︽ᠪᠦᠲᠦᠭᠡᠯ ᠤᠨ ᠰᠠᠶᠢᠬᠠᠨ  ᠲᠠᠪᠠᠲᠠᠢ ᠬᠦᠳᠡᠭᠡ ᠪᠠᠷ︾᠂ 82 ᠰᠣᠳᠣᠨ ᠵᠠᠮ ᠱᠤᠭᠤᠮ ᠨᠢ ᠬᠥᠳᠡᠭᠡ ᠲᠣᠰᠬᠤᠨ ᠤ ᠡᠷᠲᠡᠨ ᠤ ᠪᠠᠷᠢᠯᠭ᠎ᠠ ᠶᠢᠨ ᠷᠢᠳᠢ ᠰᠢᠳᠢ ᠶᠢ ᠲᠠᠨᠢᠭᠤᠯᠤᠨ᠎ᠠ
ᠨᠡᠶᠢᠲᠡᠯᠡᠭᠰᠡᠨ ᠴᠠᠭ᠄
2024/8/28
     ᠵᠤᠨ ᠤ ᠠᠮᠠᠷᠠᠯᠲᠠ ᠶᠢᠨ ᠬᠤᠭᠤᠴᠠᠭᠠᠨ ᠤ ᠰᠢᠯᠢᠳᠡᠭ ᠰᠣᠶᠣᠯ ᠪᠠ ᠵᠢᠭᠤᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ 82 ᠵᠤᠷᠪᠤᠰ ︽ᠪᠦᠲᠦᠭᠡᠯ ᠤᠨ ᠰᠠᠶᠢᠬᠠᠨ  ᠲᠠᠪᠠᠲᠠᠢ ᠬᠦᠳᠡᠭᠡ ᠪᠠᠷ︾ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠰᠣᠩᠭᠤᠨ ᠭᠠᠷᠭᠠᠵᠤ᠂ ᠵᠢᠭᠤᠯᠴᠢᠯᠠᠭᠴᠢᠳ ᠢ ᠳᠠᠭᠠᠭᠤᠯᠤᠨ ᠡᠷᠲᠡᠨ ᠤ ᠪᠠᠷᠢᠯᠭ᠎ᠠ ᠶᠢ ᠦᠵᠡᠭᠦᠯᠵᠦ᠂ ᠦᠯᠡᠳᠡᠭᠳᠡᠯ ᠢ ᠰᠤᠷᠪᠤᠯᠵᠢᠯᠠᠨ᠂ ᠤᠭ ᠦᠨᠳᠦᠰᠦ ᠶᠢ ᠨᠢ ᠡᠷᠢᠵᠦ᠂ ᠰᠣᠶᠣᠯ ᠢ ᠨᠢ ᠰᠢᠨᠵᠢᠭᠦᠯᠪᠡ᠃ ︽ᠪᠦᠲᠦᠭᠡᠯ ᠤᠨ ᠰᠠᠶᠢᠬᠠᠨ  ᠲᠠᠪᠠᠲᠠᠢ ᠬᠥᠳᠡᠭᠡ ᠪᠠᠷ︾ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ  ᠵᠠᠮ ᠱᠤᠭᠤᠮ ᠤᠨ ᠲᠤᠰᠬᠠᠢ ᠰᠡᠳᠦᠪ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠤ ᠰᠦᠯᠵᠢᠶ᠎ᠡ ᠶᠢᠨ ᠲᠦᠷᠦᠭᠦᠦ ᠨᠢᠭᠤᠷ ᠲᠤ  ᠭᠠᠷᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠪᠠᠰᠠ ᠬᠤᠯᠪᠣᠭᠳᠠᠯ ᠪᠦᠬᠦᠢ ᠵᠠᠭᠤᠴᠢᠯᠠᠭᠤᠷ ᠪᠠ ᠵᠠᠬ᠎ᠠ ᠳᠡᠯᠭᠡᠭᠦᠷ ᠤᠨ ᠲᠠᠪᠴᠠᠩ ᠢᠶᠠᠷ ᠳᠠᠮᠵᠢᠭᠤᠯᠤᠨ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠪᠦᠲᠦᠭᠡᠯ ᠤᠨ ᠰᠠᠶᠢᠬᠠᠨ᠂ ᠡᠷᠲᠡᠨ ᠤ ᠪᠠᠷᠢᠯᠭ᠎ᠠ ᠶᠢᠨ ᠭᠠᠶᠢᠬᠠᠮᠰᠢᠭ ᠢ ᠪᠣᠰᠤᠭ᠎ᠠ ᠴᠣᠭᠴᠠ ᠪᠠᠷ ᠢᠯᠡᠷᠡᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃
 
ᠢᠷᠡᠯᠲᠡ᠄ ᠰᠤᠶᠤᠯ ᠵᠢᠭᠤᠯᠴᠢᠯᠠᠯ ᠤᠨ ᠳᠠᠭᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号