︽ᠲᠦᠮᠡᠨ ᠭᠠᠵᠠᠷ ᠤᠨ ᠴᠠᠢ ᠶᠢᠨ ᠵᠠᠮ ᠢ ᠮᠦᠷᠳᠡᠵᠦ᠂ ᠭᠤᠷᠪᠠᠨ ᠤᠯᠤᠰ ᠤᠨ ᠨᠥᠬᠦᠷᠯᠡᠯ ᠢᠶᠠᠨ ᠪᠠᠲᠤᠳᠬᠠᠶ᠎ᠠ︾ ᠳᠤᠮᠳᠠᠳᠤ ᠣᠷᠣᠰ ᠮᠣᠩᠭᠤᠯ ᠤᠨ ᠥᠪᠡᠷ ᠢᠶᠠᠨ ᠲᠡᠷᠭᠡ ᠵᠢᠯᠤᠭᠤᠳᠬᠤ ᠵᠢᠭᠤᠯᠴᠢᠯᠠᠯ ᠠᠶᠠᠯᠠᠯ ᠢᠶᠠᠨ ᠡᠬᠢᠯᠡᠪᠡ
ᠨᠡᠶᠢᠲᠡᠯᠡᠭᠰᠡᠨ ᠴᠠᠭ᠄
2024/6/9
     ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠲᠦᠮᠡᠨ ᠭᠠᠵᠠᠷ ᠤᠨ ᠴᠠᠢ ᠶᠢᠨ ᠵᠠᠮ ᠢ ᠮᠦᠷᠳᠡᠵᠦ᠂ ᠭᠤᠷᠪᠠᠨ ᠤᠯᠤᠰ ᠤᠨ ᠨᠥᠬᠦᠷᠯᠡᠯ ᠢᠶᠠᠨ ᠪᠠᠲᠤᠳᠬᠠᠶ᠎ᠠ︾ ᠭᠡᠬᠦ ᠳᠤᠮᠳᠠᠳᠤ ᠣᠷᠣᠰ ᠮᠣᠩᠭᠤᠯ ᠤᠨ ᠥᠪᠡᠷ ᠢᠶᠠᠨ ᠲᠡᠷᠭᠡ ᠵᠢᠯᠤᠭᠤᠳᠬᠤ ᠵᠢᠭᠤᠯᠴᠢᠯᠠᠯ 5 ᠳ᠋ᠤᠭᠠᠷ ᠰᠠᠷ᠎ᠠ ᠶᠢᠨ 19 ᠤ ᠡᠳᠦᠷ ᠬᠥᠯᠥᠨ ᠪᠤᠶᠢᠷ ᠬᠤᠲᠠ ᠳᠤ ᠠᠶᠠᠯᠠᠯ ᠢᠶᠠᠨ ᠡᠬᠢᠯᠡᠪᠡ᠃ ᠤᠯᠤᠰ ᠤᠨ ᠳᠣᠲᠣᠭᠠᠳᠤ ᠶᠢᠨ 7 ᠮᠤᠵᠢ᠂ ᠬᠤᠲᠠ ᠶᠢᠨ ᠥᠪᠡᠷ ᠢᠶᠠᠨ ᠲᠡᠷᠭᠡ ᠵᠢᠯᠤᠭᠤᠳᠬᠤ ᠳᠤᠷᠠᠲᠠᠢ 35 ᠬᠥᠮᠥᠨ᠂ ᠥᠪᠡᠷ ᠢᠶᠠᠨ ᠲᠡᠷᠭᠡ ᠵᠢᠯᠤᠭᠤᠳᠬᠤ ᠪᠠᠷ ᠪᠦᠷᠢᠯᠳᠦᠭᠰᠡᠨ 15 ᠲᠡᠷᠭᠡᠨ ᠠᠩᠭᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠠᠮ ᠳᠠᠭᠠᠤ ᠶᠢᠨ ᠬᠤᠲᠠ ᠪᠠᠷ ᠶᠠᠪᠤᠵᠤ᠂ ᠵᠠᠮ ᠳᠠᠭᠠᠤ ᠳᠤ ᠪᠠᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠵᠤ᠂ ᠠᠳᠠᠯᠢ ᠪᠤᠰᠤ ᠰᠣᠶᠣᠯ ᠤᠨ ᠵᠠᠩ ᠦᠶᠯᠡ ᠶᠢ ᠤᠶᠢᠯᠠᠭᠠᠭᠰᠠᠨ ᠪᠠᠶᠢᠨ᠎ᠠ᠃                  ᠵᠢᠶᠠᠩᠰᠤ ᠮᠤᠵᠢ ᠶᠢᠨ ᠰᠦᠵᠧᠦ ᠬᠤᠲᠠ ᠶᠢᠨ ᠥᠪᠡᠷ ᠢᠶᠠᠨ ᠲᠡᠷᠭᠡ ᠵᠢᠯᠤᠭᠤᠳᠬᠤ ᠳᠤᠷ᠎ᠠ ᠪᠠᠭ᠋ᠠᠲᠠᠨ ᠶᠢᠨ ᠪᠦᠦ ᠬᠤᠸᠠ᠄ ︽ᠪᠢᠳᠡ ᠪᠠᠭ᠎ᠠ ᠶᠢᠨ ᠦᠶ᠎ᠡ ᠠᠴᠠ ᠪᠠᠨ ᠴᠠᠢ ᠶᠢᠨ ᠵᠠᠮ ᠤᠨ ᠲᠤᠬᠠᠢ ᠰᠤᠨᠤᠰᠴᠤ ᠪᠠᠶᠢᠭᠰᠠᠨ ᠪᠣᠯᠬᠤᠷ ᠡᠨᠡ ᠤᠳᠠᠭ᠎ᠠ ᠶᠢᠨ ᠲᠤᠬᠢᠶᠠᠯ ᠢᠶᠠᠷ ᠡᠬᠡ ᠤᠯᠤᠰ ᠤᠨ ᠢᠶᠠᠨ  ᠦᠵᠡᠰᠬᠦᠯᠡᠩᠲᠦ ᠰᠠᠶᠢᠬᠠᠨ ᠠᠭᠤᠯᠠ ᠤᠰᠤ   ᠶᠢ ᠣᠶᠢᠯᠠᠭᠠᠬᠤ ᠪᠠᠷ ᠢᠷᠡᠭᠰᠡᠨ ᠶᠤᠮ᠃︾                  ᠨᠢᠭᠡᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠸᠠᠩ ᠰᠢᠶᠣᠣ ᠭᠤᠸᠠᠩ᠄ ︽ᠪᠦᠬᠦᠯᠢ ᠬᠠᠭᠠᠰ ᠰᠠᠷ᠎ᠠ ᠶᠢᠨ ᠵᠢᠭᠤᠯᠴᠢᠯᠠᠯ ᠤᠨ ᠬᠤᠭᠤᠴᠠᠭᠠᠨ ᠳᠤ  ᠪᠢᠳᠡ ᠪᠠᠶᠢᠭᠠᠯ ᠨᠠᠭᠤᠷ᠂ ᠣᠶ ᠰᠢᠭᠤᠢ᠂ ᠭᠤᠪᠢ ᠨᠤᠲᠤᠭ ᠢᠶᠠᠷ ᠶᠠᠪᠤᠵᠤ᠂ 5000 ᠭᠠᠷᠤᠢ ᠺᠢᠯᠣᠮᠧᠲᠷ ᠠᠶᠠᠯᠠᠬᠤ ᠪᠤᠯᠤᠨ᠎ᠠ᠃︾   
 
ᠢᠷᠡᠯᠲᠡ᠄ ᠪᠧᠨᠲ᠋ᠧᠩ ᠬᠠᠮ ᠵᠠᠭᠤᠴᠢᠯᠠᠭᠤᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号