ᠲᠤᠰ ᠤᠳᠠᠭ᠋ᠠᠨ᠎ᠤ ᠰᠢᠷᠦᠭᠦᠨ ᠪᠣᠷᠣᠭ᠋ᠠᠨ ᠤ ᠲᠠᠷᠠᠭ᠎ᠠ᠂ ᠥᠪᠥᠷ ᠮᠣᠩᠭᠣᠯ ᠤᠨ ᠤᠯᠠᠨ ᠰᠠᠯᠠᠭ᠎ᠠ ᠨᠡᠶ᠋ᠢᠭᠡᠮ ᠤᠨ ᠪᠠᠴᠢᠮ ᠪᠠᠶ᠋ᠢᠳᠠᠯ ᠢ ᠠᠷᠭ᠋ᠠᠴᠠᠬᠤ ᠬᠦᠴᠦᠨ ᠵᠠᠷᠯᠢᠭ ᠰᠣᠨᠣᠰᠤᠮᠠᠭᠴᠠ ᠬᠥᠳᠡᠯᠦᠯᠴᠡᠵᠦ᠂ ᠦᠳᠲᠡᠷ ᠲᠦᠷᠭᠡᠨ ᠴᠤᠭᠯᠠᠷᠠᠵᠤ ᠠᠶᠤᠯ᠎ᠠᠴᠠ ᠠᠪᠤᠷᠠᠨ ᠲᠤᠰᠠᠯᠠᠪᠠ᠃ ᠥᠪᠥᠷ ᠮᠣᠩᠭᠣᠯ᠎ᠤᠨ ᠬᠥᠬᠡ ᠣᠭᠲᠠᠷᠭᠤᠶ ᠠᠪᠤᠷᠠᠨ ᠲᠤᠰᠠᠯᠠᠬᠤ ᠨᠡᠶ᠋ᠢᠭᠡᠮᠯᠢᠭ᠂ ᠤᠮᠠᠷᠠᠲᠤ ᠬᠢᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠭᠠᠪᠰᠢᠭ᠋ᠠᠶ ᠠᠩᠭᠢ᠂ ᠬᠥᠬᠡᠬᠣᠲᠠ ᠵᠢᠨ ᠬᠥᠬᠡ ᠣᠭᠲᠠᠷᠭᠤᠶᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠠᠩᠭᠢ᠂ ᠣᠷᠳᠣᠰ᠎ᠤᠨ ᠠᠨᠳᠠ ᠠᠪᠤᠷᠠᠨ ᠲᠤᠰᠠᠯᠠᠬᠤ ᠠᠩᠭᠢ ᠵᠡᠷᠭᠡ ᠭᠤᠤᠯᠯᠠᠭᠴᠢ ᠬᠦᠴᠦᠨ᠎ᠢ ᠪᠠᠭᠲᠠᠭ᠋ᠠᠭᠰᠠᠨ ᠨᠡᠶ᠋ᠢᠲᠡ 12 ᠡᠩᠨᠡᠭᠡ᠂ 311 ᠬᠥᠮᠦᠨ ᠠᠪᠤᠷᠠᠨ ᠲᠤᠰᠠᠯᠠᠬᠤ᠎ᠳᠤ ᠣᠷᠣᠯᠴᠠᠵᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠨᠢᠭᠡᠳᠦᠭᠡᠷ ᠹᠷᠣᠨᠲ᠎ᠲᠤ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠪᠡ᠃

ᠠᠪᠤᠷᠠᠨ ᠲᠤᠰᠠᠯᠠᠬᠤ ᠲᠣᠨᠣᠭᠯᠠᠯ᠎ᠤᠨ ᠲᠠᠯ᠎ᠠ᠎ᠪᠠᠷ᠂ ᠡᠯ᠎ᠡ ᠡᠩᠨᠡᠭᠡ᠎ᠳᠤ 157 ᠲᠡᠷᠭᠡ (ᠲᠠᠪᠴᠠᠩ ᠤᠳᠠᠭ᠎ᠠ)᠂ ᠭᠣᠮ ᠣᠩᠭᠣᠴᠠ ᠵᠢᠴᠢ ᠬᠥᠳᠡᠯᠭᠡᠬᠦ ᠬᠦᠴᠦᠨ᠎ᠤ ᠨᠢᠭᠡᠴᠢ 13᠂ ᠳᠠᠭ᠋ᠠᠷᠢᠯᠲᠠ ᠵᠢᠨ ᠣᠩᠭᠣᠴᠠ 1᠂ ᠤᠰᠤ ᠵᠠᠯᠠᠬᠤ ᠬᠥᠭᠡᠷᠭᠡ 7᠂ ᠠᠪᠤᠷᠠᠯᠳᠠ ᠵᠢᠨ ᠬᠤᠪᠴᠠᠰᠤ 215᠂ ᠬᠤᠪᠢ ᠬᠥᠮᠦᠨ᠎ᠤ ᠤᠰᠤᠨ ᠣᠷᠣᠨ᠎ᠤ ᠠᠪᠤᠷᠠᠨ ᠲᠤᠰᠠᠯᠠᠬᠤ ᠲᠥᠬᠥᠭᠡᠷᠦᠮᠵᠢ 115᠂ ᠵᠢᠴᠢ ᠰᠡᠯᠢᠭᠦᠷ ᠣᠩᠭᠣᠴᠠ᠂ ᠴᠠᠬᠢᠯᠭ᠋ᠠᠨ ᠡᠭᠦᠰᠭᠡᠭᠴᠢ ᠵᠢᠨ ᠤᠲᠠᠰᠤ ᠵᠡᠷᠭᠡ ᠡᠳ᠋ ᠪᠣᠳᠠᠰ᠎ᠢ ᠲᠣᠬᠢᠷᠠᠭᠤᠯᠵᠤ᠂ ᠠᠪᠤᠷᠠᠨ ᠲᠤᠰᠠᠯᠠᠬᠤ ᠠᠵᠢᠯᠯᠠᠭ᠎ᠠ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃

ᠬᠡᠳᠦᠨ ᠡᠳᠦᠷ ᠳᠠᠷᠠᠭ᠋ᠠᠯᠠᠨ ᠠᠪᠤᠷᠠᠨ ᠲᠤᠰᠠᠯᠠᠬᠤ ᠳᠤᠮᠳᠠ᠂ ᠡᠯ᠎ᠡ ᠡᠩᠨᠡᠭᠡ ᠵᠢᠨ᠎ᠬᠢᠨ ᠨᠡᠢ᠍ᠢ᠍ᠳᠡ 59 ᠬᠡᠰᠡᠭ ᠤᠰᠤᠲᠤᠯ᠎ᠤᠨ ᠴᠡᠭ᠎ᠢ ᠵᠢᠭᠰᠠᠭ᠋ᠠᠨ ᠪᠠᠶ᠋ᠢᠴᠠᠭ᠋ᠠᠵᠤ᠂ ᠬᠠᠰᠢᠭᠳᠠᠭᠰᠠᠨ 283 ᠤᠯᠠᠨ ᠲᠦᠮᠡᠨ᠎ᠢ ᠠᠮᠵᠢᠯᠲᠠ᠎ᠲᠠᠢ ᠰᠢᠯᠵᠢᠭᠦᠯᠵᠦ᠂ ᠪᠠᠷᠤᠭ 228 ᠲᠡᠷᠭᠡ ᠵᠢ ᠬᠠᠪᠰᠤᠷᠤᠨ ᠬᠦᠴᠢᠷᠳᠡᠯ᠎ᠠᠴᠠ ᠠᠩᠭᠢᠵᠢᠷᠠᠭᠤᠯᠵᠤ᠂ ᠵᠠᠮ ᠳᠠᠬᠢ ᠢ ᠂ ᠤᠰᠤ ᠤᠰᠤᠲᠤᠯ᠎ᠢ ᠵᠠᠯᠠᠬᠤ᠂ ᠬᠠᠷᠢᠯᠴᠠᠭ᠎ᠠ ᠲᠠᠰᠤᠷᠠᠭᠰᠠᠨ ᠬᠥᠮᠦᠰ᠎ᠢ ᠡᠷᠢᠵᠦ ᠠᠪᠤᠷᠠᠬᠤ ᠵᠡᠷᠭᠡ ᠡᠯ᠎ᠡ ᠲᠦᠷᠦᠯ ᠦ᠋᠊ᠨ ᠡᠭᠦᠷᠭᠡ ᠵᠢ ᠪᠦᠲᠦᠮᠵᠢᠲᠡᠢ ᠪᠡᠶᠡᠯᠡᠭᠦᠯᠵᠦ᠂ ᠶᠡᠷᠦᠩᠬᠡᠢ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠴᠠᠭ 200 ᠴᠠᠭ᠎ᠢ ᠳᠠᠪᠠᠵᠤ᠂ ᠭᠠᠮᠰᠢᠭ᠎ᠠᠴᠠ ᠪᠣᠯᠤᠭᠰᠠᠨ ᠬᠣᠬᠢᠷᠠᠯ᠎ᠢ ᠬᠦᠴᠦᠲᠡᠢ ᠪᠠᠭ᠋ᠠᠰᠬᠠᠪᠠ᠃