
10 ᠰᠠᠷ᠎ᠠ ᠵᠢᠨ 14᠎ᠤ ᠡᠳᠦᠷ᠂ ᠱᠧᠨᠵᠧᠨ᠎ᠤ ᠠᠵᠤ ᠠᠬᠤᠢ ᠵᠢᠨ ᠤᠨᠴᠠᠭ᠋ᠠᠢ ᠤᠷᠤᠨ ᠪᠠᠶ᠋ᠢᠭᠤᠯᠤᠭᠳᠠᠭᠰᠠᠨ 40 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠭᠤᠸᠠᠩᠳᠦ᠋ᠩ ᠮᠤᠵᠢ ᠵᠢᠨ ᠱᠧᠨᠵᠧᠨ ᠬᠤᠳᠠ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠵᠢᠤᠢ ᠫᠧᠩ ᠰᠡᠭᠦᠳᠡᠷᠯᠡᠪᠡ

10 ᠰᠠᠷ᠎ᠠ ᠵᠢᠨ 14᠎ᠤ ᠡᠳᠦᠷ᠂ ᠱᠧᠨᠵᠧᠨ᠎ᠤ ᠠᠵᠤ ᠠᠬᠤᠢ ᠵᠢᠨ ᠤᠨᠴᠠᠭ᠋ᠠᠢ ᠤᠷᠤᠨ ᠪᠠᠶ᠋ᠢᠭᠤᠯᠤᠭᠳᠠᠭᠰᠠᠨ 40 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠭᠤᠸᠠᠩᠳᠦ᠋ᠩ ᠮᠤᠵᠢ ᠵᠢᠨ ᠱᠧᠨᠵᠧᠨ ᠬᠤᠳᠠ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠤᠯ ᠲᠤᠰ ᠡᠳᠦᠷ᠎ᠤᠨ ᠦᠳᠠ ᠵᠢᠨ ᠬᠤᠶ᠋ᠢᠨᠡ᠂ ᠰᠢ ᠵᠢᠨ ᠫᠢᠩ ᠯᠢᠶᠠᠨ ᠬᠤᠸᠠ ᠱᠠᠨ ᠴᠡᠴᠡᠷᠯᠢᠭ᠎ᠲᠤ ᠬᠦᠷᠴᠤ᠂ ᠳ᠋ᠧᠩ ᠰᠢᠶᠤᠤ ᠫᠢᠩ ᠨᠦᠬᠦᠷ᠎ᠤᠨ ᠬᠦᠷᠡᠯ ᠱᠤᠭᠤᠮᠠᠯ᠎ᠳᠤ ᠰᠠᠭᠰᠤᠳᠤ ᠴᠡᠴᠡᠭ ᠬᠦᠷᠭᠡᠵᠤ ᠪᠠᠶ᠋ᠢᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠸᠠᠩ ᠶᠧ ᠰᠡᠭᠦᠳᠡᠷᠯᠡᠪᠡ
ᠰᠢᠨᠬᠤᠸᠠ ᠬᠤᠷᠢᠶᠠᠨ᠎ᠤ ᠱᠧᠨᠵᠧᠨ᠎ᠤ 10 ᠰᠠᠷ᠎ᠠ ᠵᠢᠨ 14᠎ᠤ ᠴᠠᠬᠢᠯᠭ᠋ᠠᠨ ᠮᠡᠳᠡᠭᠡ ᠱᠧᠨᠵᠧᠨ᠎ᠤ ᠠᠵᠤ ᠠᠬᠤᠢ ᠵᠢᠨ ᠤᠨᠴᠠᠭ᠋ᠠᠢ ᠤᠷᠤᠨ ᠪᠠᠶ᠋ᠢᠭᠤᠯᠤᠭᠳᠠᠭᠰᠠᠨ 40 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ 14᠎ᠤ ᠦᠳᠡ ᠵᠢᠨ ᠡᠮᠦᠨ᠎ᠠ ᠭᠤᠸᠠᠩᠳᠦ᠋ᠩ ᠮᠤᠵᠢ ᠵᠢᠨ ᠱᠧᠨᠵᠧᠨ ᠬᠤᠳᠠ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠬᠤ᠎ᠳᠠᠭᠠᠨ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠵᠦ᠂
《ᠲᠠᠪᠤ ᠵᠢ ᠨᠢᠭᠡ ᠴᠤᠬ᠍ᠴᠠᠵᠢᠭᠤᠯᠬᠤ》 ᠶᠡᠷᠦᠩᠭᠡᠢ ᠪᠠᠶ᠋ᠢᠷᠢᠰᠢᠭᠤᠯᠤᠯᠳᠠ ᠵᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ 《ᠲᠦᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠳᠠ ᠵᠢ ᠵᠤᠬᠢᠴᠠᠭᠤᠯᠤᠨ ᠠᠬᠢᠭᠤᠯᠵᠦ᠂ ᠮᠠᠨ᠎ᠤ ᠤᠯᠤᠰ ᠰᠢᠨ᠎ᠠ ᠬᠦᠭᠵᠢᠯᠳᠠ ᠵᠢᠨ ᠱᠠᠳᠤᠨ᠎ᠳᠤ ᠤᠷᠤᠬᠰᠠᠨ ᠶᠡᠭᠡ ᠲᠠᠯ᠎ᠠ᠎ᠠᠴᠠ ᠡᠬᠦᠰᠦᠨ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠨᠠᠶ᠋ᠢᠳᠠᠪᠤᠷᠢᠵᠢᠭᠤᠯᠵᠦ᠂ ᠴᠢᠨᠠᠷ ᠰᠠᠶ᠋ᠢᠳᠠᠢ ᠬᠦᠭᠵᠢᠯᠳᠠ ᠵᠢ ᠠᠬᠢᠭᠤᠯᠬᠤ᠂ ᠰᠢᠨ᠎ᠠ ᠬᠦᠭᠵᠢᠯᠳᠠ ᠵᠢᠨ ᠪᠠᠶ᠋ᠢᠷᠢᠰᠢᠯ᠎ᠢ ᠪᠦᠷᠢᠯᠳᠦᠬᠦᠯᠬᠦ᠎ᠲᠠᠢ ᠨᠢᠬᠳᠠ ᠤᠶᠠᠯᠳᠤᠭᠤᠯᠤᠨ᠂ ᠴᠤᠴᠠᠯᠳᠠ ᠦᠭᠡᠢ ᠤᠷᠤᠬᠰᠢᠯᠠᠬᠤ ᠲᠡᠮᠡᠴᠡᠯ᠎ᠤᠨ ᠤᠪᠤᠷ ᠪᠠᠶ᠋ᠢᠳᠠᠯ᠂ ᠰᠡᠯᠬᠢ ᠪᠤᠷᠤᠭ᠋ᠠᠨ᠎ᠳᠤ ᠰᠠᠭ᠋ᠠᠳᠠᠯ ᠦᠭᠡᠢ ᠤᠷᠤᠬᠰᠢᠯᠠᠬᠤ ᠤᠶᠤᠨ ᠰᠠᠨᠠᠭ᠋ᠠᠨ᠎ᠤ ᠲᠦᠷᠰᠦ ᠪᠠᠶ᠋ᠢᠳᠠᠯ ᠵᠶ᠋ᠠᠷ ᠦᠭᠡᠷᠡᠴᠢᠯᠡᠯᠳᠠ ᠵᠢ ᠲᠠᠰᠤᠷᠠᠯᠳᠠ ᠦᠭᠡᠢ᠂ ᠨᠡᠭᠡᠭᠡᠯᠳᠠ ᠵᠢ ᠵᠤᠬᠰᠤᠰᠢ ᠦᠭᠡᠢ ᠬᠢᠵᠦ᠂ ᠨᠡᠩ ᠦᠨᠳᠦᠷ ᠭᠠᠷᠤᠭ᠎ᠠ᠎ᠠᠴᠠ ᠦᠭᠡᠷᠡᠴᠢᠯᠡᠯᠳᠠ ᠨᠡᠭᠡᠭᠡᠯᠳᠠ ᠵᠢ ᠠᠬᠢᠭᠤᠯᠵᠦ᠂ ᠠᠵᠤ ᠠᠬᠤᠢ ᠵᠢᠨ ᠤᠨᠴᠠᠭ᠋ᠠᠢ ᠤᠷᠤᠨ᠎ᠤ ᠠᠵᠢᠯ᠎ᠤᠨ ᠰᠢᠨ᠎ᠠ ᠪᠠᠶ᠋ᠢᠳᠠᠯ᠎ᠢ ᠡᠬᠦᠳᠬᠦ ᠵᠢ ᠠᠬᠢᠭᠤᠯᠤᠨ᠂ ᠨᠡᠶ᠋ᠢᠭᠡᠮ ᠵᠢᠷᠤᠮ᠎ᠤᠨ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠳᠠ ᠵᠢ ᠪᠡᠶᠡᠯᠡᠬᠦᠯᠬᠦ᠎ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠶ᠋ᠢᠩᠭᠤ ᠵᠢᠨ ᠭᠡᠰᠢᠬᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠶ᠋ᠢᠳ ᠬᠠᠨ ᠵᠧᠩ ᠶᠡᠭᠡ ᠬᠤᠷᠠᠯ᠎ᠳᠤ ᠤᠷᠤᠯᠴᠠᠵᠠᠢ᠃
ᠱᠧᠨᠵᠧᠨ᠎ᠤ ᠴᠢᠶᠠᠨᠬᠠᠢ ᠤᠯᠠᠨ ᠤᠯᠤᠰ᠎ᠤᠨ ᠬᠤᠷᠠᠯ᠎ᠤᠨ ᠲᠦᠪ᠎ᠲᠤ ᠦᠩᠭᠡᠳᠦ ᠳ᠋ᠧᠩ ᠭᠡᠷᠡᠯᠳᠦᠵᠦ᠂ ᠬᠦᠷ ᠬᠦᠭᠵᠢᠶᠡᠨ ᠵᠶ᠋ᠠᠷ ᠪᠢᠯᠬᠠᠨ᠎ᠠ᠃ ᠬᠤᠷᠠᠯ᠎ᠤᠨ ᠲᠠᠯᠠᠪᠠᠢ᠎ᠳᠤ᠄ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠦ᠂ ᠤᠬ ᠰᠠᠨᠠᠭ᠎ᠠ᠎ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠦ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠤᠷᠢᠳ ᠵᠶ᠋ᠠᠷ ᠭᠡᠷᠡᠭᠵᠢᠬᠦᠯᠬᠦ ᠵᠢᠱ᠌ᠢᠶ᠎ᠠ ᠦᠵᠡᠬᠦᠯᠬᠦ ᠤᠷᠤᠨ᠎ᠢ ᠪᠦᠳᠦᠭᠡᠨ ᠪᠠᠶ᠋ᠢᠭᠤᠯᠬᠤ ᠴᠢᠭᠯᠡᠯ ᠲᠡᠶ᠋ᠢᠰᠢ ᠤᠷᠤᠬᠰᠢᠯᠠᠨ᠂ ᠨᠡᠶ᠋ᠢᠭᠡᠮ ᠵᠢᠷᠤᠮ᠎ᠤᠨ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠍ᠭᠤᠯᠬᠤ ᠰᠢᠨ᠎ᠠ ᠠᠶᠠᠨ᠎ᠢ ᠡᠬᠢᠯᠡᠬᠦᠯᠬᠦ᠎ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠰᠦᠭᠡᠢ! ᠭᠡᠬᠦ ᠬᠦᠨᠳᠡᠯᠡᠨ ᠪᠢᠴᠢᠭᠡᠰᠦ ᠵᠢ ᠡᠯᠬᠦᠵᠡᠢ᠃
10 ᠴᠠᠭ 30 ᠮᠢᠨᠦ᠋ᠲ᠎ᠲᠤ᠂ ᠶᠡᠭᠡ ᠬᠤᠷᠠᠯ ᠡᠬᠢᠯᠡᠪᠡ᠃ ᠪᠦᠬᠦᠳᠡᠭᠡᠷ ᠵᠶ᠋ᠠᠨ ᠪᠤᠰᠴᠦ ᠵᠤᠬᠰᠤᠨ ᠤᠯᠤᠰ᠎ᠤᠨ ᠰᠦᠯᠳᠠ ᠳᠠᠭᠤᠤ ᠵᠢ ᠳᠠᠭᠤᠯᠠᠵᠠᠭ᠋ᠠᠪᠠ᠃
ᠬᠠᠯᠠᠭᠤᠨ ᠠᠯᠠᠭ᠎ᠠ ᠲᠠᠰᠢᠯᠳᠠ ᠵᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠠᠵᠤ ᠠᠬᠤᠢ ᠵᠢᠨ ᠤᠨᠴᠠᠭ᠋ᠠᠢ ᠤᠷᠤᠨ᠎ᠢ ᠪᠠᠶ᠋ᠢᠭᠤᠯᠬᠤ ᠪᠤᠯ ᠨᠠᠮ ᠪᠤᠯᠤᠨ ᠤᠯᠤᠰ᠎ᠠᠴᠠ ᠦᠭᠡᠷᠡᠴᠢᠯᠡᠯᠳᠠ ᠨᠡᠭᠡᠭᠡᠯᠳᠠ ᠪᠠ ᠨᠡᠶ᠋ᠢᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠳᠠ ᠵᠢ ᠠᠬᠢᠭᠤᠯᠬᠤ ᠵᠢᠨ ᠲᠦᠯᠦᠭᠡ ᠬᠢᠭᠰᠡᠨ ᠠᠭᠤᠤ ᠶᠡᠭᠡ ᠪᠦᠳᠦᠭᠡᠯᠴᠢ ᠠᠵᠢᠯᠯᠠᠭ᠎ᠠ ᠮᠦᠨ᠃ ᠤᠷᠳᠤ ᠬᠤᠭᠤᠴᠠᠭ᠋ᠠᠨ᠎ᠤ ᠲᠤᠷᠰᠢ᠂ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠪᠠ ᠪᠦᠬᠦ ᠤᠯᠤᠰ᠎ᠤᠨ ᠬᠦᠴᠦᠳᠠᠢ ᠳᠡᠮᠵᠢᠯᠭᠡ ᠳᠤᠤᠷ᠎ᠠ᠂ ᠡᠯ᠎ᠠ ᠠᠵᠤ ᠠᠬᠤᠢ ᠵᠢᠨ ᠤᠨᠴᠠᠭ᠋ᠠᠢ ᠤᠷᠤᠨ ᠦᠵᠡᠯ ᠰᠠᠨᠠᠭ᠎ᠠ᠎ᠪᠠᠨ ᠴᠢᠯᠦᠭᠡᠯᠡᠵᠦ᠂ ᠦᠭᠡᠷᠡᠴᠢᠯᠡᠯᠳᠠ ᠬᠢᠵᠦ ᠰᠢᠨ᠎ᠠ ᠵᠢ ᠡᠬᠦᠳᠦᠨ᠂ ᠵᠤᠷᠢᠭᠳᠠᠢ᠎ᠪᠠᠷ ᠬᠠᠷᠢᠭᠤᠴᠠᠯᠭ᠎ᠠ ᠡᠬᠦᠷᠭᠡᠯᠡᠵᠦ᠂ ᠡᠷᠡᠮᠡᠭᠡᠶ᠋ᠢᠯᠡᠨ ᠤᠷᠤᠬᠰᠢᠯᠠᠵᠦ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠢ ᠪᠦᠳᠦᠭᠡᠨ ᠪᠠᠶ᠋ᠢᠭᠤᠯᠬᠤ ᠠᠭᠤᠤ ᠶᠡᠭᠡ ᠶᠠᠪᠤᠴᠠ ᠳᠤᠮᠳᠠ ᠤᠷᠤᠰᠬᠠᠯ᠎ᠤᠨ ᠡᠮᠦᠨ᠎ᠠ ᠵᠤᠷᠢᠬᠳᠠᠢ ᠬᠤᠰᠢᠭᠤᠷᠠᠵᠦ᠂ ᠵᠠᠮ ᠨᠡᠭᠡᠭᠡᠨ ᠤᠷᠤᠭᠰᠢᠯᠠᠬᠤ ᠭᠠᠶ᠋ᠢᠬᠠᠮᠰᠢᠬ᠎ᠳᠤ ᠬᠠᠭᠤᠳᠠᠰᠤ ᠵᠢ ᠪᠢᠴᠢᠭᠯᠡᠨ᠂ ᠪᠦᠬᠦ ᠤᠯᠤᠰ᠎ᠤᠨ ᠦᠭᠡᠷᠡᠴᠢᠯᠡᠯᠳᠠ ᠨᠡᠭᠡᠭᠡᠯᠳᠠ ᠪᠠ ᠨᠡᠶ᠋ᠢᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠳᠠ᠎ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠵᠡᠢ ᠭᠡᠵᠦ ᠴᠢᠬᠤᠯᠠᠴᠢᠯᠠᠪᠠ᠃
ᠰᠢ ᠵᠢᠨ ᠫᠢᠩ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠠ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠠ᠎ᠠᠴᠠ ᠠᠵᠤ ᠠᠬᠤᠢ ᠵᠢᠨ ᠤᠨᠴᠠᠭ᠋ᠠᠢ ᠤᠷᠤᠨ᠎ᠤ ᠦᠷᠭᠡᠨ ᠤᠯᠠᠨ ᠪᠦᠳᠦᠭᠡᠨ ᠪᠠᠶ᠋ᠢᠭᠤᠯᠤᠬ᠍ᠴᠢ᠂ ᠠᠵᠤ ᠠᠬᠤᠢ ᠵᠢᠨ ᠤᠨᠴᠠᠭ᠋ᠠᠢ ᠤᠷᠤᠨ᠎ᠤ ᠪᠦᠳᠦᠭᠡᠨ ᠪᠠᠶ᠋ᠢᠭᠤᠯᠤᠯᠳᠠ᠎ᠳᠤ ᠬᠤᠪᠢ ᠨᠡᠮᠡᠷᠢ ᠦᠵᠡᠬᠦᠯᠦᠭᠰᠡᠨ ᠪᠤᠢ ᠪᠦᠬᠦᠢ ᠨᠦᠬᠦᠳ᠎ᠲᠤ ᠴᠢᠩ ᠰᠡᠳᠬᠢᠯ᠎ᠤᠨ ᠮᠡᠨᠳᠤᠴᠢᠯᠡᠯ ᠬᠦᠷᠭᠡᠪᠡ! ᠤᠯᠠᠨ ᠵᠤᠴᠢᠨ᠂ ᠠᠵᠤ ᠠᠬᠤᠢ ᠵᠢᠨ ᠤᠨᠴᠠᠭ᠋ᠠᠢ ᠤᠷᠤᠨ᠎ᠤ ᠪᠦᠳᠦᠭᠡᠨ ᠪᠠᠶ᠋ᠢᠭᠤᠯᠤᠯᠳᠠ ᠵᠢ ᠬᠠᠯᠠᠮᠵᠢᠯᠠᠨ ᠳᠡᠮᠵᠢᠵᠦ ᠪᠠᠶ᠋ᠢᠭ᠎ᠠ ᠤᠯᠤᠰ᠎ᠤᠨ ᠳᠤᠳᠤᠭ᠋ᠠᠳᠦ ᠭᠠᠳᠠᠭ᠋ᠠᠳᠦ ᠵᠢᠨ ᠡᠯ᠎ᠠ ᠡᠳᠡᠭᠡᠳ᠎ᠤᠨ ᠬᠦᠮᠦᠰ᠎ᠲᠤ ᠴᠢᠩ ᠰᠡᠳᠬᠢᠯ᠎ᠠᠴᠠ᠎ᠪᠠᠨ ᠳᠠᠯᠠᠷᠬᠠᠵᠦ ᠪᠠᠶ᠋ᠢᠬᠤ᠎ᠪᠠᠨ ᠢᠯᠡᠳᠭᠡᠵᠡᠢ!
ᠰᠢ ᠵᠢᠨ ᠫᠢᠩ᠂ ᠱᠧᠨᠵᠧᠨ ᠪᠤᠯ ᠦᠭᠡᠷᠡᠴᠢᠯᠡᠯᠳᠠ ᠨᠡᠭᠡᠭᠡᠯᠳᠠ ᠬᠢᠭᠰᠡᠨ᠎ᠤ ᠳᠠᠷᠠᠭ᠋ᠠᠬᠢ ᠨᠠᠮ ᠪᠤᠯᠤᠨ ᠠᠷᠠᠳ ᠲᠦᠮᠡᠨ᠎ᠤ ᠴᠤᠬ᠍ᠴᠠᠯᠠᠨ ᠪᠠᠶ᠋ᠢᠭᠤᠯᠤᠭᠰᠠᠨ ᠴᠣ᠋ ᠰᠢᠨ᠎ᠠ ᠬᠤᠳᠠ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠬᠤᠭᠤᠰᠤᠨ ᠴᠠᠭ᠋ᠠᠰᠤᠨ ᠳᠡᠭᠡᠷ᠎ᠠ ᠵᠢᠷᠤᠬᠰᠠᠨ ᠭᠤᠶ᠋ᠢᠳᠠ ᠵᠢᠷᠤᠬ ᠮᠦᠨ᠃ 40 ᠵᠢᠯ᠎ᠤᠨ ᠲᠤᠷᠰᠢ᠂ ᠱᠧᠨᠵᠧᠨ᠎ᠤ᠎ᠬᠢᠨ ᠨᠡᠶ᠋ᠢᠭᠡᠮ᠎ᠤᠨ ᠦᠢ᠍ᠯᠡᠳᠪᠤᠷᠢᠯᠡᠯ᠎ᠤᠨ ᠬᠦᠴᠦ ᠵᠢ ᠴᠢᠯᠦᠭᠡᠯᠡᠨ ᠬᠦᠭᠵᠢᠬᠦᠯᠬᠦ᠎ᠪᠠᠷ ᠬᠦᠴᠦᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠠ ᠡᠬᠦᠳᠦᠯᠳᠠ ᠵᠢ ᠶᠡᠭᠡ᠎ᠪᠠᠷ ᠠᠬᠢᠭᠤᠯᠤᠨ᠂ ᠬᠤᠴᠤᠷᠤᠩᠭᠤᠢ ᠬᠢᠯᠢ ᠵᠢᠨ ᠪᠠᠭ᠎ᠠ ᠪᠠᠯᠭ᠋ᠠᠰᠤ ᠪᠠᠶ᠋ᠢᠬᠰᠠᠨ᠎ᠠᠴᠠ ᠪᠦᠬᠦ ᠪᠦᠮᠪᠦᠷᠴᠡᠭ᠎ᠲᠤ ᠨᠦᠯᠦᠭᠡ᠎ᠲᠠᠢ ᠤᠯᠠᠨ ᠤᠯᠤᠰᠴᠢᠯᠠᠬᠰᠠᠨ ᠲᠤᠮᠤ ᠬᠤᠳᠠ ᠪᠤᠯᠬᠤ ᠲᠡᠦᠭᠡᠳᠦ ᠴᠢᠨᠠᠷᠳᠠᠢ ᠲᠠᠪᠠᠯᠳᠠ ᠵᠢ ᠪᠡᠶᠡᠯᠡᠬᠦᠯᠪᠡ; ᠦᠵᠡᠯ ᠰᠠᠨᠠᠭ᠎ᠠ᠎ᠪᠠᠨ ᠴᠢᠯᠦᠭᠡᠯᠡᠵᠦ᠂ ᠴᠠᠭ ᠦᠶ᠎ᠠ ᠵᠢ᠎ᠲᠠᠭᠠᠨ ᠪᠦᠬᠦ ᠲᠠᠯ᠎ᠠ᠎ᠪᠠᠷ ᠤᠷᠤᠬᠰᠢᠯᠠᠬᠤ ᠵᠢ ᠪᠠᠷᠢᠮᠳᠠᠯᠠᠵᠦ᠂ ᠵᠠᠬ᠎ᠠ ᠳᠡᠯᠭᠡᠬᠦᠷ᠎ᠤᠨ ᠬᠠᠨᠳᠤᠰᠢ ᠵᠢᠨ ᠠᠵᠤ ᠠᠬᠤᠢ ᠵᠢᠨ ᠪᠠᠶ᠋ᠢᠭᠤᠯᠤᠮᠵᠢ ᠵᠢᠨ ᠦᠭᠡᠷᠡᠴᠢᠯᠡᠯᠳᠠ ᠵᠢ ᠲᠦᠷᠦᠬᠦᠯᠡᠨ ᠬᠢᠵᠦ᠂ ᠠᠵᠤ ᠠᠬᠤᠢ ᠵᠢᠨ ᠪᠠᠶ᠋ᠢᠭᠤᠯᠤᠮᠵᠢ ᠵᠢᠨ ᠦᠭᠡᠷᠡᠴᠢᠯᠡᠯᠳᠠ᠎ᠠᠴᠠ ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠶ᠋ᠢᠷᠡᠬᠦᠯᠬᠦ ᠲᠡᠦᠭᠡᠳᠦ ᠴᠢᠨᠠᠷᠳᠠᠢ ᠲᠠᠪᠠᠯᠳᠠ ᠵᠢ ᠪᠡᠶᠡᠯᠡᠬᠦᠯᠪᠡ; 《ᠤᠷᠤᠭᠤᠯᠵᠦ ᠠᠪᠴᠢᠷᠠᠬᠤ》 ᠪᠠ 《ᠭᠠᠳᠠᠬᠰᠢ ᠭᠠᠷᠬᠤ》 ᠵᠢ ᠭᠡᠷᠡᠭᠵᠢᠬᠦᠯᠬᠦ ᠵᠢ ᠪᠠᠷᠢᠮᠳᠠᠯᠠᠵᠦ᠂ ᠤᠯᠠᠨ ᠤᠯᠤᠰ ᠪᠠ ᠤᠯᠤᠰ᠎ᠤᠨ ᠳᠤᠳᠤᠭ᠋ᠠᠳᠦ ᠵᠢᠨ ᠬᠤᠶᠠᠷ ᠶᠡᠭᠡ ᠵᠠᠬ᠎ᠠ ᠳᠡᠯᠭᠡᠬᠦᠷ᠂ ᠬᠤᠶᠠᠷ ᠵᠦᠢ᠍ᠯ᠎ᠤᠨ ᠡᠬᠢ ᠪᠠᠶᠠᠯᠢᠭ᠎ᠢ ᠢᠳᠡᠪᠬᠢᠳᠠᠢ ᠠᠰᠢᠬᠯᠠᠨ᠂ ᠪᠦᠬᠦ ᠪᠦᠮᠪᠦᠷᠴᠡᠭ᠎ᠤᠨ ᠪᠡᠯᠡ ᠤᠷᠤᠭᠤᠯᠤᠯᠳᠠ ᠵᠢ ᠢᠳᠡᠪᠬᠢᠳᠠᠢ ᠳᠠᠳᠠᠵᠦ᠂ ᠭᠠᠳᠠᠭ᠋ᠠᠳᠦ ᠤᠷᠤᠭᠤᠯᠤᠯᠳᠠ ᠭᠠᠷᠭ᠋ᠠᠯᠳᠠ ᠵᠢᠨ ᠠᠷᠠᠯᠵᠢᠶ᠎ᠠ᠎ᠪᠠᠷ ᠭᠤᠤᠯ ᠪᠤᠯᠭ᠋ᠠᠵᠦ ᠪᠠᠶ᠋ᠢᠬᠰᠠᠨ᠎ᠠᠴᠠ᠎ᠪᠠᠨ ᠪᠦᠬᠦ ᠲᠠᠯ᠎ᠠ ᠵᠢᠨ ᠦᠨᠳᠦᠷ ᠲᠦᠪᠰᠢᠨ᠎ᠲᠠᠢ ᠭᠠᠳᠠᠭ᠋ᠠᠳᠦ ᠨᠡᠭᠡᠭᠡᠯᠳᠠ ᠬᠢᠬᠦ ᠲᠡᠦᠭᠡᠳᠦ ᠴᠢᠨᠠᠷᠳᠠᠢ ᠲᠠᠪᠠᠯᠳᠠ ᠵᠢ ᠪᠡᠶᠡᠯᠡᠬᠦᠯᠪᠡ; ᠨᠡᠶ᠋ᠢᠭᠡᠮ ᠵᠢᠷᠤᠮ᠎ᠤᠨ ᠠᠷᠠᠳᠴᠢᠯᠠᠬᠰᠠᠨ ᠤᠯᠤᠰ ᠲᠦᠷᠦ ᠵᠢ ᠪᠠᠷᠢᠮᠳᠠᠯᠠᠨ ᠬᠦᠭᠵᠢᠬᠦᠯᠵᠦ᠂ ᠠᠷᠠᠳ ᠲᠦᠮᠡᠨ᠎ᠤ ᠭᠤᠤᠯ ᠴᠤᠬ᠍ᠴᠠ ᠵᠢᠨ ᠪᠠᠶ᠋ᠢᠷᠢ ᠰᠠᠭᠤᠷᠢ ᠵᠢ ᠬᠦᠨᠳᠦᠳᠭᠡᠨ᠂ ᠨᠡᠶ᠋ᠢᠭᠡᠮ ᠵᠢᠷᠤᠮ᠎ᠤᠨ ᠤᠶᠤᠨ᠎ᠤ ᠪᠤᠯᠪᠠᠰᠤᠨ᠎ᠤ ᠪᠠᠶ᠋ᠢᠭᠤᠯᠤᠯᠳᠠ ᠵᠢ ᠴᠢᠩᠭ᠋ᠠᠳᠬᠠᠵᠦ᠂ ᠨᠡᠶ᠋ᠢᠭᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠵᠢ ᠢᠳᠡᠪᠬᠢᠳᠠᠢ ᠪᠤᠶ᠋ᠢᠵᠢᠭᠤᠯᠤᠨ ᠦᠢ᠍ᠯᠡᠳᠦᠯᠭᠡᠵᠢᠬᠦᠯᠵᠦ᠂ ᠠᠵᠤ ᠠᠬᠤᠢ ᠵᠢ ᠨᠡᠭᠡᠭᠡᠨ ᠬᠦᠭᠵᠢᠬᠦᠯᠬᠦ᠎ᠠᠴᠠ ᠨᠡᠶ᠋ᠢᠭᠡᠮ ᠵᠢᠷᠤᠮ᠎ᠤᠨ ᠪᠤᠳᠠᠰ᠎ᠤᠨ ᠪᠤᠯᠪᠠᠰᠤᠨ᠂ ᠤᠯᠤᠰ ᠲᠦᠷᠦ ᠵᠢᠨ ᠪᠤᠯᠪᠠᠰᠤᠨ᠂ ᠤᠶᠤᠨ᠎ᠤ ᠪᠤᠯᠪᠠᠰᠤᠨ᠂ ᠨᠡᠶ᠋ᠢᠭᠡᠮ᠎ᠤᠨ ᠪᠤᠯᠪᠠᠰᠤᠨ᠂ ᠠᠮᠢ ᠠᠬᠤᠢ ᠵᠢᠨ ᠪᠤᠯᠪᠠᠰᠤᠨ᠎ᠢ ᠨᠢᠭᠡᠳᠦᠯᠳᠠᠢ ᠲᠦᠯᠦᠪᠵᠢᠬᠦᠯᠦᠨ ᠬᠦᠭᠵᠢᠬᠦᠯᠬᠦ ᠲᠡᠦᠭᠡᠳᠦ ᠴᠢᠨᠠᠷᠳᠠᠢ ᠲᠠᠪᠠᠯᠳᠠ ᠵᠢ ᠪᠡᠶᠡᠯᠡᠬᠦᠯᠪᠡ; ᠠᠷᠠᠳ ᠲᠦᠮᠡᠨ ᠵᠶ᠋ᠠᠷ ᠭᠤᠤᠯ ᠪᠤᠯᠭ᠋ᠠᠬᠤ ᠵᠢ ᠪᠠᠷᠢᠮᠳᠠᠯᠠᠵᠦ᠂ ᠠᠷᠠᠳ ᠲᠦᠮᠡᠨ᠎ᠤ ᠠᠮᠢᠳᠤᠷᠠᠯ᠎ᠤᠨ ᠲᠦᠪᠰᠢᠨ᠎ᠢ ᠶᠡᠭᠡ᠎ᠪᠠᠷ ᠳᠡᠭᠡᠭᠰᠢᠯᠡᠬᠦᠯᠵᠦ᠂ ᠰᠤᠷᠭ᠋ᠠᠨ ᠬᠦᠮᠦᠵᠢᠯ᠂ ᠡᠮ ᠡᠮᠨᠡᠯᠭᠡ᠂ ᠤᠷᠤᠨ ᠰᠠᠭᠤᠴᠠ ᠵᠡᠷᠭᠡ ᠲᠠᠯ᠎ᠠ᠎ᠪᠠᠷ ᠲᠡᠭᠷᠢ ᠭᠠᠵᠠᠷ᠎ᠢ ᠲᠤᠩᠰᠤᠯᠭ᠋ᠠᠮᠠ ᠬᠤᠪᠢᠷᠠᠯᠳᠠ ᠭᠠᠷᠭ᠋ᠠᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠬᠠᠷᠠᠯᠳᠠ ᠵᠢ ᠡᠩ ᠲᠡᠷᠢᠬᠦᠨ᠎ᠳᠤ ᠪᠡᠶᠡᠯᠡᠬᠦᠯᠦᠨ᠂ ᠢᠳᠡᠵᠦ ᠡᠮᠦᠰᠬᠦ ᠠᠰᠠᠭᠤᠳᠠᠯ᠎ᠢ ᠰᠢᠢ᠍ᠳᠪᠤᠷᠢᠯᠡᠬᠦ᠎ᠠᠴᠠ ᠴᠢᠨᠠᠷ ᠰᠠᠶ᠋ᠢᠳᠠᠢ ᠪᠦᠬᠦ ᠲᠠᠯ᠎ᠠ ᠵᠢᠨ ᠴᠢᠨᠡᠭᠡᠯᠢᠭᠵᠢᠯ ᠬᠦᠷᠳᠡᠯᠡᠬᠢ ᠲᠡᠦᠭᠡᠳᠦ ᠴᠢᠨᠠᠷᠳᠠᠢ ᠲᠠᠪᠠᠯᠳᠠ ᠵᠢ ᠪᠡᠶᠡᠯᠡᠬᠦᠯᠪᠡ᠃ ᠨᠠᠮ᠎ᠤᠨ ᠲᠦᠪ ᠬᠤᠷᠢᠶᠠᠨ᠎ᠤ ᠠᠵᠤ ᠠᠬᠤᠢ ᠵᠢᠨ ᠤᠨᠴᠠᠭ᠋ᠠᠢ ᠤᠷᠤᠨ᠎ᠢ ᠪᠠᠶ᠋ᠢᠭᠤᠯᠬᠤ ᠲᠤᠬᠠᠢ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠤᠷᠢᠳᠦ ᠪᠤᠳᠤᠯᠭ᠎ᠠ ᠪᠤᠯ ᠪᠦᠷᠢᠨ ᠵᠦᠪ ᠪᠠᠶ᠋ᠢᠭ᠎ᠠ ᠶᠤᠮ᠃ ᠠᠵᠤ ᠠᠬᠤᠢ ᠵᠢᠨ ᠤᠨᠴᠠᠭ᠋ᠠᠢ ᠤᠷᠤᠨ᠎ᠢ ᠦᠷᠬᠦᠯᠵᠢᠯᠡᠨ ᠬᠦᠭᠵᠢᠬᠦᠯᠬᠦ᠎ᠪᠠᠷ ᠪᠠᠷᠠᠬᠤ ᠦᠭᠡᠢ ᠪᠠᠰᠠ ᠨᠡᠩ ᠰᠠᠶ᠋ᠢᠨ ᠨᠡᠩ ᠦᠨᠳᠦᠷ ᠲᠦᠪᠰᠢᠨ᠎ᠲᠠᠢ ᠬᠦᠭᠵᠢᠬᠦᠯᠬᠦ ᠭᠡᠷᠡᠭᠲᠡᠢ ᠭᠡᠳᠡᠭ᠎ᠢ ᠱᠧᠨᠵᠧᠨ ᠵᠡᠷᠭᠡ ᠠᠵᠤ ᠠᠬᠤᠢ ᠵᠢᠨ ᠤᠨᠴᠠᠭ᠋ᠠᠢ ᠤᠷᠤᠨ᠎ᠤ ᠠᠮᠵᠢᠯᠳᠠᠳᠠᠢ ᠦᠢ᠍ᠯᠡᠳᠦᠯᠭᠡ ᠬᠦᠢ᠍ᠴᠡᠳ ᠭᠡᠷᠡᠴᠢᠯᠡᠵᠠᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠱᠧᠨᠵᠧᠨ ᠵᠡᠷᠭᠡ ᠠᠵᠤ ᠠᠬᠤᠢ ᠵᠢᠨ ᠤᠨᠴᠠᠭ᠋ᠠᠢ ᠤᠷᠤᠨ᠎ᠤ 40 ᠵᠢᠯ᠎ᠤᠨ ᠦᠭᠡᠷᠡᠴᠢᠯᠡᠯᠳᠠ ᠨᠡᠭᠡᠭᠡᠯᠳᠠ ᠵᠢᠨ ᠦᠢ᠍ᠯᠡᠳᠦᠯᠭᠡ ᠳᠤᠮᠳᠠ ᠬᠤᠪᠤᠷ ᠨᠠᠨᠳᠢᠨ ᠲᠤᠷᠰᠢᠯᠭ᠎ᠠ ᠵᠢ ᠬᠤᠷᠠᠮᠳᠤᠭᠤᠯᠵᠦ᠂ ᠪᠢᠳᠠᠨ᠎ᠤ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠠᠵᠤ ᠠᠬᠤᠢ ᠵᠢᠨ ᠤᠨᠴᠠᠭ᠋ᠠᠢ ᠤᠷᠤᠨ᠎ᠢ ᠪᠦᠳᠦᠭᠡᠨ ᠪᠠᠶ᠋ᠢᠭᠤᠯᠬᠤ ᠵᠢᠮ᠎ᠠ ᠶᠤᠰᠤ ᠵᠢᠨ ᠲᠤᠬᠠᠢ ᠲᠠᠨᠢᠯᠳᠠ ᠵᠢ ᠬᠦᠨᠵᠡᠭᠡᠶ᠋ᠢᠷᠡᠬᠦᠯᠵᠡᠢ᠃ ᠨᠢᠭᠡ᠎ᠳᠤ᠂ ᠡᠷᠭᠡᠪᠰᠢ ᠠᠵᠤ ᠠᠬᠤᠢ ᠵᠢᠨ ᠤᠨᠴᠠᠭ᠋ᠠᠢ ᠤᠷᠤᠨ᠎ᠤ ᠪᠦᠳᠦᠭᠡᠨ ᠪᠠᠶ᠋ᠢᠭᠤᠯᠤᠯᠳᠠ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠵᠦ᠂ ᠠᠵᠤ ᠠᠬᠤᠢ ᠵᠢᠨ ᠤᠨᠴᠠᠭ᠋ᠠᠢ ᠤᠷᠤᠨ᠎ᠤ ᠪᠦᠳᠦᠭᠡᠨ ᠪᠠᠶ᠋ᠢᠭᠤᠯᠤᠯᠳᠠ ᠢᠮᠠᠬᠳᠠ ᠵᠦᠪ ᠴᠢᠭᠯᠡᠯ ᠵᠶ᠋ᠠᠷ ᠬᠦᠭᠵᠢᠬᠦ ᠵᠢ ᠪᠠᠳᠤᠯᠠᠬᠤ ᠭᠡᠷᠡᠭᠲᠡᠢ᠃ ᠬᠤᠶᠠᠷ᠎ᠲᠤ᠂ ᠡᠷᠭᠡᠪᠰᠢ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠷᠢᠮᠳᠠᠯᠠᠨ ᠳᠡᠬᠦᠯᠳᠡᠷᠵᠢᠬᠦᠯᠵᠦ᠂ ᠦᠭᠡᠷᠡᠴᠢᠯᠡᠯᠳᠠ ᠵᠢᠨ ᠦᠢ᠍ᠯᠡᠳᠦᠯᠭᠡ᠎ᠪᠠᠷ ᠳᠠᠮᠵᠢᠭᠤᠯᠤᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ ᠨᠡᠩ ᠪᠤᠯᠪᠠᠰᠤᠷᠠᠩᠭᠤᠢ ᠨᠡᠩ ᠬᠡᠪᠰᠢ᠎ᠵᠢᠨ ᠲᠤᠬᠳᠠᠪᠤᠷᠢᠵᠢᠬᠤ ᠵᠢ ᠠᠬᠢᠭᠤᠯᠬᠤ ᠭᠡᠷᠡᠭᠲᠡᠢ᠃ ᠭᠤᠷᠪᠠ᠎ᠳᠤ᠂ ᠡᠷᠬᠡᠪᠰᠢ ᠬᠦᠭᠵᠢᠭᠦᠯᠬᠦ ᠪᠤᠯ ᠬᠠᠳᠠᠭᠤ ᠶᠤᠰᠤ ᠭᠡᠳᠡᠭ᠎ᠢ ᠪᠠᠷᠢᠮᠳᠠᠯᠠᠵᠤ᠂ ᠵᠤᠷᠢᠬᠳᠠᠢ ᠬᠢᠵᠦ ᠵᠤᠷᠢᠬᠳᠠᠢ ᠲᠤᠷᠰᠢᠵᠤ᠂ ᠪᠤᠰᠤᠳ᠎ᠠᠴᠠ ᠵᠤᠷᠢᠬᠳᠠᠢ ᠲᠦᠷᠦᠬᠦᠯᠡᠬᠦ ᠵᠢ ᠪᠠᠷᠢᠮᠳᠠᠯᠠᠵᠤ᠂ ᠦᠵᠡᠯ ᠰᠠᠨᠠᠭ᠋ᠠᠨ᠎ᠤ ᠲᠠᠪᠠᠯᠳᠠ᠎ᠪᠠᠷ ᠦᠬᠡᠷᠡᠴᠢᠯᠠᠯᠳᠠ ᠵᠢ ᠬᠦᠳᠤᠯᠤᠨ ᠵᠢᠯᠤᠭᠤᠳᠴᠤ ᠰᠢᠪᠳᠤᠯᠤᠯᠳᠠ ᠭᠠᠷᠭ᠋ᠠᠬᠤ ᠭᠡᠷᠡᠭᠳᠠᠢ᠃ ᠲᠦᠷᠪᠡ᠎ᠳᠤ᠂ ᠡᠷᠬᠡᠪᠰᠢ ᠪᠦᠬᠦ ᠲᠠᠯ᠎ᠠ᠎ᠪᠠᠷ ᠭᠠᠳᠠᠭ᠋ᠠᠳᠤ ᠨᠡᠭᠡᠭᠡᠯᠳᠠ ᠬᠢᠬᠦ ᠵᠢ ᠪᠠᠷᠢᠮᠳᠠᠯᠠᠵᠤ᠂ 《ᠤᠷᠤᠭᠤᠯᠤᠨ ᠠᠪᠴᠢᠷᠠᠬᠤ》 ᠲᠠᠳᠠᠬᠤ ᠬᠦᠴᠤᠨ ᠪᠤᠯᠤᠨ 《ᠭᠠᠳᠠᠬᠰᠢ ᠭᠠᠷᠬᠤ》 ᠦᠷᠢᠰᠤᠯᠳᠤᠬᠦ ᠬᠦᠴᠤᠨ᠎ᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠠᠢ᠃ ᠲᠠᠪᠤ᠎ᠳᠤ᠂ ᠡᠷᠬᠡᠪᠰᠢ ᠰᠢᠨ᠎ᠠ ᠵᠢ ᠡᠬᠦᠳᠬᠦ ᠪᠤᠯ ᠨᠢᠬᠡᠳᠤᠭᠡᠷ ᠬᠦᠳᠡᠯᠬᠡᠬᠦ ᠬᠦᠴᠤᠨ ᠪᠤᠯᠬᠤ ᠵᠢ ᠪᠠᠷᠢᠮᠳᠠᠯᠠᠵᠤ᠂ ᠪᠦᠬᠦ ᠪᠦᠮᠪᠦᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠬᠤᠪᠢᠰᠬᠠᠯ ᠪᠤᠯᠤᠨ ᠠᠵᠤ ᠤᠢ᠍ᠢ᠍ᠯᠡᠰ᠎ᠤᠨ ᠬᠤᠪᠢᠰᠤᠯᠳᠠ ᠲᠤᠮᠳᠠ ᠰᠠᠨᠠᠭ᠋ᠠᠴᠢᠯᠠᠭ᠋ᠠᠳᠤ ᠡᠷᠬᠡ ᠵᠢ ᠤᠯᠬᠤ ᠭᠡᠷᠡᠭᠳᠠᠢ᠃ ᠵᠢᠷᠭᠤᠭ᠎ᠠ᠎ᠳᠤ᠂ ᠡᠷᠭᠡᠪᠰᠢ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠠ ᠵᠢᠨ ᠦᠵᠡᠯ ᠰᠠᠨᠠᠭ᠎ᠠ ᠵᠢ ᠪᠠᠷᠢᠮᠳᠠᠯᠠᠵᠤ᠂ ᠦᠬᠡᠷᠡᠴᠢᠯᠠᠯᠳᠠ ᠬᠦᠭᠵᠢᠯᠳᠠ ᠵᠢᠨ ᠦᠷ᠎ᠡ ᠪᠦᠳᠦᠭᠡᠯ᠎ᠢ ᠨᠡᠩ ᠤᠯᠠᠨ ᠨᠡᠩ ᠡᠷᠬᠡ ᠲᠡᠭᠰᠢ᠎ᠪᠠᠷ ᠤᠯᠠᠨ ᠲᠦᠮᠡᠨ᠎ᠳᠤ ᠬᠦᠷᠳᠡᠬᠡᠬᠦ ᠭᠡᠷᠡᠭᠳᠠᠢ᠃ ᠲᠤᠯᠤᠭ᠎ᠠ᠎ᠳᠤ᠂ ᠡᠷᠬᠡᠪᠰᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠤᠭᠳᠠᠭ᠋ᠠᠬᠤ᠂ ᠲᠦᠪ ᠴᠢᠩᠭ᠎ᠠ᠎ᠪᠠᠷ ᠬᠠᠤᠯᠢ ᠭᠡᠷᠡᠭᠵᠢᠬᠦᠯᠬᠦ᠂ ᠲᠦᠪ ᠭᠤᠤᠯᠴᠢ᠎ᠪᠠᠷ ᠬᠠᠤᠯᠢ ᠪᠠᠷᠢᠬᠤ᠂ ᠠᠷᠠᠳ ᠨᠡᠶ᠋ᠢᠳᠡ᠎ᠪᠠᠷ ᠵᠶ᠋ᠠᠨ ᠬᠠᠤᠯᠢ ᠵᠢ ᠰᠠᠬᠢᠬᠤ ᠵᠢ ᠪᠠᠷᠢᠮᠳᠠᠯᠠᠵᠤ᠂ ᠬᠠᠤᠯᠢᠵᠢᠯ᠎ᠢ ᠠᠵᠤ ᠠᠬᠤᠢ ᠵᠢᠨ ᠤᠨᠴᠠᠭ᠋ᠠᠢ ᠤᠷᠤᠨ᠎ᠤ ᠬᠦᠭᠵᠢᠯᠳᠠ ᠵᠢᠨ ᠴᠢᠬᠤᠯᠠ ᠪᠠᠳᠤᠯᠠᠭ᠎ᠠ ᠪᠤᠯᠭ᠋ᠠᠬᠤ ᠭᠡᠷᠡᠭᠳᠠᠢ᠃ ᠨᠠᠢ᠍ᠮᠠ᠎ᠳᠤ᠂ ᠡᠷᠬᠡᠪᠰᠢ ᠬᠦᠬᠡᠮᠳᠦᠭ ᠨᠤᠭᠤᠭ᠋ᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠪᠤᠯᠬᠤ ᠤᠢ᠍ᠢ᠍ᠯᠠᠭ᠋ᠠᠭᠳᠠᠬᠤᠨ᠎ᠢ ᠦᠢ᠍ᠯᠡᠳᠦᠯᠭᠡᠵᠢᠬᠦᠯᠵᠦ᠂ ᠠᠵᠤ ᠠᠬᠤᠢ ᠨᠡᠶ᠋ᠢᠬᠡᠮ ᠪᠤᠯᠤᠨ ᠠᠮᠢ ᠠᠬᠤᠢ ᠤᠷᠴᠢᠨ ᠲᠤᠭᠤᠷᠢᠨ ᠪᠦᠬᠦ ᠲᠠᠯ᠎ᠠ᠎ᠪᠠᠷ ᠵᠤᠬᠢᠴᠠᠩᠭᠤᠢ ᠦᠷᠬᠦᠯᠵᠢᠯᠠᠨ ᠬᠦᠭᠵᠢᠬᠦ ᠵᠢ ᠪᠡᠶᠡᠯᠡᠬᠦᠯᠬᠦ ᠭᠡᠷᠡᠭᠳᠠᠢ᠃ ᠶᠢᠰᠤ᠎ᠳᠤ᠂ ᠡᠷᠬᠡᠪᠰᠢ 《ᠨᠢᠬᠡ ᠤᠯᠤᠰ᠎ᠲᠤ ᠬᠤᠶᠠᠷ ᠪᠠᠶ᠋ᠢᠭᠤᠯᠤᠯ᠎ᠢ ᠭᠡᠷᠡᠭᠵᠢᠬᠦᠯᠬᠦ》 ᠦᠨᠳᠤᠰᠤᠨ ᠴᠢᠭᠯᠡᠯᠳᠠ ᠵᠢ ᠪᠦᠬᠦ ᠲᠠᠯ᠎ᠠ᠎ᠪᠠᠷ ᠤᠨᠤᠴᠠᠳᠠᠢ ᠲᠤᠭᠤᠰᠢᠯᠠᠭᠤᠯᠵᠤ᠂ ᠳᠤᠳᠤᠷ᠎ᠠ ᠭᠠᠵᠠᠷ ᠪᠤᠯᠤᠨ ᠰᠢᠶᠠᠩᠭ᠋ᠠᠩ᠂ ᠤᠤᠮᠧᠨ᠎ᠤ ᠠᠭᠤᠰᠤᠯᠴᠠᠨ ᠬᠦᠭᠵᠢᠬᠦ᠂ ᠬᠠᠷᠢᠯᠴᠠᠨ ᠠᠬᠢᠭᠤᠯᠬᠤ ᠵᠢ ᠪᠡᠶᠡᠯᠡᠬᠦᠯᠬᠦ ᠭᠡᠷᠡᠭᠳᠠᠢ᠃ ᠠᠷᠪᠠ᠎ᠳᠤ᠂ ᠡᠷᠬᠡᠪᠰᠢ ᠪᠦᠬᠦ ᠤᠯᠤᠰ ᠵᠶ᠋ᠠᠷ ᠵᠶ᠋ᠠᠨ ᠨᠢᠬᠡ ᠬᠦᠯᠬᠡ ᠰᠢᠳᠠᠷ᠎ᠠ ᠪᠤᠯᠬᠤ ᠶᠠᠪᠤᠴᠠ᠎ᠳᠤ ᠠᠵᠤ ᠠᠬᠤᠢ ᠵᠢᠨ ᠤᠨᠴᠠᠭ᠋ᠠᠢ ᠤᠷᠤᠨ᠎ᠤ ᠨᠦᠯᠤᠬᠡᠯᠠᠬᠦ ᠲᠠᠶ᠋ᠢᠴᠢᠯᠠᠬᠤ ᠤᠢ᠍ᠢ᠍ᠯᠡᠳᠤᠯ᠎ᠢ ᠨᠡᠩ ᠰᠠᠶ᠋ᠢᠨ ᠪᠠᠳᠠᠷᠠᠭᠤᠯᠵᠤ᠂ ᠪᠦᠬᠦ ᠤᠯᠤᠰ᠎ᠤᠨ ᠬᠦᠭᠵᠢᠯᠳᠠ᠎ᠳᠤ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠤᠳᠤ ᠵᠢᠨ ᠲᠡᠯᠡᠬᠡᠢ ᠶᠢᠷᠳᠢᠨᠴᠤ ᠶᠠᠬ ᠵᠠᠭᠤᠨ ᠵᠢᠯ᠎ᠳᠤ ᠲᠤᠬᠢᠶᠠᠯᠳᠤᠭ᠎ᠠ ᠦᠬᠡᠢ ᠶᠡᠭᠡ ᠬᠤᠪᠢᠰᠤᠯᠳᠠ ᠵᠢ ᠦᠩᠬᠡᠷᠡᠭᠡᠵᠤ᠂ ᠮᠠᠨ᠎ᠤ ᠤᠯᠤᠰ ᠳᠤᠮᠳᠠᠳᠤ ᠵᠢᠨ ᠦᠨᠳᠤᠰᠤᠳᠠᠨ᠎ᠤ ᠠᠭᠤᠤ ᠶᠡᠭᠡ ᠰᠡᠷᠬᠦᠨ ᠮᠠᠨᠳᠤᠯᠳᠠ ᠵᠢ ᠪᠡᠶᠡᠯᠡᠬᠦᠯᠬᠦ ᠵᠠᠩᠬᠢᠯᠠᠭ᠎ᠠ ᠵᠢᠨ ᠴᠠᠬ᠎ᠠ ᠦᠶ᠎ᠠ᠎ᠳᠤ ᠤᠷᠤᠰᠢᠵᠤ᠂ ᠠᠵᠤ ᠠᠬᠤᠢ ᠲᠦᠷᠬᠡᠨ ᠨᠡᠮᠡᠭᠳᠡᠯ᠎ᠤᠨ ᠱᠠᠳᠤᠨ᠎ᠠᠴᠠ ᠴᠢᠨᠠᠷ ᠰᠠᠶ᠋ᠢᠳᠠᠢ ᠬᠦᠭᠵᠢᠯᠳᠠ ᠵᠢᠨ ᠱᠠᠳᠤᠨ᠎ᠳᠤ ᠰᠢᠯᠵᠢᠪᠠ᠃ ᠱᠧᠨᠵᠧᠨ᠎ᠤ᠎ᠬᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠶ᠋ᠢᠬᠡᠮ ᠵᠢᠷᠤᠮ᠎ᠤᠨ ᠤᠷᠢᠳ ᠵᠶ᠋ᠠᠷ ᠭᠡᠷᠡᠭᠵᠢᠬᠦᠯᠬᠦ ᠵᠢᠱ᠌ᠢᠶ᠎ᠠ ᠦᠵᠡᠬᠦᠯᠬᠦ ᠤᠷᠤᠨ᠎ᠢ ᠰᠠᠶ᠋ᠢᠳᠤᠷ ᠪᠦᠳᠤᠬᠡᠨ ᠪᠠᠶ᠋ᠢᠭᠤᠯᠵᠤ᠂ ᠨᠡᠶ᠋ᠢᠬᠡᠮ ᠵᠢᠷᠤᠮ᠎ᠤᠨ ᠤᠳᠤᠬᠢᠴᠢᠯᠠᠬᠰᠠᠨ ᠬᠦᠴᠦᠷᠭᠡᠭ ᠤᠯᠤᠰ᠎ᠤᠨ ᠬᠤᠳᠠ ᠵᠢᠨ ᠦᠯᠢᠬᠡᠷ ᠳᠠᠭᠤᠷᠢᠶᠠᠯ᠎ᠢ ᠴᠤᠬ᠍ᠴᠠᠯᠠᠵᠦ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠳᠠᠪᠤᠷᠢ ᠪᠤᠯᠤᠨ ᠲᠦᠪᠰᠢᠨ ᠵᠶ᠋ᠠᠨ ᠲᠡᠭᠡᠭᠰᠢᠯᠡᠬᠦᠯᠵᠤ᠂ ᠦᠬᠡᠷᠡᠴᠢᠯᠠᠯᠳᠠ ᠵᠢ ᠪᠦᠬᠦ ᠲᠠᠯ᠎ᠠ᠎ᠪᠠᠷ ᠬᠦᠨᠵᠡᠬᠡᠶ᠋ᠢᠷᠡᠬᠦᠯᠬᠦ᠂ ᠨᠡᠬᠡᠬᠡᠯᠳᠠ ᠵᠢ ᠪᠦᠬᠦ ᠲᠠᠯ᠎ᠠ᠎ᠪᠠᠷ ᠦᠷᠬᠡᠳᠬᠡᠬᠦ ᠰᠢᠨ᠎ᠠ ᠪᠠᠶ᠋ᠢᠷᠢᠰᠢᠯ᠎ᠢ ᠪᠤᠢ ᠪᠤᠯᠭ᠋ᠠᠵᠤ᠂ ᠭᠤᠸᠠᠩᠳᠦ᠋ᠩ ᠰᠢᠶᠠᠩᠭ᠋ᠠᠩ ᠤᠤᠮᠧᠨ᠎ᠤ ᠲᠤᠮᠤ ᠪᠤᠯᠤᠩ᠎ᠤᠨ ᠤᠷᠤᠨ᠎ᠤ ᠪᠦᠳᠤᠬᠡᠨ ᠪᠠᠶ᠋ᠢᠭᠤᠯᠤᠯᠳᠠ ᠵᠢ ᠠᠬᠢᠭᠤᠯᠵᠤ᠂ 《ᠨᠢᠬᠡ ᠤᠯᠤᠰ᠎ᠲᠤ ᠬᠤᠶᠠᠷ ᠪᠠᠶ᠋ᠢᠭᠤᠯᠤᠯ᠎ᠢ ᠭᠡᠷᠡᠭᠵᠢᠬᠦᠯᠬᠦ》 ᠤᠢ᠍ᠢ᠍ᠯᠡᠰ᠎ᠤᠨ ᠬᠦᠭᠵᠢᠯᠳᠠ ᠵᠢᠨ ᠰᠢᠨ᠎ᠠ ᠤᠢ᠍ᠢ᠍ᠯᠡᠳᠤᠯᠬᠡ ᠵᠢ ᠪᠠᠶᠠᠯᠢᠬ᠍ᠵᠢᠭᠤᠯᠵᠤ᠂ ᠨᠡᠶ᠋ᠢᠬᠡᠮ ᠵᠢᠷᠤᠮ᠎ᠤᠨ ᠤᠳᠤᠬᠢᠴᠢᠯᠠᠯᠳᠠ ᠵᠢ ᠤᠷᠢᠳ ᠵᠶ᠋ᠠᠷ ᠪᠡᠶᠡᠯᠡᠬᠦᠯᠬᠦ ᠭᠡᠷᠡᠭᠳᠠᠢ᠃ ᠨᠢᠬᠡᠳᠤᠬᠡᠷ᠎ᠲᠤ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠡᠷᠡᠰ ᠭᠤᠶ᠋ᠢᠪᠢᠰᠢ ᠦᠬᠡᠢ᠎ᠪᠠᠷ ᠲᠤᠭᠤᠰᠢᠯᠠᠭᠤᠯᠬᠤ ᠭᠡᠷᠡᠭᠳᠠᠢ᠃ ᠬᠠᠩᠭ᠋ᠠᠯᠭ᠎ᠠ ᠵᠢᠨ ᠲᠠᠯ᠎ᠠ ᠵᠢᠨ ᠪᠦᠳᠤᠴᠠ ᠵᠢᠨ ᠴᠢᠨᠠᠷᠳᠠᠢ ᠦᠬᠡᠷᠡᠴᠢᠯᠠᠯᠳᠠ ᠵᠢᠨ ᠡᠨᠡ ᠬᠦ᠌ ᠭᠤᠤᠯ ᠰᠢᠵᠢᠮ᠎ᠢ ᠪᠠᠷᠢᠮᠳᠠᠯᠠᠵᠤ᠂ ᠰᠢᠨ᠎ᠠ ᠵᠢ ᠡᠬᠦᠳᠬᠦ᠎ᠪᠠᠷ ᠬᠦᠳᠡᠯᠬᠡᠬᠦᠷ ᠪᠤᠯᠭ᠋ᠠᠬᠤ ᠬᠦᠭᠵᠢᠯᠳᠠ ᠵᠢᠨ ᠪᠠᠶ᠋ᠢᠯᠳᠤᠬᠤ ᠪᠤᠳᠤᠯᠭ᠎ᠠ ᠵᠢ ᠡᠷᠡᠰ ᠭᠤᠶ᠋ᠢᠪᠢᠰᠢ ᠦᠬᠡᠢ ᠭᠡᠷᠡᠭᠵᠢᠬᠦᠯᠵᠤ᠂ ᠰᠠᠭᠤᠷᠢ ᠰᠤᠳᠤᠯᠭ᠋ᠠᠨ ᠪᠤᠯᠤᠨ ᠭᠡᠷᠡᠭᠯᠡᠬᠡᠨᠤ ᠰᠠᠭᠤᠷᠢ ᠰᠤᠳᠤᠯᠭ᠋ᠠᠨ᠎ᠤ ᠤᠷᠤᠭᠤᠯᠤᠯᠳᠠ ᠵᠢᠨ ᠡᠷᠴᠢᠮ᠎ᠢ ᠴᠢᠩᠭ᠋ᠠᠷᠠᠭᠤᠯᠵᠤ᠂ ᠰᠢᠨ᠎ᠠ ᠬᠦᠳᠡᠯᠬᠡᠬᠦ ᠡᠨᠧᠷᠬᠢ ᠵᠢ ᠪᠤᠶ᠋ᠢᠵᠢᠭᠤᠯᠤᠨ᠂ ᠰᠢᠨ᠎ᠠ ᠪᠠᠶ᠋ᠢᠷᠢ ᠵᠢᠨ ᠡᠨᠧᠷᠬᠢ ᠵᠢ ᠲᠡᠭᠡᠭᠰᠢᠯᠡᠬᠦᠯᠬᠦ ᠭᠡᠷᠡᠭᠳᠠᠢ᠃ ᠤᠳᠤ ᠦᠶ᠎ᠠ ᠵᠢᠨ ᠤᠢ᠍ᠢ᠍ᠯᠡᠴᠢᠯᠡᠬᠡᠨ᠎ᠤ ᠤᠢ᠍ᠢ᠍ᠯᠡᠰᠢ ᠶᠡᠭᠡ᠎ᠪᠠᠷ ᠬᠦᠭᠵᠢᠬᠦᠯᠵᠤ᠂ ᠤᠢ᠍ᠢ᠍ᠯᠡᠴᠢᠯᠡᠬᠡᠨ᠎ᠤ ᠤᠢ᠍ᠢ᠍ᠯᠡᠰ᠎ᠤᠨ ᠬᠦᠭᠵᠢᠯᠳᠠ ᠵᠢᠨ ᠲᠡᠰ ᠴᠢᠳᠠᠪᠤᠷᠢ ᠪᠤᠯᠤᠨ ᠦᠷᠢᠰᠤᠯᠳᠤᠬᠦ ᠬᠦᠴᠤᠨ᠎ᠢ ᠲᠡᠭᠡᠭᠰᠢᠯᠡᠬᠦᠯᠬᠦ ᠭᠡᠷᠡᠭᠳᠠᠢ᠃ ᠨᠡᠩ ᠨᠡᠭᠡᠭᠡᠯᠳᠡᠳᠠᠢ ᠴᠢᠳᠠᠪᠤᠷᠢᠳᠠᠨ᠎ᠤ ᠲᠦᠷᠤ ᠵᠢᠨ ᠪᠤᠳᠤᠯᠭ᠎ᠠ ᠵᠢ ᠭᠡᠷᠡᠭᠵᠢᠬᠦᠯᠵᠤ᠂ ᠲᠡᠯᠡᠬᠡᠢ ᠳ᠋ᠠᠬᠢᠨ᠎ᠤ ᠡᠷᠳᠡᠮᠳᠡᠨ ᠴᠢᠳᠠᠪᠤᠷᠢᠳᠡᠨ᠎ᠢ ᠴᠤᠬᠯᠠᠭᠤᠯᠤᠨ ᠬᠡᠷᠡᠭᠯᠡᠬᠦ ᠭᠡᠷᠡᠭᠳᠠᠢ᠃ ᠬᠤᠶᠠᠳᠤᠭ᠋ᠠᠷ᠎ᠲᠤ᠂ ᠴᠠᠬ ᠦᠶ᠎ᠠ ᠵᠢ᠎ᠲᠠᠭᠠᠨ ᠪᠦᠬᠦ ᠲᠠᠯ᠎ᠠ᠎ᠪᠠᠷ ᠤᠷᠤᠬᠰᠢᠯᠠᠵᠤ ᠦᠬᠡᠷᠡᠴᠢᠯᠠᠯᠳᠠ ᠵᠢ ᠪᠦᠬᠦ ᠲᠠᠯ᠎ᠠ᠎ᠪᠠᠷ ᠬᠦᠨᠵᠡᠬᠡᠶ᠋ᠢᠷᠡᠬᠦᠯᠬᠦ ᠭᠡᠷᠡᠭᠳᠠᠢ᠃ ᠨᠠᠮ᠎ᠤᠨ ᠲᠦᠪ ᠬᠤᠷᠢᠶ᠎ᠠ᠎ᠠᠴᠠ ᠬᠦᠨᠵᠡᠬᠡᠢ ᠰᠤᠳᠤᠯᠤᠭ᠋ᠠᠳ᠂ ᠱᠧᠨᠵᠧᠨ᠎ᠤ᠎ᠬᠢᠨ ᠶᠠᠷᠤᠩᠬᠡᠶ᠋ᠢᠯᠡᠭᠰᠡᠨ ᠦᠬᠡᠷᠡᠴᠢᠯᠠᠯᠳᠠ ᠵᠢᠨ ᠲᠤᠷᠰᠢᠯᠳᠠ ᠵᠢ ᠭᠡᠷᠡᠭᠵᠢᠬᠦᠯᠬᠦ ᠵᠢ ᠲᠡᠮᠵᠢᠵᠤ᠂ ᠨᠠᠷᠢᠨ ᠲᠠᠩᠰᠠ ᠪᠠ ᠪᠦᠬᠡᠮ ᠵᠶ᠋ᠠᠷ ᠡᠷᠬᠡ ᠤᠯᠭᠤᠬᠤ ᠠᠷᠭ᠎ᠠ᠎ᠪᠠᠷ ᠱᠧᠨᠵᠧᠨ᠎ᠳᠤ ᠴᠢᠬᠤᠯᠠ ᠬᠦᠷᠢᠶ᠎ᠠ ᠪᠤᠯᠤᠨ ᠵᠠᠩᠬᠢᠯᠠᠭ᠎ᠠ ᠵᠢᠨ ᠭᠤᠬ᠍ᠴᠤᠭ᠎ᠠ ᠵᠢᠨ ᠦᠬᠡᠷᠡᠴᠢᠯᠠᠯᠳᠠ ᠵᠢᠨ ᠲᠠᠯ᠎ᠠ᠎ᠪᠠᠷ ᠨᠡᠩ ᠤᠯᠠᠨ ᠡᠵᠡᠨ ᠮᠡᠳᠡᠬᠦ ᠡᠷᠬᠡ ᠤᠯᠭᠤᠪᠠ᠃ ᠱᠧᠨᠵᠧᠨ᠎ᠤ ᠠᠵᠤ ᠠᠬᠤᠢ ᠵᠢᠨ ᠤᠨᠴᠠᠭ᠋ᠠᠢ ᠤᠷᠤᠨ᠎ᠨᠢ ᠬᠠᠷᠢᠭᠤᠴᠠᠯᠭ᠎ᠠ ᠡᠬᠦᠷᠬᠡᠯᠠᠵᠤ᠂ ᠵᠦᠪ ᠴᠢᠭᠯᠡᠯ᠎ᠢ ᠪᠠᠳᠤ ᠡᠵᠡᠮᠳᠡᠵᠤ᠂ ᠴᠢᠬᠤᠯᠠ ᠬᠦᠷᠢᠶᠠᠨ᠎ᠳᠤ ᠨᠢᠭᠡ ᠪᠦᠯᠦᠭ ᠴᠢᠬᠤᠯᠠ ᠶᠡᠭᠡ ᠦᠬᠡᠷᠡᠴᠢᠯᠠᠯᠳᠠ ᠵᠢᠨ ᠠᠷᠭ᠎ᠠ ᠬᠡᠮᠵᠢᠶ᠎ᠠ ᠭᠠᠷᠭ᠋ᠠᠬᠤ᠎ᠪᠠᠷ ᠴᠢᠷᠮᠠᠶ᠋ᠢᠬᠤ ᠭᠡᠷᠡᠭᠳᠠᠢ᠃ ᠭᠤᠷᠪᠠᠳᠤᠭ᠋ᠠᠷ᠎ᠲᠤ᠂ ᠵᠤᠷᠢᠬᠳᠠᠢ᠎ᠪᠠᠷ ᠵᠠᠮ ᠨᠡᠬᠡᠬᠡᠵᠦ ᠨᠡᠬᠡᠬᠡᠯᠳᠠ ᠵᠢ ᠪᠦᠬᠦ ᠲᠠᠯ᠎ᠠ᠎ᠪᠠᠷ ᠦᠷᠬᠡᠳᠬᠡᠬᠦ ᠭᠡᠷᠡᠭᠳᠠᠢ᠃ ᠤᠢ᠍ᠢ᠍ᠯᠡᠳᠪᠤᠷᠢᠯᠡᠯ᠂ ᠬᠤᠪᠢᠶᠠᠷᠢᠯᠠᠯᠳᠠ᠂ ᠬᠦᠢ᠍ᠯᠬᠡᠬᠡ᠂ ᠭᠡᠷᠡᠭᠯᠡᠬᠡᠨᠤ ᠰᠢᠰᠲ᠋ᠧᠮ᠎ᠢ ᠰᠢᠯᠢᠳᠡᠭᠵᠢᠬᠦᠯᠤᠨ ᠲᠡᠰ ᠲᠡᠪᠰᠢᠬᠦᠯᠵᠤ᠂ ᠤᠯᠤᠰ᠎ᠤᠨ ᠳᠤᠳᠤᠭ᠋ᠠᠳᠤ ᠵᠢᠨ ᠶᠡᠭᠡ ᠤᠷᠴᠢᠯ᠎ᠢ ᠰᠢᠯᠤᠭᠤᠳᠬᠠᠬᠤ ᠪᠠ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠬᠤᠤᠰ ᠤᠷᠴᠢᠯ᠎ᠢ ᠨᠡᠪᠳᠡᠷᠡᠬᠦᠯᠬᠦ ᠴᠢᠳᠠᠪᠤᠷᠢ᠎ᠪᠠᠨ ᠴᠢᠩᠭ᠋ᠠᠳᠬᠠᠵᠤ᠂ ᠲᠦᠷᠢᠮ ᠪᠠᠷᠢᠮᠵᠢᠶ᠎ᠠ ᠵᠡᠷᠬᠡ ᠲᠦᠷᠢᠮ᠎ᠳᠤ ᠨᠡᠬᠡᠬᠡᠯᠳᠠ ᠵᠢ ᠲᠦᠷᠬᠡᠨ ᠠᠬᠢᠭᠤᠯᠵᠤ᠂ ᠨᠡᠩ ᠦᠨᠳᠤᠷ ᠲᠦᠪᠰᠢᠨ᠎ᠲᠠᠢ ᠨᠡᠬᠡᠬᠡᠯᠳᠡᠳᠤ ᠮᠠᠶᠢᠬ᠎ᠤᠨ ᠠᠵᠤ ᠠᠬᠤᠢ ᠵᠢᠨ ᠰᠢᠨ᠎ᠠ ᠪᠠᠶ᠋ᠢᠭᠤᠯᠤᠮᠵᠢ ᠵᠢ ᠡᠩ ᠲᠡᠷᠢᠬᠦᠨ᠎ᠳᠤ ᠪᠠᠶ᠋ᠢᠭᠤᠯᠬᠤ ᠭᠡᠷᠡᠭᠳᠠᠢ᠃ 《ᠨᠢᠬᠡ ᠪᠦᠰᠠ ᠨᠢᠬᠡ ᠵᠠᠮ》 ᠲᠠᠭ᠋ᠠᠤ ᠵᠢᠨ ᠤᠯᠤᠰ ᠪᠤᠯᠤᠨ ᠭᠠᠵᠠᠷ ᠤᠷᠤᠨ᠎ᠯᠤᠭ᠎ᠠ ᠤᠯᠠᠨ ᠲᠠᠪᠬᠤᠷᠭ᠎ᠠ᠂ ᠤᠯᠠᠨ ᠬᠦᠷᠢᠶ᠎ᠠ ᠵᠢᠨ ᠪᠤᠳᠠᠳᠠᠢ ᠵᠢ ᠡᠷᠬᠢᠮᠯᠡᠬᠦ ᠬᠠᠮᠳᠤᠷᠠᠯᠴᠠᠭ᠎ᠠ ᠦᠷᠨᠢᠬᠦᠯᠬᠦ ᠵᠢ ᠴᠢᠩᠭ᠋ᠠᠳᠬᠠᠬᠤ ᠭᠡᠷᠡᠭᠳᠠᠢ᠃ ᠲᠦᠷᠪᠡᠳᠤᠭᠡᠷ᠎ᠲᠤ᠂ ᠰᠢᠨ᠎ᠠ ᠵᠢ ᠡᠬᠦᠳᠬᠦ ᠰᠡᠳᠬᠢᠬᠦᠢ᠎ᠪᠠᠷ ᠬᠤᠳᠠ ᠵᠢᠨ ᠵᠠᠰᠠᠯᠳᠠ ᠵᠢᠨ ᠰᠢᠰᠲ᠋ᠧᠮ ᠪᠤᠯᠤᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ ᠭᠡᠷᠡᠭᠳᠠᠢ᠃ ᠪᠦᠬᠦ ᠦᠶᠡᠯᠡᠯ᠎ᠤᠨ ᠬᠤᠭᠤᠴᠠᠭ᠎ᠠ ᠵᠢᠨ ᠬᠠᠮᠢᠶᠠᠷᠤᠯᠳᠠ ᠵᠢᠨ ᠤᠬᠠᠮᠰᠠᠷ᠎ᠢ ᠪᠤᠢ ᠪᠤᠯᠭ᠋ᠠᠵᠦ᠂ ᠬᠤᠳᠠ ᠵᠢᠨ ᠵᠠᠰᠠᠯᠳᠠ ᠵᠢᠨ ᠰᠢᠰᠲ᠋ᠧᠮ ᠪᠤᠯᠤᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠲᠦᠷᠬᠡᠳᠭᠡᠨ ᠠᠬᠢᠭᠤᠯᠵᠤ᠂ ᠬᠡᠳᠦ ᠲᠤᠮᠤ ᠬᠤᠳᠠ ᠵᠢᠨ ᠤᠨᠴᠠᠯᠢᠬ ᠪᠤᠯᠤᠨ ᠵᠢᠮ᠎ᠠ ᠶᠤᠰᠤᠳᠤ ᠲᠤᠬᠢᠷᠠᠬᠤ ᠵᠠᠰᠠᠯᠳᠠ ᠵᠢᠨ ᠰᠢᠨ᠎ᠠ ᠵᠠᠮ ᠵᠶ᠋ᠠᠷ ᠴᠢᠷᠮᠠᠶ᠋ᠢᠨ ᠵᠠᠮᠨᠠᠬᠤ ᠭᠡᠷᠡᠭᠳᠠᠢ᠃ ᠲᠠᠪᠤᠳᠤᠭ᠋ᠠᠷ᠎ᠲᠤ᠂ ᠦᠨᠡᠨ ᠬᠦ᠌ ᠠᠳᠬᠤᠵᠤ ᠪᠤᠳᠠᠳᠠᠢ ᠬᠢᠵᠤ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠠ ᠵᠢᠨ ᠦᠵᠡᠯ ᠰᠠᠨᠠᠭ᠎ᠠ ᠵᠢ ᠤᠢ᠍ᠢ᠍ᠯᠡᠳᠤᠯᠬᠡᠵᠢᠬᠦᠯᠬᠦ ᠭᠡᠷᠡᠭᠳᠠᠢ᠃ ᠨᠡᠩ ᠤᠯᠠᠨ ᠦᠬᠡᠷᠡᠴᠢᠯᠠᠯᠳᠠ ᠬᠢᠵᠤ ᠰᠢᠨ᠎ᠠ ᠵᠢ ᠡᠬᠦᠳᠬᠦ ᠰᠢᠨ᠎ᠡ ᠠᠷᠭ᠎ᠠ ᠬᠡᠮᠵᠢᠶ᠎ᠠ ᠵᠢ ᠲᠤᠭᠳᠠᠭ᠋ᠠᠵᠤ᠂ ᠠᠵᠢᠯ ᠤᠯᠭᠤᠯᠳᠠ᠂ ᠰᠤᠷᠭ᠋ᠠᠨ ᠬᠦᠮᠤᠵᠢᠯ᠂ ᠡᠮ ᠡᠮᠨᠡᠯᠬᠡ᠂ ᠨᠡᠶ᠋ᠢᠬᠡᠮ᠎ᠤᠨ ᠲᠠᠭ᠋ᠠᠳᠬᠠᠯ᠂ ᠤᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠢᠳᠡᠬᠡᠨ᠎ᠤ ᠠᠮᠤᠷ ᠲᠦᠪᠰᠢᠨ᠂ ᠠᠮᠢ ᠠᠬᠤᠢ ᠤᠷᠴᠢᠨ ᠲᠤᠭᠤᠷᠢᠨ᠂ ᠨᠡᠶ᠋ᠢᠬᠡᠮ᠎ᠤᠨ ᠠᠮᠤᠷ᠎ᠢ ᠬᠠᠮᠠᠭ᠋ᠠᠯᠠᠬᠤ ᠵᠡᠷᠬᠡ ᠠᠰᠠᠭᠤᠳᠠᠯ᠎ᠢ ᠨᠢᠬᠡᠳ ᠨᠢᠬᠡ᠎ᠪᠠᠷ ᠰᠠᠶ᠋ᠢᠳᠤᠷ ᠰᠢᠢ᠍ᠳᠪᠤᠷᠢᠯᠡᠵᠤ᠂ ᠠᠷᠠᠳ ᠤᠯᠠᠨ᠎ᠤ ᠬᠦᠷᠳᠡᠮᠵᠢ ᠵᠢᠨ ᠲᠦᠷᠦᠭᠳᠡᠯ᠎ᠢ ᠨᠡᠩ ᠬᠦᠢ᠍ᠴᠡᠳ᠂ ᠵᠢᠷᠭ᠋ᠠᠯᠳᠤ ᠲᠦᠷᠦᠭᠳᠡᠯ᠎ᠢ ᠨᠡᠩ ᠦᠷᠬᠦᠯᠵᠢᠯᠠᠯ᠎ᠲᠠᠢ᠂ ᠠᠮᠤᠷ ᠲᠦᠪᠰᠢᠨ᠎ᠤ ᠲᠦᠷᠦᠭᠳᠡᠯ᠎ᠢ ᠨᠡᠩ ᠪᠠᠳᠤᠯᠠᠭ᠎ᠠ᠎ᠲᠠᠢ ᠪᠤᠯᠭ᠋ᠠᠬᠤ᠎ᠪᠠᠷ ᠴᠢᠷᠮᠠᠶ᠋ᠢᠬᠤ ᠭᠡᠷᠡᠭᠳᠠᠢ᠃ ᠠᠷᠠᠳ ᠤᠯᠠᠨ᠎ᠤ ᠡᠭᠦᠳᠦᠨ ᠪᠦᠳᠦᠭᠡᠬᠦ ᠵᠤᠷᠢᠬ ᠰᠠᠨᠠᠭ᠎ᠠ ᠵᠢ ᠬᠦᠨᠳᠤᠳᠬᠡᠵᠤ᠂ ᠠᠷᠠᠳ ᠤᠯᠠᠨ᠎ᠤ ᠲᠤᠮᠳᠠ᠎ᠠᠴᠠ ᠠᠵᠤ ᠠᠬᠤᠢ ᠵᠢᠨ ᠤᠨᠴᠠᠭ᠋ᠠᠢ ᠤᠷᠤᠨ᠎ᠤ ᠬᠦᠭᠵᠢᠯᠳᠠ ᠵᠢᠨ ᠰᠢᠨ᠎ᠠ ᠵᠢ ᠡᠬᠦᠳᠬᠦ ᠡᠬᠦᠳᠤᠨ ᠪᠦᠳᠤᠬᠡᠬᠦ ᠠᠮᠢᠵᠢᠷᠠᠯ᠎ᠤᠨ ᠬᠦᠴᠤᠨ᠎ᠢ ᠲᠠᠰᠤᠷᠠᠯᠳᠠ ᠦᠬᠡᠢ ᠤᠯᠬᠤ ᠭᠡᠷᠡᠭᠳᠠᠢ᠃ ᠵᠢᠷᠭᠤᠭ᠎ᠠ᠎ᠳᠤ᠂ ᠢᠳᠡᠪᠬᠢᠳᠠᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠵᠤ ᠭᠤᠸᠠᠩᠳᠦ᠋ᠩ ᠰᠢᠶᠠᠩᠭ᠋ᠠᠩ ᠤᠤᠮᠧᠨ᠎ᠤ ᠲᠤᠮᠤ ᠪᠤᠯᠤᠩ᠎ᠤᠨ ᠤᠷᠤᠨ᠎ᠤ ᠪᠦᠳᠤᠬᠡᠨ ᠪᠠᠶ᠋ᠢᠭᠤᠯᠤᠯᠳᠠ ᠵᠢ ᠬᠦᠨᠵᠡᠬᠡᠢ ᠠᠬᠢᠭᠤᠯᠬᠤ ᠭᠡᠷᠡᠭᠳᠠᠢ᠃ ᠭᠤᠸᠠᠩᠳᠦ᠋ᠩ ᠰᠢᠶᠠᠩᠭ᠋ᠠᠩ ᠤᠤᠮᠧᠨ᠎ᠤ ᠲᠤᠮᠤ ᠪᠤᠯᠤᠩ᠎ᠤᠨ ᠤᠷᠤᠨ᠎ᠤ ᠪᠦᠳᠤᠬᠡᠨ ᠪᠠᠶ᠋ᠢᠭᠤᠯᠤᠯᠳᠠ ᠵᠢᠨ ᠴᠢᠬᠤᠯᠠ ᠶᠡᠭᠡ ᠲᠡᠤᠬᠡ ᠵᠢᠨ ᠠᠵᠠ ᠲᠤᠬᠢᠶᠠᠯ᠎ᠢ ᠠᠮᠵᠢᠵᠤ᠂ ᠭᠤᠷᠪᠠᠨ ᠤᠷᠤᠨ᠎ᠤ ᠠᠵᠤ ᠠᠬᠤᠢ ᠵᠢᠨ ᠠᠵᠢᠯᠯᠠᠭ᠋ᠠᠨ᠎ᠤ ᠲᠦᠷᠢᠮ᠎ᠤᠨ ᠵᠤᠯᠭ᠋ᠠᠯᠴᠠᠭ᠎ᠠ᠂ ᠲᠤᠭᠳᠠᠴᠠ ᠵᠢᠨ ᠵᠤᠯᠭ᠋ᠠᠯᠴᠠᠭ᠎ᠠ ᠵᠢ ᠠᠬᠢᠭᠤᠯᠵᠤ᠂ ᠵᠠᠬ᠎ᠠ ᠲᠡᠯᠬᠡᠬᠦᠷ᠎ᠤᠨ ᠨᠢᠬᠡ ᠴᠤᠬ᠍ᠴᠠᠵᠢᠭᠤᠯᠬᠤ ᠲᠦᠪᠰᠢᠨ᠎ᠢ ᠲᠡᠭᠡᠭᠰᠢᠯᠡᠬᠦᠯᠬᠦ ᠭᠡᠷᠡᠭᠳᠠᠢ᠃ ᠰᠢᠶᠠᠩᠭ᠋ᠠᠩ ᠤᠤᠮᠧᠨ ᠲᠠᠶ᠋ᠢᠸᠠᠨ᠎ᠤ ᠠᠬ᠎ᠠ ᠲᠡᠬᠦᠤ ᠨᠠᠷ ᠪᠤᠯᠤᠨ ᠭᠠᠳᠠᠭ᠋ᠠᠳᠤ᠎ᠳᠤ ᠪᠠᠶ᠋ᠢᠭ᠎ᠠ ᠲᠤᠮᠳᠠᠳᠤ ᠵᠢᠨ ᠬᠠᠷᠢᠶᠠᠳᠤ ᠵᠢᠨ ᠪᠡᠯᠡ ᠤᠷᠤᠭᠤᠯᠵᠤ ᠠᠳᠠᠯ ᠤᠢ᠍ᠢ᠍ᠯᠡᠰ ᠪᠤᠰᠬᠠᠬᠤ᠂ ᠬᠤᠤᠰ ᠴᠢᠭᠯᠡᠯ ᠵᠶ᠋ᠠᠷ ᠨᠡᠬᠡᠬᠡᠯᠳᠠ ᠬᠢᠬᠦ ᠴᠢᠬᠤᠯᠠ ᠤᠢ᠍ᠢ᠍ᠯᠡᠳᠤᠯ᠎ᠢ ᠬᠦᠢ᠍ᠴᠡᠳ ᠪᠠᠳᠠᠷᠠᠭᠤᠯᠬᠤ ᠵᠢ ᠦᠷᠬᠦᠯᠵᠢᠯᠡᠨ ᠵᠤᠷᠢᠬ᠍ᠵᠢᠭᠤᠯᠵᠦ ᠬᠦᠳᠦᠯᠦᠨ ᠵᠢᠯᠤᠭᠤᠳᠴᠦ᠂ ᠠᠵᠤ ᠠᠬᠤᠢ ᠵᠢᠨ ᠤᠨᠴᠠᠭ᠋ᠠᠢ ᠤᠷᠤᠨ᠎ᠤ ᠬᠦᠭᠵᠢᠯᠳᠠ᠎ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠠᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠦᠨᠤᠴᠢᠨ ᠴᠡᠴᠡᠭ ᠭᠠᠭᠴᠠᠭ᠋ᠠᠷ ᠲᠡᠯᠭᠡᠷᠡᠭᠡᠳ ᠬᠠᠪᠤᠷᠲᠤᠷ ᠦᠯᠦ ᠲᠤᠭ᠋ᠠᠴᠠᠬᠳᠠᠨᠠᠮ᠂ ᠦᠨᠢᠷ ᠴᠡᠴᠡᠭ ᠮᠢᠷᠠᠯᠵᠠᠨ ᠲᠡᠯᠭᠡᠷᠡᠪᠡᠯ ᠰᠠᠶᠢ ᠬᠠᠪᠤᠷ᠎ᠤᠨ ᠦᠵᠡᠮᠵᠢ ᠪᠦᠷᠢᠳᠤᠮᠤᠢ᠃ ᠪᠢᠳᠠ ᠬᠠᠷᠢᠯᠴᠠᠨ ᠠᠰᠢᠭᠲᠠᠢ ᠬᠠᠮᠳᠤ᠎ᠪᠠᠷ ᠠᠰᠢᠭ ᠬᠦᠷᠳᠡᠭᠡᠬᠦ ᠨᠡᠭᠡᠭᠡᠯᠳᠠᠳᠤ ᠪᠠᠶ᠋ᠢᠯᠳᠤᠬᠤ ᠪᠤᠳᠤᠯᠭ᠎ᠠ ᠵᠢ ᠡᠷᠡᠰ ᠭᠤᠶ᠋ᠢᠪᠢᠰᠢ ᠦᠭᠡᠢ ᠭᠡᠷᠡᠭᠵᠢᠬᠦᠯᠵᠤ᠂ ᠲᠡᠯᠡᠭᠡᠢ ᠳ᠋ᠡᠬᠢᠨ᠎ᠠᠴᠠ ᠬᠦᠭᠵᠢᠯᠳᠠ ᠵᠢᠨ ᠬᠦᠳᠡᠯᠭᠡᠬᠦ ᠬᠦᠴᠤᠨ᠎ᠢ ᠰᠢᠩᠭᠡᠭᠡᠬᠦ ᠪᠦᠭᠡᠳ ᠪᠠᠰᠠ ᠲᠤᠮᠳᠠᠳᠤ ᠤᠯᠤᠰ᠎ᠤᠨ ᠬᠦᠭᠵᠢᠯᠳᠠ᠎ᠪᠠᠷ ᠲᠡᠯᠡᠭᠡᠢ ᠳ᠋ᠠᠬᠢᠨ᠎ᠳᠤ ᠨᠡᠩ ᠰᠠᠶ᠋ᠢᠨ ᠠᠰᠢᠭ ᠬᠦᠷᠳᠡᠭᠡᠬᠦ ᠬᠡᠷᠡᠭᠳᠠᠢ᠃ ᠠᠵᠤ ᠠᠬᠤᠢ ᠵᠢᠨ ᠤᠨᠴᠠᠭ᠋ᠠᠢ ᠤᠷᠤᠨ ᠪᠠᠶ᠋ᠢᠭᠤᠯᠤᠬᠳᠠᠬᠰᠡᠨ 40 ᠵᠢᠯ᠎ᠤᠨ ᠦᠢ᠍ᠯᠡᠳᠦᠯᠭᠡ᠎ᠨᠢ ᠲᠡᠯᠡᠭᠡᠢ ᠵᠢᠨ ᠡᠯ᠎ᠡ ᠤᠯᠤᠰ᠎ᠤᠨ ᠬᠠᠮᠳᠤ ᠵᠢᠨ ᠤᠷᠤᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠂ ᠲᠡᠷᠡᠴᠢᠯᠡᠨ ᠡᠯ᠎ᠡ ᠤᠯᠤᠰ᠎ᠲᠤ ᠦᠷᠭᠡᠨ ᠠᠭᠤᠳᠠᠮ ᠬᠦᠭᠵᠢᠯᠳᠠ ᠵᠢᠨ ᠤᠷᠤᠨ ᠵᠠᠢ ᠵᠢ ᠬᠠᠨᠭ᠌ᠭ᠋ᠠᠵᠤ᠂ ᠬᠦᠭᠵᠢᠯᠳᠠ ᠵᠢᠨ ᠠᠰᠢᠭ ᠲᠤᠰᠠ᠎ᠪᠠᠨ ᠬᠤᠪᠢᠶᠠᠯᠴᠠᠪᠠ᠃ ᠲᠡᠯᠡᠭᠡᠢ ᠵᠢᠨ ᠡᠯ᠎ᠡ ᠤᠯᠤᠰ ᠲᠤᠮᠳᠠᠳᠤ ᠤᠯᠤᠰ᠎ᠤᠨ ᠠᠵᠤ ᠠᠬᠤᠢ ᠵᠢᠨ ᠤᠨᠴᠠᠭ᠋ᠠᠢ ᠤᠷᠤᠨ᠎ᠤ ᠦᠭᠡᠷᠡᠴᠢᠯᠡᠯᠳᠠ ᠨᠡᠭᠡᠭᠡᠯᠳᠠ ᠬᠦᠭᠵᠢᠯᠳᠠ᠎ᠳᠤ ᠨᠡᠩ ᠤᠯᠠᠨ ᠤᠷᠤᠯᠴᠠᠵᠤ᠂ ᠬᠠᠮᠳᠤ᠎ᠪᠠᠷ ᠵᠦᠪᠳᠡᠯᠴᠡᠵᠤ ᠬᠠᠮᠳᠤ᠎ᠪᠠᠷ ᠪᠠᠶ᠋ᠢᠭᠤᠯᠵᠤ ᠬᠠᠮᠳᠤ᠎ᠪᠠᠷ ᠡᠳ᠋ᠯᠡᠬᠦ ᠰᠢᠨ᠎ᠡ ᠪᠠᠶ᠋ᠢᠷᠢᠰᠢᠯ᠎ᠢ ᠪᠠᠶ᠋ᠢᠭᠤᠯᠬᠤ ᠵᠢ ᠪᠠᠶᠠᠷᠯᠡᠨ ᠤᠬᠳᠤᠵᠤ ᠪᠠᠶ᠋ᠢᠨ᠎ᠡ ᠭᠡᠵᠤ ᠴᠢᠬᠤᠯᠠᠴᠢᠯᠠᠪᠠ᠃
ᠰᠢ ᠵᠢᠨ ᠫᠢᠩ᠂ ᠠᠵᠤ ᠠᠬᠤᠢ ᠵᠢᠨ ᠤᠨᠴᠠᠭ᠋ᠠᠢ ᠤᠷᠤᠨ ᠦᠭᠡᠷᠡᠴᠢᠯᠡᠯᠳᠠ ᠨᠡᠭᠡᠭᠡᠯᠳᠠ ᠵᠢᠨ ᠬᠠᠮᠤᠭ᠎ᠤᠨ ᠡᠮᠤᠨ᠎ᠡ ᠡᠩᠨᠡᠭᠡᠨ᠎ᠳᠤ ᠪᠠᠶ᠋ᠢᠬᠤ ᠪᠤᠯᠬᠤᠷ᠂ ᠨᠠᠮ᠎ᠤᠨ ᠪᠦᠬᠦ ᠲᠠᠯ᠎ᠡ ᠵᠢᠨ ᠤᠳᠤᠷᠢᠳᠤᠯᠭ᠎ᠠ ᠪᠠ ᠨᠠᠮ᠎ᠤᠨ ᠪᠠᠶ᠋ᠢᠭᠤᠯᠤᠯᠳᠠ ᠵᠢ ᠴᠢᠩᠭ᠋ᠠᠳᠬᠠᠬᠤ ᠲᠠᠯ᠎ᠠ᠎ᠪᠠᠷ ᠨᠡᠩ ᠦᠨᠳᠤᠷ ᠱᠠᠭ᠋ᠠᠷᠳᠠᠯᠭ᠎ᠠ᠎ᠲᠠᠢ ᠪᠠᠶ᠋ᠢᠭ᠎ᠠ ᠶᠤᠮ᠃ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠳᠠ ᠵᠢᠨ ᠶᠡᠷᠤᠩᠭᠡᠢ ᠱᠠᠭ᠋ᠠᠷᠳᠠᠯᠭ᠎ᠠ ᠵᠢ ᠬᠦᠨᠵᠡᠭᠡᠢ ᠲᠤᠭᠤᠰᠢᠯᠠᠭᠤᠯᠵᠤ᠂ ᠦᠭᠡᠷᠡᠴᠢᠯᠡᠯᠳᠠ ᠬᠢᠵᠦ ᠰᠢᠨ᠎ᠠ ᠵᠢ ᠡᠬᠦᠳᠬᠦ ᠵᠤᠷᠢᠭ ᠰᠠᠨᠠᠭ᠎ᠠ᠎ᠪᠠᠷ ᠨᠠᠮ᠎ᠤᠨ ᠪᠦᠬᠦ ᠲᠠᠯ᠎ᠡ ᠵᠢᠨ ᠤᠳᠤᠷᠢᠳᠤᠯᠭ᠎ᠠ ᠪᠠ ᠨᠠᠮ᠎ᠤᠨ ᠪᠠᠶ᠋ᠢᠭᠤᠯᠤᠯᠳᠠ ᠵᠢᠨ ᠲᠠᠯ᠎ᠡ᠎ᠪᠠᠷ ᠦᠯᠢᠭᠡᠷ ᠲᠠᠭᠤᠷᠢᠶᠠᠯ ᠦᠵᠡᠬᠦᠯᠬᠦ ᠭᠡᠷᠡᠭᠳᠠᠢ᠃ ᠦᠷᠭᠡᠨ ᠤᠯᠠᠨ ᠨᠠᠮ᠎ᠤᠨ ᠭᠡᠰᠢᠬᠦᠨ᠂ ᠺᠠᠳ᠋ᠷ ᠬᠦᠰᠡᠯᠡᠩ ᠢᠳᠡᠭᠡᠯ ᠪᠢᠰᠢᠷᠠᠯ ᠵᠶ᠋ᠠᠨ ᠪᠠᠳᠤᠳᠬᠠᠵᠤ᠂ ᠮᠡᠳᠡᠯᠭᠡ ᠤᠢ᠍ᠢ᠍ᠯᠠᠭ᠋ᠠᠬᠳᠠᠬᠤᠨ ᠵᠶ᠋ᠠᠨ ᠰᠢᠨᠡᠴᠢᠯᠡᠨ᠂ ᠴᠠᠭ᠋ᠠᠷᠠᠬᠰᠠᠨ ᠡᠷᠳᠡᠮ ᠴᠢᠳᠠᠪᠤᠷᠢ ᠵᠢ ᠡᠵᠡᠮᠰᠢᠵᠤ᠂ ᠤᠬᠠᠮᠰᠠᠷ᠎ᠠᠴᠠ᠎ᠪᠠᠨ ᠨᠠᠮ ᠪᠠ ᠤᠯᠤᠰ᠎ᠤᠨ ᠶᠡᠭᠡ ᠲᠠᠯ᠎ᠡ᠎ᠳᠤ ᠵᠤᠬᠰᠤᠨ ᠠᠰᠠᠭᠤᠳᠠᠯ᠎ᠢ ᠪᠤᠳᠤᠯᠬᠢᠯᠠᠨ᠂ ᠤᠴᠢᠷ ᠶᠠᠪᠤᠳᠠᠯ᠎ᠢ ᠰᠢᠢ᠍ᠳᠪᠤᠷᠢᠯᠡᠬᠦ ᠭᠡᠷᠡᠭᠳᠠᠢ᠃ ᠨᠠᠮ᠎ᠤᠨ ᠭᠡᠰᠢᠬᠦᠨ᠂ ᠺᠠᠳ᠋ᠷᠴᠤᠳ᠎ᠤᠨ ᠠᠵᠢᠯ ᠬᠢᠵᠤ ᠦᠢ᠍ᠯᠡᠰ ᠪᠤᠰᠬᠠᠬᠤ ᠬᠠᠯᠠᠭᠤᠨ ᠰᠡᠳᠬᠢᠯᠭᠡ ᠪᠠ ᠡᠷᠴᠢ ᠵᠤᠷᠢᠭ᠎ᠢ᠎ᠨᠢ ᠬᠦᠭᠵᠢᠭᠡᠬᠦ ᠭᠡᠷᠡᠭᠳᠠᠢ᠃ ᠴᠦᠬᠦᠷᠡᠰᠢ ᠦᠭᠡᠢ᠎ᠪᠠᠷ ᠰᠤᠷᠳᠠᠯ᠎ᠢ ᠲᠦᠪ ᠪᠤᠯᠭ᠋ᠠᠵᠤ ᠰᠠᠬᠢᠯᠭ᠎ᠠ ᠪᠠᠳᠤ ᠵᠢ ᠴᠢᠩᠳᠠᠯᠠᠨ᠂ ᠡᠷᠡᠰ ᠭᠤᠶ᠋ᠢᠪᠢᠰᠢ ᠦᠭᠡᠢ᠎ᠪᠠᠷ ᠢᠯᠵᠡᠷᠡᠯ᠎ᠢ ᠵᠠᠯᠬᠠᠭ᠋ᠠᠨ ᠰᠢᠢ᠍ᠳᠭᠡᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠡᠷᠡᠰ ᠡᠰᠡᠷᠬᠦᠴᠡᠨ᠂ ᠰᠤᠷᠳᠠᠯ ᠴᠢᠭᠡᠴᠢ ᠤᠪᠤᠷ ᠲᠦᠪ ᠰᠠᠶ᠋ᠢᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠪᠤᠢ ᠪᠤᠯᠭ᠋ᠠᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ ᠪᠤᠯ ᠪᠤᠳᠠᠰ᠎ᠤᠨ ᠪᠤᠯᠪᠠᠰᠤᠨ ᠪᠠ ᠤᠶᠤᠨ᠎ᠤ ᠪᠤᠯᠪᠠᠰᠤᠨ ᠪᠦᠬᠦ ᠲᠠᠯ᠎ᠡ᠎ᠪᠠᠷ ᠬᠦᠭᠵᠢᠭᠰᠡᠨ ᠨᠡᠶ᠋ᠢᠭᠡᠮ ᠵᠢᠷᠤᠮ ᠮᠦᠨ᠃ ᠠᠵᠤ ᠠᠬᠤᠢ ᠵᠢᠨ ᠤᠨᠴᠠᠭ᠋ᠠᠢ ᠤᠷᠤᠨ 《ᠬᠤᠶᠠᠷ ᠲᠠᠯ᠎ᠡ᠎ᠪᠠᠷ ᠠᠳᠬᠤᠬᠤ ᠪᠦᠭᠡᠳ ᠬᠤᠶᠠᠷ ᠲᠠᠯ᠎ᠡ ᠵᠢ ᠴᠦᠮ ᠴᠢᠩᠭ᠎ᠠ ᠠᠳᠬᠤᠬᠤ》 ᠵᠢ ᠪᠠᠷᠢᠮᠳᠠᠯᠠᠵᠤ᠂ ᠪᠤᠳᠠᠰ᠎ᠤᠨ ᠪᠤᠯᠪᠠᠰᠤᠨ᠎ᠤ ᠪᠠᠶ᠋ᠢᠭᠤᠯᠤᠯᠳᠠ ᠪᠠ ᠤᠶᠤᠨ᠎ᠤ ᠪᠤᠯᠪᠠᠰᠤᠨ᠎ᠤ ᠪᠠᠶ᠋ᠢᠭᠤᠯᠤᠯᠳᠠ᠎ᠳᠤ ᠰᠢᠯᠢᠳᠡᠭ ᠬᠠᠷᠢᠭᠤᠯᠳᠠ ᠵᠢᠨ ᠬᠠᠭᠤᠳᠠᠰᠤ ᠵᠢ ᠲᠤᠰᠢᠶᠠᠬᠤ ᠭᠡᠷᠡᠭᠳᠠᠢ᠃ ᠬᠦᠰᠡᠯᠡᠩ ᠢᠳᠡᠭᠡᠯ ᠪᠢᠰᠢᠷᠡᠯ᠎ᠤᠨ ᠬᠦᠮᠦᠵᠢᠯ᠎ᠢ ᠴᠢᠩᠭ᠋ᠠᠳᠬᠠᠨ᠂ ᠨᠡᠶ᠋ᠢᠭᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠵᠢ ᠪᠤᠶ᠋ᠢᠵᠢᠭᠤᠯᠤᠨ ᠦᠢ᠍ᠯᠡᠳᠦᠯᠭᠡᠵᠢᠬᠦᠯᠵᠤ᠂ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠷ ᠭᠤᠤᠯ ᠪᠤᠯᠭ᠋ᠠᠬᠰᠡᠨ ᠦᠨᠳᠤᠰᠤᠳᠡᠨ᠎ᠤ ᠵᠤᠷᠢᠭ ᠰᠠᠨᠠᠭ᠎ᠠ ᠪᠠ ᠦᠭᠡᠷᠡᠴᠢᠯᠡᠯᠳᠠ ᠬᠢᠵᠦ ᠰᠢᠨ᠎ᠡ ᠵᠢ ᠡᠬᠦᠳᠬᠦ᠎ᠪᠠᠷ ᠭᠤᠤᠯ ᠪᠤᠯᠭ᠋ᠠᠬᠰᠡᠨ ᠴᠠᠭ ᠦᠶ᠎ᠡ ᠵᠢᠨ ᠵᠤᠷᠢᠭ ᠰᠠᠨᠠᠭ᠎ᠠ ᠵᠢ ᠪᠠᠳᠠᠷᠠᠭᠤᠯᠤᠨ᠂ ᠵᠤᠷᠢᠬᠳᠠᠢ ᠬᠢᠵᠤ ᠵᠤᠷᠢᠬᠳᠠᠢ ᠲᠤᠷᠰᠢᠬᠤ᠂ ᠪᠤᠰᠤᠳ᠎ᠠᠴᠠ ᠵᠤᠷᠢᠬᠳᠠᠢ ᠲᠦᠷᠦᠬᠦᠯᠡᠬᠦ᠂ ᠰᠢᠷᠭ᠋ᠠᠭᠤ ᠬᠠᠳᠠᠭᠤᠵᠢᠯᠳᠠᠢ ᠠᠵᠢᠯᠯᠠᠬᠤ ᠤᠨᠴᠠᠭ᠋ᠠᠢ ᠤᠷᠤᠨ᠎ᠤ ᠵᠤᠷᠢᠭ ᠰᠠᠨᠠᠭ᠎ᠠ ᠵᠢ ᠦᠷᠬᠦᠯᠵᠢᠯᠡᠨ ᠪᠠᠳᠠᠷᠠᠭᠤᠯᠵᠤ᠂ ᠦᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠡ ᠵᠠᠯᠠᠭᠤᠴᠤᠳ ᠪᠠᠭ᠋ᠠᠴᠤᠳ᠎ᠢ ᠬᠦᠳᠤᠯᠤᠨ ᠲᠠᠭ᠋ᠠᠭᠤᠯᠵᠤ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠤᠨ ᠢᠳᠡᠭᠡᠯ᠂ ᠤᠨᠤᠯ᠎ᠤᠨ ᠢᠳᠡᠭᠡᠯ᠂ ᠪᠠᠶ᠋ᠢᠭᠤᠯᠤᠯ᠎ᠤᠨ ᠢᠳᠡᠭᠡᠯ᠂ ᠰᠤᠶᠤᠯ᠎ᠤᠨ ᠢᠳᠡᠭᠡᠯ᠎ᠢ ᠪᠠᠳᠤᠳᠬᠠᠬᠤ ᠭᠡᠷᠡᠭᠳᠠᠢ᠃ ᠤᠯᠠᠨ ᠲᠦᠮᠡᠨᠴᠢ ᠴᠢᠨᠠᠷᠳᠠᠢ ᠤᠶᠤᠨ᠎ᠤ ᠪᠤᠯᠪᠠᠰᠤᠨ᠎ᠤ ᠪᠠᠶ᠋ᠢᠭᠤᠯᠤᠯᠳᠠ ᠵᠢᠨ ᠠᠵᠢᠯᠯᠠᠭ᠎ᠠ ᠵᠢ ᠬᠦᠨᠵᠡᠭᠡᠢ ᠦᠷᠨᠢᠬᠦᠯᠵᠤ᠂ ᠠᠷᠠᠳ ᠲᠦᠮᠡᠨ᠎ᠤ ᠪᠤᠯᠪᠠᠰᠤᠨ ᠬᠡᠪ ᠰᠤᠷᠳᠠᠯ ᠪᠠ ᠨᠡᠶ᠋ᠢᠭᠡᠮ᠎ᠤᠨ ᠪᠤᠯᠪᠠᠰᠤᠨ᠎ᠤ ᠬᠡᠮᠵᠢᠶ᠎ᠡ ᠵᠢ ᠲᠠᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃
ᠬᠤᠷᠠᠯ ᠲᠡᠭᠡᠷ᠎ᠡ᠂ ᠱᠧᠨᠵᠧᠨ ᠬᠤᠳᠠ ᠵᠢᠨ ᠨᠠᠮ᠎ᠤᠨ ᠬᠤᠷᠢᠶᠠᠨ᠎ᠤ ᠱᠦᠵᠢ ᠸᠠᠩ ᠸᠧᠢ ᠵᠦᠩ᠂ ᠶᠠᠨ ᠰᠢᠶᠠᠩ ᠲᠡᠭᠡᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠲ᠋ᠤᠺ ᠡᠵᠡᠮᠰᠢᠬᠦ ᠪᠦᠯᠦᠭᠯᠡᠯ ᠺᠤᠮᠫᠠᠨᠢ ᠵᠢᠨ ᠭᠡᠷᠡᠭ ᠮᠡᠳᠡᠭᠴᠢᠳ᠎ᠤᠨ ᠲᠤᠪᠴᠢᠶᠠᠨ᠎ᠤ ᠲᠡᠷᠢᠬᠦᠯᠡᠭᠴᠢ ᠴᠧᠨ ᡁᠢ ᠯᠢᠶᠧ᠂ ᠲᠤᠮᠳᠠᠳᠤ ᠤᠯᠤᠰ᠎ᠤᠨ ᠪᠠᠷᠢᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠳᠪᠤᠷᠢ ᠵᠢᠨ ᠪᠦᠯᠦᠭᠯᠡᠯ᠎ᠤᠨ ᠬᠢᠵᠠᠭ᠋ᠠᠷᠳᠦ ᠺᠤᠮᠫᠠᠨᠢ ᠵᠢᠨ ᠡᠮᠤᠨᠠᠳᠤ ᠤᠷᠤᠨ᠎ᠤ ᠶᠡᠭᠡ ᠲᠤᠭᠤᠷᠢᠭ᠎ᠤᠨ ᠶᠡᠷᠤᠩᠭᠡᠢ ᠢᠨᠵᠧᠨᠧᠷ ᠯᠤ᠌ ᠵᠢᠶᠠᠨ ᠰᠢᠨ ᠤᠷᠢᠳ ᠬᠤᠵᠢᠳ ᠦᠭᠡ ᠬᠡᠯᠡᠪᠡ᠃
ᠯᠢ ᠰᠢ ᠶᠡᠭᠡ ᠬᠤᠷᠠᠯ᠎ᠢ ᠡᠷᠬᠢᠯᠠᠪᠠ᠃ ᠳ᠋ᠢᠩ ᠰᠢᠤᠸᠠᠢ ᠰᠢᠶᠠᠩ᠂ ᠯᠢᠤ ᠾᠧ᠂ ᠴᠧᠨ ᠰᠢ᠂ ᠬᠤᠸᠠᠩ ᠺᠦᠨ ᠮᠢᠩ᠂ ᠸᠠᠩ ᠳ᠋ᠦᠩ ᠮᠢᠩ᠂ ᠳ᠋ᠦᠩ ᠵᠢᠶᠠᠨ ᠬᠤᠸᠠ᠂ ᠾᠧ ᠾᠸᠦ ᠬᠤᠸᠠ᠂ ᠯᠢᠶᠠᠩ ᠵᠧᠨ ᠶᠢᠩ᠂ ᠰᠢᠶᠠ ᠪᠤᠤ ᠯᠦᠩ᠂ ᠾᠧ ᠯᠢ ᠹᠧᠩ ᠪᠠ ᠮᠢᠶᠤᠤ ᠬᠤᠸᠠ ᠶᠡᠭᠡ ᠬᠤᠷᠠᠯ᠎ᠳᠤ ᠤᠷᠤᠯᠴᠠᠵᠠᠢ᠃
ᠰᠢᠶᠠᠩᠭ᠋ᠠᠩ ᠤᠨᠴᠠᠭ᠋ᠠᠢ ᠵᠠᠰᠠᠭ ᠵᠠᠬᠢᠷᠭ᠋ᠠᠨ᠎ᠤ ᠤᠷᠤᠨ᠎ᠤ ᠵᠠᠰᠠᠭ ᠵᠠᠬᠢᠷᠭ᠋ᠠᠨ᠎ᠤ ᠲᠠᠷᠤᠭ᠎ᠠ ᠯᠢᠨ ᠵᠧᠩ ᠶᠤᠸᠠᠢ ᠡᠸ᠂ ᠤᠤᠮᠸᠠ ᠤᠨᠴᠠᠭ᠋ᠠᠢ ᠵᠠᠰᠠᠭ ᠵᠠᠬᠢᠷᠭ᠋ᠠᠨ᠎ᠤ ᠤᠷᠤᠨ᠎ᠤ ᠵᠠᠰᠠᠭ ᠵᠠᠬᠢᠷᠭ᠋ᠠᠨ᠎ᠤ ᠲᠠᠷᠤᠭ᠎ᠠ ᠾᠧ ᠢ ᠴᠧᠩ᠂ ᠲᠦᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠨᠦᠬᠦᠳ᠂ ᠭᠤᠸᠠᠩᠳᠦ᠋ᠩ ᠮᠤᠵᠢ ᠵᠢᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ ᠨᠦᠬᠦᠳ᠂ ᠱᠧᠨᠵᠧᠨ᠂ ᠵᠦᠬᠠᠢ᠂ ᠱᠠᠨᠳ᠋ᠸᠤ᠂ ᠰᠢᠶᠠᠮᠸᠡ᠂ ᠬᠠᠶ᠋ᠢᠨᠠᠨ᠎ᠤ ᠠᠵᠤ ᠠᠬᠤᠢ ᠵᠢᠨ ᠤᠨᠴᠠᠭ᠋ᠠᠢ ᠤᠷᠤᠨ ᠪᠠ ᠫᠦᠳᠦ᠋ᠩ᠂ ᠪᠢᠨᠬᠠᠢ᠂ ᠰᠢᠶᠦ᠋ᠩ ᠠᠨ ᠰᠢᠨ᠎ᠡ ᠲᠤᠭᠤᠷᠢᠭ᠎ᠤᠨ ᠭᠤᠤᠯ ᠬᠠᠷᠢᠭᠤᠴᠠᠯᠭ᠋ᠠᠳᠠᠨ ᠨᠦᠬᠦᠳ᠂ ᠱᠧᠨᠵᠧᠨ᠎ᠤ ᠠᠵᠢᠯ ᠲᠦᠷᠦᠯ ᠵᠶ᠋ᠠᠷ ᠲᠠᠮᠵᠢᠵᠤ᠂ ᠬᠠᠮᠵᠢᠯᠴᠠᠡ ᠬᠠᠪᠰᠤᠷᠤᠨ ᠲᠡᠳᠭᠦᠬᠦ ᠭᠠᠵᠠᠷ ᠤᠷᠤᠨ᠎ᠤ ᠭᠤᠤᠯ ᠬᠠᠷᠢᠭᠤᠴᠠᠯᠭ᠋ᠠᠳᠠᠨ ᠨᠦᠬᠦᠳ᠂ ᠰᠢᠶᠠᠩᠭ᠋ᠠᠩ ᠤᠤᠮᠸᠠ ᠲᠠᠶ᠋ᠢᠸᠠᠨ᠎ᠤ ᠬᠦᠮᠦᠰ᠎ᠤᠨ ᠲᠦᠯᠦᠭᠡᠯᠡᠭᠴᠢ᠂ ᠭᠠᠳᠠᠭ᠋ᠠᠳᠤ ᠵᠢᠨ ᠵᠤᠴᠢᠳ᠎ᠤᠨ ᠲᠦᠯᠦᠭᠡᠯᠡᠭᠴᠢ᠂ ᠱᠧᠨᠵᠧᠨ᠎ᠤ ᠡᠯ᠎ᠡ ᠡᠳᠡᠭᠡᠳ᠎ᠤᠨ ᠲᠦᠯᠦᠭᠡᠯᠡᠭᠴᠢᠳ ᠶᠡᠭᠡ ᠬᠤᠷᠠᠯ᠎ᠳᠤ ᠤᠷᠤᠯᠴᠠᠵᠠᠢ᠃
ᠲᠤᠰ ᠡᠳᠦᠷ᠎ᠤᠨ ᠦᠳᠠ ᠵᠢᠨ ᠬᠤᠶ᠋ᠢᠨᠡ᠂ ᠰᠢ ᠵᠢᠨ ᠫᠢᠩ ᠯᠢᠶᠠᠨ ᠬᠤᠸᠠ ᠱᠠᠨ ᠴᠡᠴᠡᠷᠯᠢᠭ᠎ᠲᠤ ᠬᠦᠷᠴᠤ᠂ ᠳ᠋ᠧᠩ ᠰᠢᠶᠤᠤ ᠫᠢᠩ ᠨᠦᠬᠦᠷ᠎ᠤᠨ ᠬᠦᠷᠡᠯ ᠱᠤᠭᠤᠮᠠᠯ᠎ᠳᠤ ᠰᠠᠭᠰᠠᠳᠤ ᠴᠡᠴᠡᠭ ᠬᠦᠷᠭᠡᠪᠡ᠃ ᠰᠢ ᠵᠢᠨ ᠫᠢᠩ ᠠᠯᠭᠤᠷᠬᠠᠨ ᠵᠶ᠋ᠠᠷ ᠬᠦᠷᠡᠯ ᠱᠤᠭᠤᠮᠠᠯ᠎ᠤᠨ ᠶᠠᠨᠳᠠᠷ᠎ᠲᠤ ᠭᠠᠷᠴᠤ᠂ ᠰᠠᠭᠰᠠᠳᠤ ᠴᠡᠴᠡᠭ ᠲᠡᠭᠡᠷᠡᠬᠢ ᠤᠯᠠᠭ᠋ᠠᠨ ᠪᠦᠴᠡ ᠵᠢ ᠨᠠᠷᠢᠨ ᠨᠢᠮᠪᠠᠢ ᠲᠡᠭᠰᠢᠯᠡᠨ᠂ ᠤᠯᠠᠨ᠎ᠲᠠᠢ ᠬᠠᠮᠳᠤ ᠬᠦᠷᠡᠯ ᠱᠤᠭᠤᠮᠠᠯ᠎ᠳᠤ ᠭᠤᠷᠪᠠᠨᠳᠠ ᠶᠤᠰᠤᠯᠠᠵᠤ᠂ ᠳ᠋ᠧᠩ ᠰᠢᠶᠤᠤ ᠫᠢᠩ ᠨᠦᠬᠦᠷ᠎ᠲᠤ ᠡᠷᠬᠢᠮ ᠲᠡᠭᠡᠳᠤ ᠬᠦᠨᠳᠦᠳᠭᠡᠯ ᠲᠠᠪᠰᠢᠬᠦᠯᠵᠤ ᠲᠡᠭᠦᠨ᠎ᠢ ᠬᠦᠨ᠎ᠡ ᠲᠤᠷᠠᠰᠤᠨ ᠰᠠᠨᠠᠭ᠋ᠠᠯᠵᠠᠵᠤ ᠪᠠᠶ᠋ᠢᠬᠤ᠎ᠪᠠᠨ ᠢᠯᠡᠳᠭᠡᠪᠡ᠃
ᠰᠢ ᠵᠢᠨ ᠫᠢᠩ ᠨᠠᠷ ᠪᠠᠰᠠ 《ᠤᠷᠢᠳ ᠵᠶ᠋ᠠᠷ ᠬᠢᠵᠤ ᠤᠷᠢᠳ ᠵᠶ᠋ᠠᠷ ᠲᠤᠷᠰᠢᠬᠤ᠎ᠠᠴᠠ ᠤᠷᠢᠳ ᠵᠶ᠋ᠠᠷ ᠬᠢᠵᠤ ᠵᠢᠱ᠌ᠢᠶ᠎ᠡ ᠦᠵᠡᠬᠦᠯᠬᠦ ᠬᠦᠷᠳᠡᠯ᠎ᠡ — ᠱᠧᠨᠵᠧᠨ᠎ᠤ ᠠᠵᠤ ᠠᠬᠤᠢ ᠵᠢᠨ ᠤᠨᠴᠠᠭ᠋ᠠᠢ ᠤᠷᠤᠨ ᠪᠠᠶ᠋ᠢᠭᠤᠯᠤᠬᠳᠠᠬᠰᠡᠨ 40 ᠵᠢᠯ᠎ᠤᠨ ᠤᠢ ᠵᠢ ᠪᠠᠶᠠᠷᠯᠡᠨ ᠪᠡᠯᠭᠡᠯᠡᠬᠦ ᠲᠡᠯᠭᠡᠨ ᠦᠵᠡᠬᠦᠯᠭᠡ》 ᠵᠢ ᠲᠤᠭᠤᠷᠢᠨ ᠦᠵᠡᠵᠤ᠂ ᠪᠡᠯᠭᠡᠯᠡᠬᠦ ᠶᠡᠭᠡ ᠬᠤᠷᠠᠯ᠎ᠳᠤ ᠤᠷᠤᠯᠴᠠᠬᠰᠡᠨ ᠭᠡᠰᠡᠭ ᠲᠦᠯᠦᠭᠡᠯᠡᠭᠴᠢ᠎ᠲᠠᠢ ᠲᠤᠳᠤᠨᠤ᠎ᠪᠠᠷ ᠠᠭᠤᠯᠵᠠᠬᠰᠡᠨ ᠪᠦᠭᠡᠳ ᠤᠯᠠᠨ᠎ᠲᠠᠢ ᠬᠠᠮᠳᠤ ᠵᠢᠨ ᠰᠡᠬᠦᠳᠡᠷ ᠲᠠᠳᠠᠭᠤᠯᠵᠤ ᠲᠤᠷᠠᠰᠬᠠᠯ ᠦᠯᠡᠳᠡᠭᠡᠪᠡ᠃