ᠥᠪᠥᠷ ᠮᠣᠩᠭᠤᠯ ᠤᠮᠠᠷᠠᠲᠤ ᠬᠢᠯᠢ ᠶᠢᠨ ᠭᠠᠵᠠᠷ ᠣᠷᠣᠨ ᠤ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ | ᠭᠦᠨ ᠠᠭᠤᠳᠠᠯᠵᠤ᠂ ᠵᠢᠭᠤᠯᠴᠢᠯᠠᠭᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠤᠨᠢᠨ ᠳᠡᠭᠡᠷ᠎ᠡ | ᠨᠢ ᠨᠠᠷᠢᠯᠢᠭᠵᠢᠭᠤᠯᠤᠨ ᠵᠣᠯᠭᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢᠨ ᠲᠣᠭᠤᠷᠢᠨ ᠳᠤ | ᠦᠷᠭᠦᠯᠵᠢᠯᠡᠨ ᠬᠦᠴᠦᠯᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ | ᠠᠬᠢᠭᠤᠯᠵᠤ ᠪᠤᠢ᠃ ︽ᠵᠠᠭᠤᠨ ᠲᠦᠮᠡᠨ ᠬᠥᠮᠥᠨ ᠤ ᠬᠠᠷᠢᠯᠴᠠᠨ ᠵᠢᠭᠤᠯᠴᠢᠯᠠᠬᠤ︾ ᠲᠥᠯᠥᠪᠯᠡᠭᠡ᠂ ︽ | ᠵᠢᠭᠤᠯᠴᠢᠯᠠᠭᠴᠢᠳ ᠢ ᠥᠪᠥᠷ ᠮᠣᠩᠭᠤᠯ ᠳᠤ ᠣᠷᠣᠭᠤᠯᠬᠤ︾ ᠱᠠᠩᠨᠠᠯ ᠬᠥᠬᠢᠭᠦᠯᠦᠯ ᠵᠡᠷᠭᠡ ᠣᠯᠠᠨ ᠵᠦᠢᠯ ᠤᠨ | ᠲᠥᠷᠥ ᠶᠢᠨ ᠪᠣᠳᠣᠯᠭ᠎ᠠ ᠳᠤ ᠲᠦᠰᠢᠭᠯᠡᠨ᠂ ᠥᠪᠥᠷ ᠮᠣᠩᠭᠤᠯ ︽ᠪᠠᠶᠠᠷ ᠳᠤᠷᠠᠰᠬᠠᠯ + ᠵᠢᠭᠤᠯᠴᠢᠯᠠᠯ︾᠂ ︽ᠤᠷᠠᠨ | ᠲᠣᠭᠯᠠᠯᠲᠠ + ᠵᠢᠭᠤᠯᠴᠢᠯᠠᠯ︾᠂ ︽ᠰᠣᠶᠣᠯ ᠦᠵᠡᠰᠬᠦᠯᠡᠩ + ᠵᠢᠭᠤᠯᠴᠢᠯᠠᠯ︾ ᠵᠡᠷᠭᠡ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠢᠳᠡᠪᠬᠢᠲᠡᠢ ᠪᠠᠷ ᠪᠣᠶᠢᠵᠢᠭᠤᠯᠵᠤ᠂ ︽ᠲᠠᠯ᠎ᠠ ᠨᠤᠲᠤᠭ ᠲᠤ ᠪᠣᠯᠵᠣᠵᠤ᠂ ᠨᠠᠭᠠᠳᠤᠮ ᠳᠡᠭᠡᠷ᠎ᠡ | ᠠᠭᠤᠯᠵᠠᠬᠤ︾᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢᠨ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠨᠢᠭᠡ ᠪᠦᠯᠦᠭ ︽ᠡᠭᠦᠳᠡ ᠪᠠᠨ ᠨᠡᠭᠡᠭᠡᠵᠦ ᠦᠵᠡᠮᠵᠢ | ᠰᠤᠨᠢᠷᠬᠠᠭᠤᠯᠬᠤ︾᠂ ᠳᠠᠷᠤᠢ ︽ᠬᠥᠭᠵᠢᠶᠡᠨ ᠲᠠᠢ︾ ᠭᠤᠣᠯᠳᠠᠯᠭ᠎ᠠ ᠲᠠᠢ ᠲᠥᠷᠥᠯ ᠵᠦᠢᠯ ᠢ ᠪᠣᠶ ᠪᠣᠯᠭᠠᠵᠤ᠂ ︽ | ᠰᠣᠳᠣᠨ ᠪᠦᠲᠦᠭᠡᠯ ᠢᠶᠠᠷ ᠳᠠᠶᠢᠴᠢᠯᠠᠬᠤ᠂ ᠣᠯᠠᠨ ᠲᠠᠯ᠎ᠠ ᠪᠠᠷ ᠲᠤᠯᠭᠠᠭᠤᠷᠢᠯᠠᠬᠤ᠂ ᠠᠵᠤ ᠦᠢᠯᠡᠰ ᠢ | ᠠᠭᠤᠰᠤᠯᠴᠠᠭᠤᠯᠬᠤ︾ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠣᠶ ᠪᠣᠯᠭᠠᠪᠠ᠃ | | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠢ 12210.79 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ | ᠬᠢ ᠠᠴᠠ 32.94% ᠨᠡᠮᠡᠭᠳᠡᠪᠡ︔ ᠪᠥᠬᠦ ᠣᠷᠣᠨ ᠤ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠤᠨ ᠪᠥᠬᠦ ᠬᠡᠷᠡᠭᠯᠡᠭᠡ 1700.57 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 43.50% ᠪᠠᠷ ᠨᠡᠮᠡᠭᠳᠡᠪᠡ᠃ ᠥᠪᠥᠷ ᠮᠣᠩᠭᠤᠯ ᠤᠨ ᠵᠢᠭᠤᠯᠴᠢᠯᠠᠯ ᠤᠨ | ᠬᠥᠭᠵᠢᠯᠲᠡ ᠶᠢᠨ ᠳᠠᠪᠠᠭᠤᠯᠢᠭ ᠨᠢ ᠶᠠᠭ ᠪᠠᠶᠢᠭᠠᠯᠢ ᠶᠢᠨ ᠥᠩᠭᠡ ᠦᠵᠡᠮᠵᠢ ᠪᠣᠯᠣᠨ ᠰᠣᠶᠣᠯ ᠢᠷᠭᠡᠨᠰᠢᠯ ᠤᠨ ᠵᠠᠩ | ᠦᠢᠯᠡ ᠠᠴᠠ ᠪᠠᠨ ᠵᠣᠯ ᠵᠢᠷᠭᠠᠯᠲᠤ ᠠᠮᠢᠳᠤᠷᠠᠯ ᠤᠨ ᠠᠬᠤᠢ ᠪᠠᠶᠢᠳᠠᠯ᠂ ᠤᠯᠠᠨ ᠶᠠᠩᠵᠤ ᠶᠢᠨ ᠬᠡᠷᠡᠭᠯᠡᠭᠡᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠬᠦᠷᠲᠡᠯ᠎ᠡ ᠥᠷᠭᠡᠵᠢᠵᠦ ᠪᠤᠢ᠃ ᠥᠪᠡᠷᠲᠡᠭᠡᠨ ᠲᠡᠷᠭᠡ ᠵᠢᠯᠤᠭᠤᠳᠬᠤ | ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ ᠪᠠ ᠡᠷᠡᠭᠦᠯ ᠮᠡᠨᠳᠦ ᠶᠢᠨ | ᠰᠤᠪᠢᠯᠠᠯᠲᠠ ᠶᠢᠨ ᠵᠢᠭᠤᠯᠴᠢᠯᠠᠯ ᠢ ᠬᠦᠴᠦᠯᠡᠨ ᠪᠠᠶᠢᠭᠤᠯᠬᠤ ᠪᠠᠷ ᠳᠡᠮᠵᠢᠨ᠂ ᠥᠪᠥᠷ ᠮᠣᠩᠭᠤᠯ ᠤᠨ ᠵᠢᠭᠤᠯᠴᠢᠯᠠᠯ ᠤᠨ | ᠦᠢᠯᠡᠰ ᠶᠠᠭ ᠵᠤᠭᠠᠴᠠᠨ ᠲᠣᠭᠤᠷᠢᠬᠤ᠂ ᠰᠡᠯᠡᠭᠦᠴᠡᠬᠦ᠂ ᠠᠮᠠᠷᠠᠯᠲᠠ ᠶᠢᠨ ᠬᠤᠭᠤᠴᠠᠭ᠎ᠠ ᠶᠢ ᠵᠣᠬᠢᠴᠠᠩᠭᠤᠢ ᠪᠠᠷ | ᠬᠥᠭᠵᠢᠭᠦᠯᠬᠦ ᠶᠢ ᠪᠡᠶᠡᠯᠡᠭᠦᠯᠵᠦ ᠪᠠᠶᠢᠨ᠎ᠠ᠃ | | | |