠭ ᠪᠠᠶᠠᠯᠢᠭ ᠮᠦᠽᠧᠢ ᠶᠢᠨ ᠡᠬᠢ ᠪᠠᠶᠠᠯᠢᠭ ᠢ ᠡᠷᠬᠢᠮ ᠨᠠᠨᠳᠢᠨ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠲᠠᠲᠠᠬᠤ ᠬᠦᠴᠦᠨ ᠤ ᠲᠠᠯ᠎ᠠ ᠪᠠᠷ ᠬᠦᠴᠦ ᠣᠷᠣᠭᠤᠯᠵᠤ᠂ 40 ᠭᠠᠷᠤᠢ ᠦᠵᠡᠰᠬᠦᠯᠡᠩ ᠢ ᠳᠡᠯᠭᠡᠨ ᠦᠵᠡᠭᠦᠯᠵᠦ᠂ ᠦᠵᠡᠭᠴᠢᠳ ᠲᠤ ᠵᠣᠷᠢᠭᠤᠯᠤᠭᠰᠠᠨ ᠪᠠᠶᠢᠨ᠎ᠠ᠃ ᠬᠤᠶᠠᠷ ᠲᠤ᠂ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠮᠦᠽᠧᠢ ᠶᠢᠨ ᠰᠤᠷᠭᠠᠨ ᠬᠥᠮᠦᠵᠢᠯ ᠤᠨ ᠠᠷᠭ᠎ᠠ ᠪᠠᠷᠢᠯ ᠢ ᠦᠷᠭᠡᠳᠭᠡᠪᠡ᠃ ᠭᠤᠷᠪᠠ ᠳᠤ᠂ ᠣᠷᠳᠣᠨ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠮᠦᠽᠧᠢ ᠶᠢᠨ ᠰᠤᠷᠭᠠᠨ ᠬᠥᠮᠦᠵᠢᠯ ᠤᠨ ᠬᠢᠴᠢᠶᠡᠯ ᠤᠨ ᠲᠠᠩᠬᠢᠮ ᠢ ᠤᠷᠲᠤᠳᠬᠠᠵᠤ᠂ ᠡᠯ᠎ᠡ ᠭᠠᠵᠠᠷ ᠤᠨ ᠮᠦᠽᠧᠢ ᠶᠢᠨ ᠬᠢᠨ ᠡᠨᠡ ᠵᠢᠯ ᠤᠨ ︽ᠮᠦᠽᠧᠢ ᠶᠢᠨ ᠬᠢᠨ ᠰᠤᠷᠭᠠᠨ ᠬᠥᠮᠦᠵᠢᠯ ᠪᠠ ᠰᠤᠳᠤᠯᠭᠠᠨ ᠳᠤ ᠬᠦᠴᠦ ᠪᠠᠨ ᠡᠷᠭᠦᠬᠦ︾ ᠭᠤᠣᠯ ᠰᠡᠳᠦᠪ ᠤᠨ ᠲᠣᠭᠤᠷᠢᠨ ᠳᠤ᠂ ᠣᠷᠳᠣᠨ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠮᠦᠽᠧᠢ ᠶᠢᠨ ᠰᠤᠳᠤᠯᠤᠨ ᠰᠤᠷᠤᠯᠴᠠᠬᠤ ᠬᠢᠴᠢᠶᠡᠯ ᠢ ᠡᠭᠦᠳᠴᠦ᠂ ︽ᠬᠢᠴᠢᠶᠡᠯ ᠤᠨ ᠲᠠᠩᠬᠢᠮ︾ ᠢ ︽ᠣᠷᠳᠣᠨ ᠲᠠᠩᠬᠢᠮ︾ ᠲᠠᠢ ᠭᠠᠷ ᠬᠤᠯᠪᠤᠭᠤᠯᠤᠨ᠂ ᠮᠦᠽᠧᠢ ᠶᠢᠨ ᠶᠡᠭᠡ ᠰᠤᠷᠭᠠᠭᠤᠯᠢ ᠶᠢᠨ ᠴᠢᠳᠠᠪᠬᠢ ᠶᠢ ᠦᠨᠡᠨ ᠬᠦ ᠪᠠᠳᠠᠷᠠᠭᠤᠯᠪᠠ᠃      ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠤ ᠮᠦᠽᠧᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠠᠵᠢᠯ ᠤᠨ ᠭᠤᠣᠯ ᠱᠤᠭᠤᠮ ᠤᠨ ᠲᠣᠭᠤᠷᠢᠨ ᠳᠤ᠂ ᠳᠡᠯᠭᠡᠨ ᠦᠵᠡᠭᠦᠯᠭᠡ ᠶᠢᠨ ᠰᠢᠨ᠎ᠡ ᠶᠢ ᠡᠭᠦᠳᠴᠦ᠂ ᠰᠤᠷᠭᠠᠨ ᠬᠥᠮᠦᠵᠢᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠢᠶᠠᠷ ᠠᠰᠢᠭᠯᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠲᠡᠦᠬᠡᠨ ᠦᠯᠢᠭᠡᠷ ᠢ ᠰᠠᠶᠢᠲᠤᠷ ᠶᠠᠷᠢᠵᠤ᠂ ᠪᠦᠬᠦ ᠣᠷᠣᠨ ᠤ ᠰᠣᠶᠣᠯ ᠦᠵᠡᠰᠬᠦᠯᠡᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ 5 ·18 ᠤ ᠣᠯᠠᠨ ᠤᠯᠤᠰ ᠤᠨ ᠮᠦᠽᠧᠢ  ᠶᠢᠨ ᠡᠳᠦᠷ ᠤᠨ ᠠᠵᠢᠯᠯᠠᠭ᠎ᠠ ᠭᠡᠷᠡᠯ ᠭᠢᠯᠪᠠᠭ᠎ᠠ ᠪᠠᠨ ᠰᠠᠴᠤᠷᠠᠭᠤᠯᠵᠠᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号