| ᠣᠶᠢᠷ᠎ᠠ ᠳᠤ᠂ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠡᠷᠲᠡᠨ ᠤ ᠬᠤᠲᠠ ᠶᠢᠨ ᠨᠡᠭᠦᠷᠡᠰᠦᠨ | ᠠᠭᠤᠷᠬᠠᠢ ᠶᠢᠨ ᠵᠠᠳᠠᠭᠠᠢ ᠨᠡᠭᠡᠭᠡᠨ ᠮᠠᠯᠲᠠᠬᠤ ᠳᠥᠷᠪᠡᠳᠦᠭᠡᠷ ᠬᠤᠭᠤᠴᠠᠭᠠᠨ ᠤ ᠲᠥᠷᠥᠯ ᠵᠦᠢᠯ ᠳᠤ ᠬᠠᠮᠵᠢᠯᠴᠠᠬᠤ ᠶᠢᠨ | ᠲᠥᠯᠥᠭᠡ᠂ ᠬᠠᠭᠤᠴᠢ ᠰᠤᠳᠤᠯᠤᠯ ᠤᠨ ᠠᠵᠢᠯᠲᠠᠳ ᠵᠡᠭᠦᠨᠭᠠᠷ ᠬᠤᠰᠢᠭᠤᠨ ᠤ ᠡᠯ ᠴᠠᠩ ᠴᠢᠦᠢ ᠡᠷᠲᠡᠨ ᠤ | ᠬᠤᠲᠠ ᠶᠢᠨ ᠣᠶᠢᠷ᠎ᠠ ᠬᠠᠪᠢ ᠶᠢᠨ ᠣᠩᠭᠤᠨ ᠤ ᠰᠦᠷᠦᠭ ᠢ ᠠᠭᠤᠳᠠᠯᠵᠤ᠂ 49 ᠲᠣᠭᠤᠰᠬᠠᠨ ᠥᠷᠥᠭᠡᠨ ᠤ | ᠣᠩᠭᠤᠨ ᠵᠢᠴᠢ 7 ᠵᠢᠵᠢᠭ ᠬᠡᠯᠪᠡᠷᠢ ᠶᠢᠨ ᠰᠢᠷᠣᠢ ᠶᠢᠨ ᠨᠦᠬᠡ ᠶᠢᠨ ᠪᠣᠰᠤᠭ᠎ᠠ ᠠᠭᠤᠢ ᠶᠢᠨ ᠣᠩᠭᠤᠨ ᠢ | ᠴᠡᠪᠡᠷᠯᠡᠭᠰᠡᠨ ᠪᠥᠭᠡᠳ ᠣᠶᠢᠷ᠎ᠠ ᠬᠠᠪᠢ ᠶᠢᠨ ᠨᠢᠭᠡᠨ ᠪᠠᠷᠢᠯᠭ᠎ᠠ ᠶᠢᠨ ᠰᠠᠭᠤᠷᠢ ᠶᠢ ᠠᠭᠤᠳᠠᠯᠤᠭᠰᠠᠨ ᠪᠠᠶᠢᠨ᠎ᠠ᠃ | ᠠᠭᠤᠳᠠᠯᠤᠨ ᠮᠠᠯᠲᠠᠬᠤ ᠪᠠ ᠰᠤᠳᠤᠯᠬᠤ ᠪᠠᠷ ᠳᠡᠮᠵᠢᠨ᠂ ᠬᠠᠭᠤᠴᠢ ᠰᠤᠳᠤᠯᠤᠭᠴᠢᠳ ᠣᠩᠭᠤᠨ ᠤ ᠰᠦᠷᠦᠭ ᠤᠨ | ᠭᠤᠣᠯ ᠴᠣᠭᠴᠠ ᠶᠢᠨ ᠣᠨ ᠵᠢᠯ ᠢ ᠤᠮᠠᠷᠠᠲᠤ ᠰᠦᠩ ᠤᠯᠤᠰ ᠤᠨ ᠡᠬᠢᠨ ᠤ ᠦᠶ᠎ᠡ ᠭᠡᠵᠦ ᠠᠩᠬ᠎ᠠ ᠠᠯᠬᠤᠮ | ᠮᠠᠭᠠᠳᠯᠠᠨ ᠲᠣᠭᠲᠠᠭᠠᠵᠤ᠂ ᠣᠩᠭᠤᠨ ᠤ ᠰᠦᠷᠦᠭ ᠤᠨ ᠢᠯᠡᠷᠡᠭᠦᠯᠦᠯᠲᠡ ᠨᠢ ᠤᠮᠠᠷᠠᠲᠤ ᠰᠦᠩ ᠤᠯᠤᠰ ᠤᠨ | ᠹᠸᠡᠭᠵᠸᠤ ᠶᠢᠨ ᠬᠠᠭᠤᠴᠢᠨ ᠬᠤᠲᠠ ᠶᠢᠨ ᠰᠤᠳᠤᠯᠭᠠᠨ ᠳᠤ ᠰᠢᠨ᠎ᠡ ᠭᠡᠷᠡᠴᠢ ᠨᠡᠮᠡᠷᠢᠯᠡᠭᠰᠡᠨ ᠪᠠᠶᠢᠨ᠎ᠠ᠃ | ᠪᠤᠯᠠᠰᠢᠨ ᠠᠴᠠ ᠣᠯᠳᠠᠭᠰᠠᠨ ᠦᠯᠡᠳᠡᠭᠳᠡᠯ ᠡᠳ᠋ ᠨᠢ ᠭᠤᠣᠯᠳᠠᠭᠤ ᠸᠠᠭᠠᠷ ᠱᠠᠭᠠᠵᠠᠩ ᠰᠠᠪᠠ ᠪᠠᠷ ᠭᠤᠣᠯᠯᠠᠵᠤ᠂ | ᠵᠣᠬᠢᠬᠤ ᠲᠣᠭᠠᠨ ᠤ ᠵᠡᠰ ᠪᠠᠭᠠᠵᠢ᠂ ᠲᠡᠮᠦᠷ ᠪᠠᠭᠠᠵᠢ᠂ ᠴᠢᠯᠠᠭᠤᠨ ᠪᠠᠭᠠᠵᠢ ᠵᠡᠷᠭᠡ ᠶᠢ ᠮᠠᠯᠲᠠᠵᠤ ᠭᠠᠷᠭᠠᠭᠰᠠᠨ ᠪᠠᠶᠢᠨ᠎ᠠ | ᠃ ᠬᠠᠭᠤᠴᠢ ᠰᠤᠳᠤᠯᠤᠯ ᠤᠨ ᠠᠵᠢᠯᠲᠠᠨ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠬᠠᠭᠤᠴᠢ ᠰᠤᠳᠤᠯᠤᠯ ᠤᠨ | ᠨᠡᠭᠡᠭᠡᠨ ᠮᠠᠯᠲᠠᠬᠤ ᠠᠵᠢᠯ ᠨᠢ ᠤᠮᠠᠷᠠᠲᠤ ᠰᠥᠩ ᠤᠯᠤᠰ ᠤᠨ ᠹᠧᠩᠵᠸᠤ ᠶᠢᠨ ᠬᠠᠭᠤᠴᠢᠨ ᠬᠤᠲᠠ ᠶᠢᠨ | ᠰᠤᠳᠤᠯᠭᠠᠨ ᠳᠤ ᠰᠢᠨ᠎ᠡ ᠮᠠᠲ᠋ᠧᠷᠢᠶᠠᠯ ᠪᠠ ᠬᠠᠷᠠᠭᠠᠰᠤ ᠬᠠᠩᠭᠠᠵᠤ᠂ ᠡᠨᠡ ᠬᠦ ᠲᠡᠦᠬᠡᠨ ᠴᠠᠭ ᠦᠶ᠎ᠡ ᠶᠢᠨ ᠭᠤᠣᠯ ᠤᠨ | ᠭᠠᠳᠠᠨᠠᠬᠢ ᠭᠤᠷᠪᠠᠨ ᠵᠧᠦ ᠣᠷᠣᠨ ᠤ ᠨᠡᠶᠢᠭᠡᠮ ᠤᠨ ᠪᠦᠲᠦᠴᠡ᠂ ᠠᠵᠤ ᠠᠬᠤᠢ ᠶᠢᠨ ᠬᠡᠯᠪᠡᠷᠢ᠂ ᠰᠣᠶᠣᠯ ᠤᠨ | ᠣᠨᠴᠠᠯᠢᠭ ᠵᠢᠴᠢ ᠦᠨᠳᠦᠰᠦᠲᠡᠨ ᠤ ᠬᠠᠷᠢᠴᠠᠭ᠎ᠠ ᠶᠢ ᠨᠠᠩ ᠪᠥᠬᠦ ᠲᠠᠯ᠎ᠠ ᠪᠠᠷ᠂ ᠭᠦᠨᠵᠡᠭᠡᠢ ᠣᠶᠢᠯᠠᠭᠠᠬᠤ ᠳᠤ ᠠᠰᠢᠭᠲᠠᠢ | ᠶᠤᠮ ᠭᠡᠵᠡᠢ᠃ | |