ᠥᠪᠥᠷ ᠮᠣᠩᠭᠤᠯ ᠠᠩᠬ᠎ᠠ ᠤᠳᠠᠭ᠎ᠠ ᠱᠧᠨᠵᠧᠨ ᠤ ᠰᠣᠶᠣᠯ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ ᠰᠣᠶᠣᠯ ᠤᠨ ᠠᠵᠤ ᠦᠢᠯᠡᠰ ᠤᠨ ᠲᠥᠷᠥᠯ ᠵᠦᠢᠯ  ᠤᠨ ᠵᠠᠳᠠᠭᠠᠢ ᠲᠤᠭᠯᠠᠯᠲᠠ ᠶᠢᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/9
     5 ᠳ᠋ᠤᠭᠠᠷ ᠰᠠᠷ᠎ᠠ ᠶᠢᠨ 24 ᠤ ᠡᠳᠦᠷ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ︵ᠳᠣᠷᠣᠭᠰᠢ ᠱᠧᠨᠵᠧᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ ᠭᠡᠵᠦ ᠲᠣᠪᠴᠢᠯᠠᠨ᠎ᠠ︶ ᠤ ᠡᠬᠢᠯᠡᠯᠲᠡ ᠶᠢᠨ ᠬᠤᠶᠠᠳᠤᠭᠠᠷ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠢ ᠠᠬᠢᠭᠤᠯᠬᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠤᠨ ᠵᠠᠳᠠᠭᠠᠢ ᠲᠤᠭᠯᠠᠯᠲᠠ ᠶᠢᠨ ᠲᠠᠨᠢᠯᠴᠠᠭᠤᠯᠬᠤ ᠠᠵᠢᠯᠯᠠᠭ᠎ᠠ ᠱᠧᠨᠵᠧᠨ ᠳᠤ ᠶᠠᠪᠤᠭᠳᠠᠪᠠ᠃      ᠲᠤᠰ ᠠᠵᠢᠯᠯᠠᠭ᠎ᠠ ᠨᠢ ︽ᠵᠠᠳᠠᠭᠠᠢ ᠲᠤᠭᠯᠠᠯᠲᠠ ᠶᠢᠨ ᠦᠵᠡᠭᠦᠯᠭᠡ + ᠲᠤᠰᠬᠠᠶ ᠮᠡᠷᠭᠡᠵᠢᠯᠲᠡᠨ ᠤ ᠦᠨᠡᠯᠡᠯᠲᠡ︾ ᠶᠢᠨ ᠠᠷᠭ᠎ᠠ ᠬᠡᠯᠪᠡᠷᠢ ᠪᠠᠷ 11 ᠬᠡᠲᠦ ᠶᠢᠨ  ᠲᠦᠯᠦᠪ ᠨᠡᠯᠢᠶᠡᠳ ᠰᠠᠶᠢᠨ᠂ ᠣᠨᠴᠠᠯᠢᠭ ᠢᠶᠠᠷ ᠢᠯᠡ ᠲᠣᠳᠣ ᠭᠤᠤᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠢ ᠲᠥᠪᠯᠡᠷᠡᠭᠦᠯᠦᠨ ᠲᠠᠨᠢᠯᠴᠠᠭᠤᠯᠪᠠ᠃ ᠠᠵᠢᠯᠯᠠᠭ᠎ᠠ ᠶᠢᠨ ᠬᠤᠭᠤᠴᠠᠭᠠᠨ ᠳᠤ᠂ ᠲᠥᠷᠥᠯ ᠵᠦᠢᠯ ᠤᠨ ᠲᠣᠭᠯᠠᠯᠲᠠ ᠭᠠᠷᠭᠠᠬᠤ ᠨᠢᠭᠡᠴᠢ ᠨᠢ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠤᠯᠤᠰ ᠤᠨ ᠳᠣᠲᠣᠭᠠᠳᠤ ᠶᠢᠨ ᠰᠣᠶᠣᠯ ᠤᠨ ᠠᠵᠤ ᠠᠬᠤᠶᠢᠯᠠᠯ ᠵᠢᠴᠢ ᠪᠠᠯᠠ  ᠤᠷᠤᠭᠤᠯᠤᠯᠲᠠ ᠪᠠᠯᠠ ᠲᠤᠬᠢᠷᠠᠭᠤᠯᠭ᠎ᠠ ᠶᠢᠨ ᠪᠠᠶᠢᠭᠤᠯᠤᠮᠵᠢ ᠲᠠᠢ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ᠃  ᠲᠤᠰ ᠠᠵᠢᠯᠯᠠᠭ᠎ᠠ ᠶᠢ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠰᠣᠶᠣᠯ ᠪᠠ ᠵᠠᠭᠤᠴᠢᠯᠠᠭᠤᠷ ᠤᠨ ᠳᠡᠭᠡᠳᠦ ᠰᠤᠷᠭᠠᠭᠤᠯᠢ᠂ ᠰᠣᠶᠣᠯ ᠤᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠵᠠᠬᠢᠷᠤᠯ᠂ ᠫᠷᠤᠹᠧᠰᠰᠤᠷ  ᠂ ᠳ᠋ᠤᠺᠲ᠋ᠤᠷᠠᠠᠲ ᠤᠨ ᠵᠢᠯᠤᠭᠤᠲᠤᠭᠴᠢ ᠳ᠋ᠠᠶ ᠵᠢᠶᠦ᠋ᠨ ᠴᠧᠩ ᠡᠷᠭᠢᠯᠡᠵᠦ᠂ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠰᠣᠶᠣᠯ ᠤᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠧᠶ ᠫᠧᠩ ᠵᠢᠤᠢ ᠵᠡᠷᠭᠡ ᠰᠣᠶᠣᠯ ᠤᠨ ᠠᠵᠤ ᠦᠢᠯᠡᠰ ᠤᠨ ᠬᠦᠷᠢᠶᠡᠨ ᠤ ᠨᠠᠷᠠᠲᠤ  ᠲᠤᠰᠬᠠᠶ ᠮᠡᠷᠭᠡᠵᠢᠯᠲᠡᠨ ᠡᠷᠳᠡᠮᠲᠡᠳ ᠵᠠᠲᠠᠭᠠᠢ ᠲᠤᠭᠯᠠᠯᠲᠠ ᠶᠢᠨ ᠲᠦᠷᠦᠯ ᠵᠦᠢᠯ ᠢ ᠨᠢᠭᠡ ᠨᠢᠭᠡ ᠪᠠᠷ ᠵᠢᠯᠤᠭᠤᠳᠴᠤ᠂ ᠲᠥᠷᠥᠯ ᠵᠦᠢᠯ ᠤᠨ ᠨᠢᠭᠡᠴᠢ ᠶᠢ ᠬᠠᠪᠰᠤᠷᠤᠨ ᠲᠥᠷᠥᠯ ᠵᠦᠢᠯ ᠤᠨ ᠲᠥᠯᠥᠪᠵᠢᠭᠦᠯᠭᠡ ᠪᠠ ᠬᠥᠭᠵᠢᠯᠲᠡ ᠶᠢᠨ ᠰᠡᠳᠬᠢᠮᠵᠢ ᠶᠢ ᠨᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠲᠡᠮᠵᠢᠯᠭᠡ ᠬᠠᠩᠭᠠᠵᠠᠢ᠃      ᠣᠶᠢᠯᠠᠭᠠᠭᠰᠠᠨ ᠢᠶᠠᠷ᠂ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠩᠬ᠎ᠠ ᠤᠳᠠᠭ᠎ᠠ  ᠱᠧᠨᠵᠧᠨ ᠤ ᠰᠣᠶᠣᠯ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ ᠦᠷᠨᠢᠭᠦᠯᠦᠭᠰᠡᠨ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠤᠨ ᠵᠠᠳᠠᠭᠠᠢ ᠲᠤᠭᠯᠠᠯᠲᠠ ᠶᠢᠨ ᠲᠠᠨᠢᠯᠴᠠᠭᠤᠯᠬᠤ ᠠᠵᠢᠯᠯᠠᠭ᠎ᠠ ᠪᠣᠯᠤᠨ᠎ᠠ᠃ ᠡᠭᠦᠨ ᠤ ᠵᠤᠷᠢᠯᠭ᠎ᠠ ᠨᠢ᠂ ᠱᠧᠨᠵᠧᠨ ᠤ ᠰᠣᠶᠣᠯ ᠤᠨ ᠦᠵᠡᠰᠬᠦᠯᠡᠩ ᠤᠨ ᠡᠨᠡ ᠬᠦ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠢ ᠠᠰᠢᠭᠯᠠᠨ᠂ ᠰᠢᠯᠢᠳᠡᠭ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠳᠤ ᠳᠡᠯᠭᠡᠨ ᠦᠵᠡᠭᠦᠯᠬᠦ ᠲᠠᠪᠴᠠᠩ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠤᠯᠤᠰ ᠤᠨ ᠳᠣᠲᠣᠭᠠᠳᠤ ᠶᠢᠨ ᠲᠡᠷᠢᠭᠦᠨ ᠤ ᠰᠣᠶᠣᠯ ᠤᠨ ᠠᠵᠤ ᠠᠬᠤᠶᠢᠯᠠᠯ ᠪᠠ ᠪᠠᠯᠠ ᠣᠷᠣᠭᠤᠯᠵᠤ ᠪᠠᠯᠠ ᠲᠣᠬᠢᠷᠠᠭᠤᠯᠬᠤ ᠪᠠᠶᠢᠭᠤᠯᠤᠮᠵᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ  ᠪᠤᠲᠠᠲᠠᠢ ᠳᠤ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号