7 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠤᠯᠠᠭᠠᠨᠮᠥ᠋ᠴᠢᠷ ᠨᠢ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ᠂ ᠳ᠋ᠧᠩᠺᠸᠤ ᠰᠢᠶᠠᠨ ᠤ ᠤᠯᠠᠭᠠᠨᠮᠥ᠋ᠴᠢᠷ ᠲᠠᠢ ᠬᠠᠮᠲᠤ ᠪᠠᠷ | ᠤᠷᠲᠤ ᠶᠢᠨ ᠳᠠᠭᠤᠤ ᠶᠢᠨ ᠤᠷᠠᠯᠢᠭᠴᠢᠨ ᠵᠠᠭᠤᠨᠨᠠᠰᠤᠲᠤ ᠶᠢᠨ ᠬᠠᠭᠤᠴᠢᠨ ᠰᠠᠭᠤᠴᠠ ᠳᠤ ᠰᠣᠯᠢᠯᠴᠠᠭᠠᠨ ᠤ | ᠲᠣᠭᠯᠠᠯᠲᠠ ᠭᠠᠷᠭᠠᠪᠠ᠃ | | 7 ᠳ᠋ᠤᠭᠠᠷ ᠰᠠᠷ᠎ᠠ ᠶᠢᠨ 24 ᠤ ᠡᠳᠦᠷ ᠤᠨ ᠣᠷᠣᠢ᠂ ᠡᠯ᠎ᠡ ᠳᠤᠭᠤᠶᠢᠯᠠᠩ ᠤᠨ ᠰᠢᠯᠢᠳᠡᠭ ᠣᠷᠤᠯᠴᠠᠭᠴᠢ | ᠬᠢᠭᠡᠳ ᠤᠷᠠᠨ ᠪᠦᠲᠦᠭᠡᠯ ᠢ ᠵᠣᠬᠢᠶᠠᠨ ᠪᠠᠶᠢᠭᠤᠯᠵᠤ᠂ ᠦᠵᠦᠮᠦᠴᠢᠨ ᠰᠣᠶᠣᠯ ᠤᠨ ᠠᠭᠤᠳᠠᠮ ᠲᠠᠯᠠᠪᠠᠢ ᠳᠤ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠦᠷᠨᠢᠭᠦᠯᠪᠡ᠃ ᠠᠭᠤᠯᠭ᠎ᠠ ᠪᠠᠷ ᠪᠠᠶᠠᠯᠢᠭ᠂ | ᠬᠡᠯᠪᠡᠷᠢ ᠪᠠᠷ ᠤᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ ᠤᠯᠠᠨ ᠲᠦᠮᠡᠨ ᠤ ︽ᠭᠡᠷ ᠤᠨ ᠡᠭᠦᠳᠡᠨ︾ ᠳᠤ | ᠬᠦᠷᠭᠡᠭᠰᠡᠨ ᠡᠨᠡ ᠬᠦ ᠠᠵᠢᠯᠯᠠᠭ᠎ᠠ ᠨᠢ ᠦᠷᠭᠡᠨ ᠤᠯᠠᠨ ᠠᠷᠠᠳ ᠲᠦᠮᠡᠨ ᠳᠤ ᠪᠦᠬᠦ ᠣᠷᠣᠨ ᠤ ᠡᠯ᠎ᠡ ᠤᠷᠠᠨ | ᠰᠠᠶᠢᠬᠠᠨ ᠤ ᠬᠦᠷᠢᠶᠡᠯᠡᠩ ᠪᠦᠯᠬᠦᠮ ᠤᠨ ᠭᠤᠶᠢᠳᠠ ᠰᠠᠶᠢᠬᠠᠨ ᠲᠣᠭᠯᠠᠯᠲᠠ ᠪᠣᠯᠣᠨ ᠦᠵᠡᠰᠭᠦᠯᠡᠩ ᠢᠳᠡᠷᠭᠦᠨ ᠴᠤᠭ | ᠵᠢᠪᠬᠤᠭ᠎ᠠ ᠶᠢ ᠰᠣᠨᠢᠷᠬᠠᠭᠤᠯᠵᠤ᠂ ᠵᠤᠰᠠᠯᠠᠩ ᠤᠨ ᠰᠠᠶᠢᠬᠠᠨ ᠲᠤᠯᠤᠭᠠᠨ ᠰᠠᠷ᠎ᠠ ᠶᠢᠨ ᠵᠤᠨ ᠤ ᠬᠠᠯᠠᠭᠤᠨ ᠳᠤ | ᠤᠳᠬ᠎ᠠ ᠤᠷᠠᠯᠢᠭ ᠤᠨ ᠭᠤᠴᠣ ᠰᠠᠶᠢᠬᠠᠨ ᠢ ᠵᠢᠷᠤᠭᠯᠠᠵᠠᠢ᠃ ᠲᠣᠭᠯᠠᠯᠲᠠ ᠨᠢ ᠬᠠᠩᠭᠢᠨᠠᠮ᠎ᠠ ᠠᠶᠠᠰ᠂ ᠢᠷᠠᠭᠤ ᠬᠦᠭ | ᠢᠶᠠᠷ ᠬᠤᠳᠠ ᠶᠢ ᠬᠠᠩᠭᠢᠨᠠᠭᠤᠯᠵᠤ᠂ ᠤᠳᠬ᠎ᠠ ᠤᠷᠠᠯᠢᠭ ᠢᠶᠠᠷ ᠬᠥᠮᠥᠰ ᠤᠨ ᠰᠡᠳᠬᠢᠯ ᠢ ᠤᠮᠳᠠᠯᠠᠨ᠂ ᠤᠯᠠᠨ | ᠲᠦᠮᠡᠨ ᠢ ᠭᠡᠷ ᠤᠨ ᠡᠭᠦᠳᠡᠨ ᠳᠤ ᠪᠠᠨ ᠤᠷᠠᠨ ᠰᠠᠶᠢᠬᠠᠨ ᠤ ᠠᠵᠢᠯᠯᠠᠭᠠᠨ ᠳᠤ ᠣᠷᠤᠯᠴᠠᠭᠤᠯᠵᠤ ᠴᠢᠳᠠᠭᠰᠠᠨ ᠪᠥᠭᠡᠳ | ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠬᠥᠭᠵᠢᠮ ᠤᠨ | ᠤᠷᠤᠯᠳᠤᠭᠠᠨ ᠳᠤ ᠬᠦᠴᠦ ᠨᠡᠮᠡᠷᠢᠯᠡᠬᠦ ᠦᠭᠡᠳᠡᠷᠬᠡᠭ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ | | |