ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ
ᠨᠡᠶ᠋ᠢᠲᠡᠯᠡᠭᠰᠡᠨ ᠴᠠᠭ᠄ 2020-10-20

      ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠬᠡᠷ᠎ᠡ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠭᠵᠢᠯᠲᠡ ᠵᠢ ᠠᠬᠢᠭᠤᠯᠬᠤ ᠵᠢᠨ ᠴᠢᠬᠤᠯᠠ ᠶᠡᠬᠡ ᠠᠴᠢ ᠬᠤᠯᠪᠤᠭᠳᠠᠯ᠎ᠢ ᠭᠦᠨᠵᠡᠭᠡᠢ ᠲᠠᠨᠢᠵᠦ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠭᠵᠢᠯᠲᠡ ᠵᠢᠨ ᠪᠠᠢ᠌ᠯᠳᠤᠬᠤ ᠪᠣᠳᠤᠯᠭ᠎ᠠ ᠵᠢᠨ ᠲᠦᠯᠦᠪᠵᠢᠭᠦᠯᠭᠡ ᠪᠠ ᠰᠢᠰᠲᠸᠮ᠎ᠤᠨ ᠪᠠᠢ᠌ᠷᠢᠰᠢᠭᠤᠯᠤᠯᠲᠠ ᠵᠢ  ᠴᠢᠩᠭ᠋ᠠᠳᠬᠠᠬᠤ ᠬᠡᠷᠡᠭᠳᠡᠢ ᠭᠡᠵᠦ ᠴᠢᠬᠤᠯᠠᠴᠢᠯᠠᠪᠠ


      ᠰᠢᠨᠬᠤᠸᠠ ᠬᠣᠷᠢᠶᠠᠨ᠎ᠤ ᠪᠡᠭᠡᠵᠢᠩ᠎ᠤᠨ 10 ᠰᠠᠷ᠎ᠠ ᠵᠢᠨ 17᠎ᠤ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ 10 ᠰᠠᠷ᠎ᠠ ᠵᠢᠨ 16᠎ᠤ ᠦᠳᠡ ᠵᠢᠨ ᠬᠣᠶ᠋ᠢᠨ᠎ᠠ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠭ᠋ᠠᠨ ᠪᠣᠯᠤᠨ ᠬᠡᠷᠡᠭᠯᠡᠭᠡᠨ᠎ᠤ ᠠᠯᠤᠰ ᠬᠡᠳᠦ ᠵᠢᠨ ᠪᠠᠢ᠍ᠢ᠍ᠳᠠᠯ᠎ᠤᠨ ᠲᠤᠬᠠᠢ ᠬᠣᠷᠢᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠣᠳᠣᠬᠠᠨ᠎ᠤ ᠳᠡᠯᠡᠬᠡᠶ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠳᠠ ᠵᠢ ᠥᠩᠭᠡᠷᠡᠭᠡᠵᠦ ᠪᠠᠶ᠋ᠢᠨ᠎ᠠ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠡᠭᠦᠨ᠎ᠤ ᠳᠣᠲᠣᠷᠠᠬᠢ ᠨᠢᠭᠡ ᠵᠠᠩᠭᠢᠯᠠᠭ᠎ᠠ ᠵᠢᠨ ᠬᠤᠪᠢᠰᠤᠭᠴᠢ ᠬᠡᠮᠵᠢᠭᠳᠡᠭᠦᠨ ᠮᠥᠨ᠃ ᠪᠢᠳᠡ ᠬᠢᠮᠤᠷᠠᠯ᠎ᠤᠨ ᠳᠤᠮᠳᠠ ᠲᠣᠬᠢᠶᠠᠯ᠎ᠢ ᠡᠭᠦᠳᠴᠤ᠂ ᠬᠤᠪᠢᠷᠠᠯᠲᠠ ᠵᠢᠨ ᠳᠤᠮᠳᠠ ᠰᠢᠨ᠎ᠡ ᠪᠠᠢ᠍ᠢ᠍ᠳᠠᠯ᠎ᠢ ᠡᠭᠦᠳᠬᠦ᠎ᠳᠤ᠂ ᠡᠷᠬᠡᠪᠰᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠳᠤᠮᠳᠠ᠎ᠠᠴᠠ ᠬᠠᠷᠢᠭᠤᠯᠲᠠ ᠤᠯᠬᠤ ᠬᠡᠷᠡᠭᠲᠡᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢ ᠠᠬᠢᠭᠤᠯᠬᠤ ᠵᠢᠨ ᠴᠢᠬᠤᠯᠠ ᠴᠢᠨᠠᠷ ᠪᠠ ᠲᠤᠯᠭ᠋ᠠᠮ ᠴᠢᠨᠠᠷ᠎ᠢ ᠭᠦᠢ᠍ᠴᠡᠳ ᠲᠠᠨᠢᠵᠤ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠪᠠ ᠰᠢᠰᠲ᠋ᠧᠮ᠎ᠤᠨ ᠪᠠᠶ᠋ᠢᠷᠢᠰᠢᠭᠤᠯᠤᠯᠲᠠ ᠵᠢ ᠴᠢᠩᠭ᠋ᠠᠳᠬᠠᠵᠤ᠂ ᠶᠡᠬᠡ ᠬᠠᠨᠳᠤᠰᠢ ᠵᠢ ᠡᠵᠡᠮᠰᠢᠵᠦ᠂ ᠲᠦᠷᠦᠭᠦᠦ ᠠᠯᠬᠤᠮ᠎ᠢ ᠰᠠᠢ᠍ᠢ᠍ᠳᠤᠷ ᠠᠯᠬᠤᠬᠤ ᠬᠡᠷᠡᠭᠳᠠᠢ ᠭᠡᠵᠤ ᠴᠢᠬᠤᠯᠠᠴᠢᠯᠠᠪᠠ᠃
      ᠴᠢᠩᠬᠤᠸᠠ ᠶᠡᠬᠡ ᠰᠤᠷᠭ᠋ᠠᠭᠤᠯᠢ ᠵᠢᠨ ᠳᠡᠳ᠋ ᠵᠠᠬᠢᠷᠤᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠰᠢᠤᠸᠠᠢ ᠴᠢ ᠺᠦᠨ ᠡᠨᠡ ᠠᠰᠠᠭᠤᠳᠠᠯ᠎ᠤᠨ ᠲᠤᠬᠠᠶ ᠲᠠᠶ᠋ᠢᠯᠤᠮᠵᠢ ᠬᠢᠵᠤ ᠰᠠᠨᠠᠯ ᠰᠠᠨᠠᠭᠤᠯᠭ᠎ᠠ ᠳᠤᠷᠠᠳᠪᠠ᠃
      ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ ᠶᠠᠷᠢᠶ᠎ᠠ ᠲᠠᠯᠪᠢᠵᠠᠢ᠃ ᠲᠡᠷᠡ᠂ ᠤᠢ᠍ᠢ᠍ᠷ᠎ᠠ ᠵᠢᠨ ᠵᠢᠯ᠎ᠠᠴᠠ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠨᠢᠰᠬᠦ ᠮᠡᠲᠦ ᠲᠦᠷᠭᠡᠨ ᠬᠥᠭᠵᠢᠵᠦ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠬᠣᠰᠢᠭᠤᠷᠠᠯ ᠬᠦᠷᠢᠶ᠎ᠡ ᠪᠣᠯᠵᠠᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠢ ᠲᠦᠷᠭᠡᠪᠴᠢᠯᠡᠨ ᠬᠥᠭᠵᠢᠭᠦᠯᠬᠦ᠎ᠨᠢ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠤᠯᠤᠰ᠎ᠤᠨ ᠠᠮᠤᠷ ᠲᠦᠪᠰᠢᠨ᠎ᠢ ᠪᠠᠲᠤᠯᠠᠬᠤ᠎ᠳᠤ ᠲᠤᠶ᠋ᠢᠯ᠎ᠤᠨ ᠴᠢᠬᠤᠯᠠ ᠦᠢ᠍ᠯᠡᠳᠦᠯ᠎ᠲᠠᠢ ᠶᠤᠮ᠃ ᠡᠨᠡ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠲᠣᠬᠢᠷᠠᠭᠤᠯᠤᠭᠰᠠᠨ᠎ᠤ ᠵᠣᠷᠢᠯᠭ᠎ᠠ ᠪᠣᠯ ᠳᠡᠯᠡᠬᠡᠶ ᠵᠢᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠪᠠᠶ᠋ᠢᠳᠠᠯ᠎ᠢ ᠣᠶ᠋ᠢᠯᠠᠭ᠋ᠠᠵᠤ᠂ ᠮᠠᠨ᠎ᠤ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠪᠠᠶ᠋ᠢᠳᠠᠯ᠎ᠢ ᠵᠠᠳᠠᠯᠵᠤ᠂ ᠮᠠᠨ᠎ᠤ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢ ᠨᠠᠩ ᠰᠠᠶ᠋ᠢᠲᠤᠷ ᠠᠬᠢᠭᠤᠯᠬᠤ ᠵᠢᠨ ᠲᠦᠯᠦᠭᠡ ᠶᠤᠮ ᠭᠡᠵᠤ ᠵᠢᠭ᠋ᠠᠵᠤ ᠭᠠᠷᠭ᠋ᠠᠵᠠᠢ᠃
      ᠰᠢ ᠵᠢᠨ ᠫᠢᠩ᠂ ᠺᠸᠠᠨ᠋ᠲ᠎ᠤᠨ ᠬᠦᠴᠦᠨ᠎ᠤ ᠤᠬᠠᠭ᠋ᠠᠨ ᠪᠣᠯ ᠬᠥᠮᠦᠨ ᠲᠥᠷᠥᠯᠬᠢᠲᠡᠨ᠎ᠤ ᠪᠢᠴᠢᠯ ᠶᠢᠷᠲᠢᠨᠴᠦ ᠵᠢ ᠰᠤᠳᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠪᠣᠯᠤᠨ᠎ᠠ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ᠎ᠨᠢ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠠᠴᠢ ᠬᠣᠯᠪᠣᠭᠳᠠᠯ ᠪᠠ ᠪᠠᠶ᠋ᠢᠯᠳᠤᠬᠤ ᠪᠣᠳᠣᠯᠭ᠎ᠠ ᠵᠢᠨ ᠦᠨ᠎ᠡ ᠥᠷᠲᠡᠭ᠎ᠲᠠᠢ ᠶᠤᠮ᠂ ᠤᠯᠠᠮᠵᠢᠯᠠᠯᠲᠤ ᠮᠡᠷᠭᠡᠵᠢᠯ᠎ᠤᠨ ᠰᠢᠰᠲ᠋ᠧᠮ᠎ᠳᠤ ᠲᠠᠭ᠋ᠠᠷᠢᠯᠳᠠ ᠤᠴᠠᠷᠠᠭᠤᠯᠵᠤ᠂ ᠲᠠᠬᠢᠨ ᠴᠣᠭᠴᠠᠯᠠᠬᠤ ᠦᠢ᠍ᠯᠡᠳᠦᠯ᠎ᠲᠠᠢ ᠴᠢᠬᠤᠯᠠ ᠶᠡᠬᠡ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠰᠢᠨ᠎ᠡ ᠡᠭᠦᠳᠦᠯᠳᠡ ᠮᠦᠨ᠂ ᠡᠨᠡ᠎ᠨᠢ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠵᠢᠨ ᠴᠢᠭᠯᠡᠯ᠎ᠢ ᠬᠥᠲᠥᠯᠥᠨ ᠳᠠᠭ᠋ᠠᠭᠤᠯᠬᠤ ᠪᠣᠯᠤᠨ᠎ᠠ᠃ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯᠲᠠᠳ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠯ᠎ᠠ᠎ᠪᠠᠷ ᠱᠠᠯᠠᠮᠠᠭ᠋ᠠᠶ᠋ᠢᠯᠠᠨ ᠴᠢᠷᠮᠠᠢ᠍ᠢ᠍ᠵᠦ᠂ ᠨᠢᠭᠡ ᠪᠦᠯᠦᠭ ᠳᠡᠯᠡᠬᠡᠶ ᠵᠢᠨ ᠨᠥᠯᠥᠭᠡᠯᠡᠬᠦ ᠬᠦᠴᠦᠨ᠎ᠲᠠᠢ ᠴᠢᠬᠤᠯᠠ ᠶᠡᠬᠡ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠣᠯᠬᠤ ᠬᠡᠷᠡᠭᠳᠠᠢ᠃ ᠶᠡᠷᠦᠩᠬᠡᠶ᠎ᠳᠤᠨᠢ ᠠᠪᠴᠤ ᠦᠵᠡᠪᠡᠯ᠂ ᠮᠠᠨ᠎ᠤ ᠤᠯᠤᠰ ᠨᠢᠭᠡᠨᠲᠡ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠳᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠣᠳᠠᠲᠤ ᠬᠦᠴᠦᠨ ᠪᠠ ᠰᠢᠨ᠎ᠡ ᠵᠢ ᠡᠭᠦᠳᠬᠦ ᠴᠢᠳᠠᠪᠤᠷᠢ᠎ᠲᠠᠢ ᠪᠣᠯᠤᠭᠰᠠᠨ ᠪᠠᠶ᠋ᠢᠨ᠎ᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ᠎ᠳᠤ ᠴᠥᠭᠡᠨ ᠪᠤᠰᠤ ᠳᠤᠲᠠᠭᠤᠳᠠᠯ ᠣᠷᠣᠰᠢᠵᠤ᠂ ᠬᠥᠭᠵᠢᠯᠲᠡ᠎ᠳᠤ ᠤᠯᠠᠨ ᠵᠦᠢ᠍ᠯ᠎ᠤᠨ ᠥᠷᠢᠰᠥᠯᠳᠦᠭᠡᠨ ᠲᠤᠯᠭ᠋ᠠᠷᠠᠵᠤ ᠪᠠᠶ᠋ᠢᠬᠤ ᠵᠢ ᠴᠤ᠌ ᠣᠯᠵᠤ ᠬᠠᠷᠠᠬᠤ ᠬᠡᠷᠡᠭᠲᠡᠢ᠃ ᠪᠢᠳᠡ ᠡᠷᠬᠡᠪᠰᠢ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠢᠷᠭ᠋ᠠᠭᠤ ᠬᠠᠲᠠᠭᠤᠵᠢᠯᠲᠠᠶ ᠠᠵᠢᠯᠯᠠᠨ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠳᠤ ᠰᠢᠪᠲᠤᠯᠤᠯᠲᠠ ᠭᠠᠷᠭ᠋ᠠᠵᠤ᠂ ᠵᠠᠩᠭᠢᠯᠠᠭ᠎ᠠ ᠵᠢᠨ ᠬᠦᠷᠢᠶᠡᠨ᠎ᠳᠤ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠲᠡᠢ᠍ᠢ᠍ᠯᠬᠦ ᠵᠢ ᠴᠢᠷᠮᠠᠶ᠋ᠢᠨ ᠪᠡᠶᠡᠯᠡᠭᠦᠯᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠢ ᠪᠠᠲᠤᠯᠠᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠤᠯᠠᠨ ᠤᠯᠤᠰ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭ᠋ᠠᠴᠠᠭ᠋ᠠᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠮᠠᠨ᠎ᠤ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠠᠮᠵᠢᠯᠲᠠ᠎ᠲᠠᠢ ᠲᠤᠷᠰᠢᠯᠭ᠎ᠠ ᠵᠢ ᠰᠢᠰᠲ᠋ᠧᠮ᠎ᠲᠠᠢ ᠳ᠋ᠦᠩᠨᠡᠵᠦ᠂ ᠭᠠᠳᠠᠭ᠋ᠠᠳᠤ ᠵᠢᠨ ᠠᠰᠢᠭᠲᠠᠶ ᠠᠷᠭ᠎ᠠ ᠪᠠᠷᠢᠯ ᠵᠶ᠋ᠠᠷ ᠲᠣᠯᠢ ᠪᠣᠯᠭ᠋ᠠᠨ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠶᠡᠬᠡ ᠬᠠᠨᠳᠤᠰᠢ ᠵᠢ ᠭᠦᠨᠵᠡᠭᠡᠶ ᠵᠠᠳᠠᠯᠤᠨ ᠰᠤᠳᠤᠯᠵᠤ᠂ ᠮᠠᠨ᠎ᠤ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠭᠠᠷᠳᠠᠬᠤ ᠴᠡᠭ ᠪᠣᠯᠤᠨ ᠰᠢᠪᠲᠤᠯᠤᠯᠲᠠ ᠵᠢᠨ ᠴᠡᠭ᠎ᠢ ᠣᠨᠣᠪᠴᠢᠲᠠᠶ ᠡᠷᠢᠵᠦ᠂ ᠰᠠᠭᠤᠷᠢ ᠰᠤᠳᠤᠯᠭ᠋ᠠᠨ᠂ ᠬᠣᠰᠢᠭᠤᠷᠠᠯ ᠮᠡᠷᠭᠡᠵᠢᠯ᠂ ᠢᠨᠵᠧᠨᠧᠷᠢᠩ᠎ᠤᠨ ᠮᠡᠷᠭᠡᠵᠢᠯ᠎ᠢ ᠰᠤᠳᠤᠯᠤᠨ ᠨᠡᠭᠡᠭᠡᠬᠦ ᠵᠢ ᠨᠢᠭᠡᠳᠦᠯᠳᠠᠢ ᠲᠦᠯᠦᠪᠵᠢᠭᠦᠯᠵᠤ᠂ ᠺᠸᠠᠨ᠋ᠲ᠎ᠤᠨ ᠴᠢᠮᠡᠭᠡ ᠬᠣᠯᠪᠣᠭ᠎ᠠ ᠵᠡᠷᠭᠡ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠶ᠋ᠢᠵᠢᠭᠤᠯᠵᠤ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠯᠠᠨ ᠤᠯᠤᠰ᠎ᠤᠨ ᠥᠷᠢᠰᠥᠯᠳᠦᠭᠡᠨ᠎ᠤ ᠠᠰᠢᠭᠲᠠᠢ ᠪᠠᠶ᠋ᠢᠷᠢ ᠵᠢ ᠵᠠᠪᠳᠤᠨ ᠡᠵᠡᠯᠡᠵᠦ᠂ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠠᠶ᠋ᠢᠭᠤᠯᠬᠤ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠦᠵᠦ ᠲᠥᠯᠥᠪᠯᠡᠭᠡ ᠪᠣᠯᠤᠨ ᠤᠷᠢᠳᠴᠢᠯᠠᠯ ᠪᠠᠶ᠋ᠢᠷᠢᠰᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠪᠠᠶ᠋ᠢᠯᠳᠤᠬᠤ ᠪᠣᠳᠣᠯᠭ᠎ᠠ ᠵᠢᠨ ᠰᠤᠳᠤᠯᠤᠨ ᠮᠠᠭ᠋ᠠᠳᠯᠠᠯᠲᠠ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠢᠲᠡᠭᠡᠯ᠎ᠢ ᠪᠠᠷᠢᠮᠲᠠᠯᠠᠵᠤ᠂ ᠬᠦᠴᠢᠷ ᠠᠰᠠᠭᠤᠳᠠᠯ᠎ᠢ ᠵᠣᠷᠢᠭᠲᠠᠶ ᠰᠢᠢ᠍ᠳᠪᠦᠷᠢᠯᠡᠵᠤ᠂ ᠤᠷᠲᠤ ᠦᠶᠡᠯᠡᠯ᠎ᠤᠨ ᠴᠢᠨᠠᠷᠲᠠᠶ ᠴᠢᠬᠤᠯᠠ ᠶᠡᠬᠡ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠳᠤᠮᠳᠠ ᠦᠵᠦ ᠲᠥᠯᠥᠪᠯᠡᠭᠡ ᠪᠠ ᠤᠷᠢᠳᠴᠢᠯᠠᠯ ᠪᠠᠶ᠋ᠢᠷᠢᠯᠠᠭᠤᠯᠤᠯᠲᠠ ᠵᠢ ᠴᠢᠩᠭ᠋ᠠᠳᠬᠠᠵᠤ᠂ ᠣᠯᠠᠨ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠯ ᠠᠭᠤᠰᠤᠯᠴᠠᠯ ᠪᠠ ᠣᠯᠠᠨ ᠮᠡᠷᠭᠡᠵᠢᠯ᠎ᠤᠨ ᠬᠦᠷᠢᠶᠡᠨ᠎ᠤ ᠬᠤᠷᠠᠮᠠᠯ ᠰᠢᠨ᠎ᠡ ᠡᠭᠦᠳᠦᠯᠲᠡ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠰᠢᠰᠲ᠋ᠧᠮᠳᠤ ᠴᠢᠳᠠᠪᠤᠷᠢ ᠵᠢ ᠪᠦᠷᠢᠯᠳᠦᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃
      ᠰᠢ ᠵᠢᠨ ᠫᠢᠩ᠂ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢᠨ  ᠰᠢᠰᠲ᠋ᠤᠮ᠎ᠢ ᠪᠦᠷᠢᠨᠰᠢᠬᠦᠯᠬᠦ ᠬᠡᠷᠡᠭᠲᠡᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢ ᠠᠬᠢᠭᠤᠯᠬᠤ ᠰᠠᠢ᠍ᠢ᠍ᠨ ᠰᠠᠶ᠋ᠢᠬᠠᠨ ᠲᠦᠷᠦ ᠵᠢᠨ ᠪᠤᠳᠤᠯᠭ᠎ᠠ ᠵᠢᠨ ᠣᠷᠴᠢᠨ ᠨᠥᠬᠥᠴᠡᠯ᠎ᠢ ᠲᠦᠷᠭᠡᠡ ᠪᠤᠢ ᠪᠣᠯᠭ᠋ᠠᠵᠤ᠂ ᠨᠡᠩ ᠬᠦᠴᠦᠲᠡᠶ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠪᠤᠢ ᠪᠣᠯᠭ᠋ᠠᠬᠤ ᠬᠡᠷᠡᠭᠲᠡᠶ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠳᠠᠬᠢ ᠪᠡᠯᠡ ᠮᠦᠩᠭᠦ ᠵᠢᠨ ᠣᠷᠣᠭᠤᠯᠤᠯᠲᠠ ᠵᠢ ᠪᠠᠲᠤᠯᠠᠬᠤ ᠵᠢᠨ ᠬᠠᠮᠲᠤ ᠣᠷᠣᠨ ᠨᠤᠲᠤᠭ᠂ ᠠᠵᠤ ᠠᠬᠤᠶ᠋ᠢᠯᠠᠯ᠂ ᠨᠡᠶ᠋ᠢᠭᠡᠮ᠎ᠤᠨ᠎ᠬᠢᠨ᠎ᠤ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ ᠵᠢ ᠳᠠᠶ᠋ᠢᠴᠢᠯᠠᠬᠤ ᠬᠡᠷᠡᠭᠲᠡᠶ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠪᠣᠯᠤᠨ ᠳᠡᠭᠡᠳᠦ ᠰᠤᠷᠭ᠋ᠠᠭᠤᠯᠢ ᠵᠢᠨ ᠺᠸᠠᠨ᠋ᠲ᠎ᠤᠨ ᠰᠢᠨᠵᠢᠯᠡᠬᠦ ᠤᠬᠠᠭ᠋ᠠᠠ ᠲᠸᠭᠨᠢᠭ ᠮᠡᠷᠭᠡᠵᠢᠯ᠎ᠤᠨ ᠰᠠᠭᠤᠷᠢ ᠰᠤᠳᠤᠯᠭ᠋ᠠᠨ᠎ᠳᠠᠬᠢ ᠣᠷᠣᠭᠤᠯᠤᠯᠲᠠ᠎ᠪᠠᠨ ᠨᠡᠮᠡᠭᠳᠡᠭᠦᠯᠵᠦ᠂ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ᠎ᠢ ᠨᠢᠭᠡᠳᠦᠯᠲᠡᠶ ᠲᠥᠯᠥᠪᠵᠢᠭᠦᠯᠬᠦ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠪᠠ ᠵᠣᠬᠢᠶᠠᠨ ᠪᠠᠶ᠋ᠢᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠰᠠᠭᠤᠷᠢ ᠰᠤᠳᠤᠯᠭ᠋ᠠᠨ᠎ᠤ ᠪᠤᠭᠤᠮᠲᠠ ᠰᠢᠪᠲᠤᠯᠤᠯᠲᠠ ᠪᠤᠯᠤᠨ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠲᠦᠷᠭᠡᠳᠬᠡᠬᠦ ᠬᠡᠷᠡᠭᠲᠡᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ᠎ᠨᠢ ᠰᠠᠭᠤᠷᠢ ᠤᠨᠤᠯ᠎ᠤᠨ ᠰᠤᠳᠤᠯᠭ᠋ᠠᠨ᠎ᠤ ᠰᠢᠪᠲᠤᠯᠤᠯᠲᠠ᠎ᠪᠠᠷ ᠰᠢᠢ᠍ᠳᠪᠦᠷᠢᠯᠡᠭᠳᠡᠨ᠎ᠡ᠂ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ᠎ᠤᠨ ᠪᠦᠷᠢᠯᠳᠦᠯ᠎ᠨᠢ ᠰᠠᠢ᠍ᠢ᠍ᠲᠤᠷ ᠨᠦᠭᠡᠴᠡᠯᠡᠵᠦ ᠠᠷᠪᠢᠴᠢ᠎ᠪᠠᠷ ᠭᠡᠷᠡᠭᠯᠡᠬᠦ ᠶᠠᠪᠤᠴᠠ ᠪᠣᠯᠤᠨ᠎ᠠ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠤ ᠴᠢᠳᠠᠪᠤᠷᠢᠲᠠᠨ᠂ ᠰᠠᠭᠤᠷᠢᠨ᠂ ᠲᠥᠷᠥᠯ ᠵᠦᠢ᠍ᠯ᠎ᠢ ᠨᠢᠭᠡᠳᠦᠯᠲᠡᠶ ᠲᠥᠯᠥᠪᠵᠢᠭᠦᠯᠵᠦ᠂ ᠪᠦᠬᠦ ᠡᠯᠧᠮᠧᠨ᠋ᠲ᠎ᠢ ᠨᠢᠭᠡ ᠴᠤᠭᠴᠠᠵᠢᠭᠤᠯᠤᠨ ᠲᠣᠬᠢᠷᠠᠭᠤᠯᠬᠤ ᠵᠢ ᠪᠡᠶᠡᠯᠡᠭᠦᠯᠵᠦ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠴᠢᠬᠤᠯᠠ ᠶᠡᠬᠡ  ᠵᠦᠢ᠍ᠯᠡᠰ᠎ᠤᠨ ᠬᠡᠷᠡᠭᠵᠢᠭᠦᠯᠦᠯᠲᠡ ᠵᠢ ᠲᠦᠷᠭᠡᠨ ᠠᠬᠢᠭᠤᠯᠬᠤ ᠬᠡᠷᠡᠭᠲᠡᠢ᠃ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠴᠢᠩᠭ᠋ᠠᠳᠬᠠᠵᠤ᠂ ᠬᠦᠴᠢᠷ ᠪᠡᠷᠬᠡᠰᠢᠶᠡᠯ ᠬᠠᠷᠰᠢ ᠰᠠᠭ᠋ᠠᠳ᠎ᠠᠴᠠ ᠠᠶᠤᠬᠤ ᠦᠭᠡᠢ᠂ ᠰᠢᠨᠵᠢᠯᠡᠬᠦ ᠤᠬᠠᠭ᠋ᠠᠨ᠎ᠤ ᠨᠣᠶᠠᠨ ᠤᠷᠬᠢᠯ᠎ᠳᠤ ᠡᠷᠡᠯᠬᠡᠭᠯᠡᠨ ᠠᠪᠠᠷᠢᠵᠤ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠳᠤ ᠪᠠᠰᠠ ᠨᠢᠭᠡ ᠪᠦᠯᠦᠭ ᠥᠨᠳᠥᠷ ᠲᠦᠪᠰᠢᠨ᠎ᠲᠠᠢ ᠤᠤᠭ᠋ᠠᠯ ᠡᠭᠦᠳᠦᠯᠲᠡ ᠵᠢᠨ ᠦᠷ᠎ᠡ ᠪᠦᠲᠦᠭᠡᠯ ᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠥᠨᠳᠥᠷ ᠲᠦᠪᠰᠢᠨ᠎ᠲᠠᠢ ᠴᠢᠳᠠᠪᠤᠷᠢᠲᠠᠨ᠎ᠤ ᠡᠩᠨᠡᠭᠡ ᠵᠢ ᠬᠥᠮᠦᠵᠢᠭᠦᠯᠬᠦ ᠬᠡᠷᠡᠭᠲᠡᠢ᠃ ᠴᠢᠬᠤᠯᠠ ᠶᠡᠬᠡ ᠡᠭᠦᠳᠦᠯᠲᠡ ᠪᠦᠲᠦᠭᠡᠯᠲᠡ᠂ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠰᠢᠨ᠎ᠡ ᠵᠢ ᠡᠭᠦᠳᠬᠦ ᠵᠠᠩᠭᠢᠯᠠᠭ᠎ᠠ᠎ᠨᠢ ᠴᠢᠳᠠᠪᠤᠷᠢᠲᠠᠨ᠎ᠳᠤ ᠪᠠᠶ᠋ᠢᠨ᠎ᠠ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠳᠠᠬᠢ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ ᠵᠶ᠋ᠠᠨ ᠲᠦᠷᠭᠡᠳᠬᠡᠵᠦ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠳᠠᠬᠢ ᠨᠢᠭᠡ ᠪᠦᠯᠦᠭ ᠳᠡᠭᠡᠳᠦ ᠨᠠᠷᠢᠯᠢᠭ ᠣᠷᠣᠶ᠋ᠢᠯᠠᠭᠰᠠᠨ ᠴᠢᠳᠠᠪᠤᠷᠢᠲᠠᠨ᠎ᠢ ᠲᠦᠷᠬᠡᠨ ᠬᠥᠮᠦᠵᠢᠭᠦᠯᠵᠦ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ᠎ᠳᠤ ᠵᠣᠬᠢᠴᠠᠬᠤ ᠲᠤᠰᠬᠠᠶ ᠬᠥᠮᠦᠵᠢᠭᠦᠯᠬᠦ ᠲᠥᠯᠥᠪᠯᠡᠭᠡ ᠵᠢ ᠪᠠᠶ᠋ᠢᠭᠤᠯᠵᠤ᠂ ᠰᠢᠰᠲ᠋ᠧᠮᠵᠢᠭᠰᠡᠨ᠂ ᠳᠡᠭᠡᠳᠦ ᠲᠡᠰ ᠳᠠᠪᠬᠤᠷᠭ᠎ᠠ ᠵᠢᠨ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠠᠪᠴᠠᠩ᠎ᠢ ᠪᠠᠶ᠋ᠢᠭᠤᠯᠬᠤ ᠬᠡᠷᠡᠭᠲᠡᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠡᠷᠢᠭᠦᠨ᠎ᠤ ᠴᠢᠭᠯᠡᠯ᠎ᠤᠨ ᠲᠣᠭᠣᠷᠢᠨ᠎ᠳᠤ᠂ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠎ᠠ ᠪᠣᠯᠤᠨ ᠬᠢᠴᠢᠶᠡᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠡᠯᠡᠬᠡᠶ ᠵᠢᠨ ᠰᠢᠨᠵᠢᠯᠡᠬᠦ ᠤᠬᠠᠭ᠋ᠠᠠ ᠲᠸᠭᠨᠢᠭ ᠮᠡᠷᠭᠡᠵᠢᠯ᠎ᠤᠨ ᠶᠡᠬᠡ ᠬᠠᠨᠳᠤᠰᠢ ᠵᠢ ᠡᠵᠡᠮᠳᠡᠵᠦ᠂ ᠨᠢᠭᠡᠳᠦᠯᠲᠡᠶ ᠲᠥᠯᠥᠪᠵᠢᠭᠦᠯᠤᠨ ᠵᠣᠬᠢᠴᠠᠭᠤᠯᠬᠤ᠎ᠳᠠᠭᠠᠨ ᠴᠢᠳᠠᠮᠠᠭ᠋ᠠᠶ ᠳᠡᠯᠡᠬᠡᠶ ᠵᠢᠨ ᠲᠠᠰ᠎ᠤᠨ ᠰᠢᠨᠵᠢᠯᠡᠬᠦ ᠤᠬᠠᠭ᠋ᠠᠨᠲᠠᠨ ᠪᠣᠯᠤᠨ ᠳᠠᠭ᠋ᠠᠭᠤᠯᠤᠭᠴᠢ ᠴᠢᠳᠠᠪᠤᠷᠢᠲᠠᠨ᠎ᠢ ᠬᠥᠮᠦᠵᠢᠭᠦᠯᠵᠦ᠂ ᠨᠢᠭᠡ ᠪᠦᠯᠦᠭ ᠰᠢᠨ᠎ᠡ ᠵᠢ ᠡᠭᠦᠳᠬᠦ ᠰᠡᠳᠬᠢᠬᠦᠶ᠎ᠲᠠᠢ᠂

《ᠬᠤᠷᠢᠭ᠋ᠠᠳᠦ ᠣᠷᠣᠨ》᠎ᠳᠤ ᠵᠣᠷᠢᠭᠲᠠᠶ ᠣᠷᠣᠬᠤ ᠵᠠᠯᠠᠭᠤ ᠴᠢᠳᠠᠪᠤᠷᠢᠲᠠᠨ ᠪᠠ ᠣᠷᠣᠶ᠋ᠢᠯᠠᠭᠰᠠᠨ ᠴᠢᠳᠠᠪᠤᠷᠢᠲᠠᠨ᠎ᠢ ᠢᠯᠡᠷᠡᠭᠦᠯᠬᠦ ᠬᠡᠷᠡᠭᠲᠡᠢ᠃ ᠢᠲᠡᠭᠡᠯ ᠵᠶ᠋ᠠᠷ ᠤᠷᠢᠲᠠᠯ ᠪᠣᠯᠭ᠋ᠠᠭᠰᠠᠨ ᠣᠷᠣᠶ᠋ᠢᠯᠠᠭᠰᠠᠨ ᠰᠢᠨᠵᠢᠯᠡᠬᠦ ᠤᠬᠠᠭ᠋ᠠᠨᠲᠠᠨ᠎ᠤ ᠬᠠᠷᠢᠭᠤᠴᠠᠬᠤ ᠳᠦᠷᠢᠮ᠎ᠢ ᠪᠠᠶ᠋ᠢᠭᠤᠯᠵᠤ᠂ ᠲᠡᠳᠡᠨ᠎ᠳᠤ ᠬᠥᠮᠦᠨ ᠵᠣᠭᠣᠰ ᠮᠥᠩᠭᠥ ᠡᠳ᠋ ᠪᠣᠳᠠᠰ᠎ᠤᠨ ᠡᠵᠡᠨ ᠮᠡᠳᠡᠬᠦ ᠡᠷᠬᠡ ᠪᠠ ᠮᠡᠷᠭᠡᠵᠢᠯ᠎ᠤᠨ ᠱᠤᠭᠤᠮ᠎ᠢ ᠲᠣᠭᠲᠠᠭ᠋ᠠᠬᠤ ᠡᠷᠬᠡ ᠵᠢ ᠭᠦᠢ᠍ᠴᠡᠳ ᠣᠯᠭᠣᠵᠤ᠂ ᠰᠢᠯᠢᠳᠡᠭ ᠵᠠᠯᠠᠭᠤ ᠴᠢᠳᠠᠪᠤᠷᠢᠲᠠᠨ᠎ᠤ ᠬᠦᠨᠳᠦ ᠡᠭᠦᠷᠭᠡ ᠵᠢ ᠵᠣᠷᠢᠭᠲᠠᠶ᠎ᠪᠠᠷ ᠡᠭᠦᠷᠭᠡᠯᠡᠬᠦ ᠵᠢ ᠵᠣᠷᠢᠭᠵᠢᠭᠤᠯᠬᠤ ᠭᠡᠷᠡᠭᠲᠡᠢ᠃ ᠴᠢᠳᠠᠪᠤᠷᠢᠲᠠᠨ᠎ᠤ ᠡᠨᠡ ᠬᠦ᠌ 《ᠳᠣᠬᠢᠭᠤᠷ》᠎ᠢ ᠦᠨᠡᠯᠡᠬᠦ ᠠᠵᠢᠯ᠎ᠢ ᠰᠠᠶ᠋ᠢᠲᠤᠷ ᠬᠡᠷᠡᠭᠯᠡᠵᠦ᠂ ᠰᠢᠨᠵᠢᠯᠡᠬᠦ ᠤᠬᠠᠭ᠋ᠠᠠ ᠲᠸᠭᠨᠢᠭ ᠮᠡᠷᠭᠡᠵᠢᠯ᠎ᠤᠨ ᠠᠵᠢᠯᠲᠠᠳ᠎ᠤᠨ ᠠᠵᠢᠯ᠎ᠤᠨ ᠠᠮᠵᠢᠯᠲᠠ ᠵᠢ ᠰᠢᠯᠭ᠋ᠠᠨ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠪᠦᠲᠦᠭᠡᠯᠴᠢ ᠠᠵᠢᠯᠯᠠᠭ᠎ᠠ ᠵᠢ ᠵᠦᠶ ᠵᠣᠬᠢᠰ ᠦᠭᠡᠶ ᠵᠠᠷᠤᠳᠠᠯ᠎ᠤᠨ ᠬᠠᠮᠢᠶᠠᠷᠤᠯᠲᠠ᠂ ᠴᠢᠳᠠᠪᠤᠷᠢᠲᠠᠨ᠎ᠤ ᠦᠨᠡᠯᠡᠯᠲᠡ ᠵᠡᠷᠭᠡ ᠪᠠᠶ᠋ᠢᠭᠤᠯᠤᠮᠵᠢ᠎ᠠᠴᠠ ᠴᠢᠯᠥᠭᠡᠯᠡᠬᠦ ᠬᠡᠷᠡᠭᠲᠡᠶ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠵᠢ ᠤᠷᠮᠠᠰᠢᠭᠤᠯᠤᠨ ᠬᠦᠭᠵᠢᠭᠡᠬᠦ᠎ᠳᠤ ᠠᠰᠢᠭᠲᠠᠶ ᠠᠮᠢ ᠠᠬᠤᠶ ᠵᠢᠨ ᠰᠢᠰᠲ᠋ᠧᠮ᠎ᠢ ᠪᠤᠢ ᠪᠣᠯᠭ᠋ᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠳᠠ ᠰᠤᠳᠤᠯᠭ᠋ᠠᠨ᠎ᠤ ᠪᠠᠶ᠋ᠢᠭᠤᠯᠤᠮᠵᠢ ᠵᠢᠨ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠨᠣᠯ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠬᠡᠷᠡᠭᠯᠡᠭᠡᠨᠵᠢᠭᠦᠯᠬᠦ᠂ ᠢᠨᠵᠸᠨ᠋ᠸᠷᠢᠨᠭᠵᠢᠭᠦᠯᠬᠦ ᠬᠤᠷᠳᠤᠴᠠ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ᠎ᠳᠤ ᠢᠳᠡᠪᠬᠢᠲᠡᠢ ᠣᠷᠣᠯᠴᠠᠭᠤᠯᠵᠤ᠂ ᠨᠡᠩ ᠤᠯᠠᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠤᠳᠤᠯᠤᠨ ᠨᠡᠭᠡᠭᠡᠬᠦ ᠠᠵᠢᠯ᠎ᠢ ᠢᠳᠡᠪᠬᠢᠲᠡᠶ ᠥᠷᠨᠢᠭᠦᠯᠵᠦ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠳᠠ ᠰᠤᠳᠤᠯᠭ᠋ᠠᠨ᠎ᠢ ᠭᠦᠨᠵᠡᠭᠡᠶ ᠠᠭᠤᠰᠤᠯᠴᠠᠭᠤᠯᠬᠤ ᠪᠠ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠤ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠳᠡᠰ ᠳᠠᠪᠬᠤᠷᠭ᠎ᠠ ᠪᠣᠯᠤᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠰᠢᠨᠵᠢᠯᠡᠬᠦ ᠤᠬᠠᠭ᠋ᠠᠠ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠰᠢᠨ᠎ᠡ ᠮᠡᠳᠡᠯᠭᠡ ᠵᠢ ᠰᠤᠷᠤᠯᠴᠠᠵᠤ ᠰᠢᠨ᠎ᠡ ᠪᠠᠶ᠋ᠢᠳᠠᠯ᠎ᠢ ᠡᠵᠡᠮᠰᠢᠵᠦ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠭᠦᠷᠭᠡ ᠵᠢᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠤᠬᠠᠶ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠬᠣᠷᠸ᠎ᠠ ᠵᠢᠯᠣᠭᠣᠳᠤᠯᠭ᠎ᠠ᠂ ᠨᠢᠭᠡᠳᠦᠯᠲᠡᠶ ᠲᠥᠯᠥᠪᠵᠢᠭᠦᠯᠤᠨ ᠵᠣᠬᠢᠴᠠᠭᠤᠯᠬᠤ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠡᠯ᠎ᠡ ᠲᠠᠯ᠎ᠠ ᠵᠢᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠳᠠᠪᠤᠷᠢ ᠵᠢ ᠭᠦᠢ᠍ᠴᠡᠳ ᠳᠠᠶ᠋ᠢᠴᠢᠯᠠᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠭᠦᠷᠭᠡ ᠵᠢᠨ ᠪᠣᠭᠣᠮᠲᠠ ᠰᠢᠪᠲᠤᠯᠤᠯᠳᠠ ᠵᠢ ᠬᠦᠴᠦᠲᠡᠶ ᠠᠬᠢᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠣᠯᠠᠨ ᠤᠯᠤᠰ᠎ᠤᠨ ᠥᠷᠢᠰᠥᠯᠳᠦᠭᠡᠨ᠎ᠤ ᠠᠰᠢᠭᠲᠠᠶ ᠪᠠᠶ᠋ᠢᠷᠢ ᠵᠢ ᠵᠠᠪᠳᠤᠨ ᠡᠵᠡᠯᠡᠬᠦ᠂ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠠᠶ᠋ᠢᠭᠤᠯᠬᠤ᠎ᠳᠤ ᠬᠦᠴᠦᠲᠡᠶ ᠳᠡᠮᠵᠢᠯᠭᠡ  ᠬᠠᠩᠭ᠋ᠠᠬᠤ  ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠦᠪ᠎ᠤᠨ ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠬᠦᠯᠬᠦ ᠬᠤᠷᠢᠶᠠᠨ᠎ᠤ ᠠᠷᠪᠡᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠳᠦ ᠴᠢᠬᠤᠯᠠ ᠶᠠᠷᠢᠶ᠎ᠠ ᠲᠠᠯᠪᠢᠪᠠ
ᠭᠤᠷᠪᠠᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠳᠠ ᠵᠢᠨ ᠪᠠᠶᠠᠷ》 ᠬᠦᠷᠴᠤ ᠢᠷᠡᠬᠦ ᠲᠠᠰᠢᠷᠠᠮ᠎ᠳᠤ ᠰᠢ ᠵᠢᠨ ᠫᠢᠩ ᠪᠦᠬᠦ ᠤᠯᠤᠰ᠎ᠤᠨ ᠦᠷᠭᠡᠨ ᠤᠯᠠᠨ ᠲᠠᠷᠢᠶᠠᠴᠢᠨ ᠪᠤᠯᠤᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠤᠨ ᠹᠷᠤᠨᠲ᠎ᠲᠤ ᠠᠵᠢᠯᠯᠠᠵᠤ ᠪᠠᠢ᠍ᠢ᠍ᠭ᠎ᠠ ᠨᠦᠭᠦᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ᠎ᠠᠴᠠ᠎ᠪᠠᠨ ᠲᠤᠬᠤᠨᠢᠭᠤᠯᠵᠠᠢ
《ᠰᠢ ᠵᠢᠨ ᠫᠢᠩ᠎ᠤᠨ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠬᠡᠮ᠎ᠤᠨ ᠬᠦᠭᠵᠢᠯᠳᠠ ᠵᠢ ᠨᠢᠬᠡᠳᠤᠯᠳᠠᠢ ᠲᠦᠯᠤᠪᠵᠢᠬᠦᠯᠬᠦ ᠲᠣᠬᠠᠢ ᠴᠢᠬᠤᠯᠠ ᠦᠬᠦᠯᠠᠯᠳᠠ ᠵᠢᠨ ᠲᠡᠬᠦᠪᠦᠷᠢ》 ᠵᠢ ᠬᠡᠪᠯᠠᠨ ᠲᠠᠷᠬᠠᠭ᠋ᠠᠪᠠ
ᠰᠢ ᠵᠢᠨ ᠫᠢᠩ ᠨᠦᠬᠦᠷ᠎ᠤᠨ 《ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠦᠬᠦᠯᠡᠬᠦ᠎ᠨᠢ》 ᠬᠡᠬᠦ ᠨᠤᠮ ᠬᠡᠪᠯᠡᠭᠳᠡᠪᠡ
ᠰᠢ ᠵᠢᠨ ᠫᠢᠩ ᠬᠠᠩᠭ᠋ᠠᠨ ᠪᠣᠷᠣᠯᠠᠭᠤᠯᠬᠤ ᠬᠣᠷᠰᠢᠶᠠᠨ᠎ᠤ ᠠᠵᠢᠯ᠎ᠳᠤ ᠴᠢᠬᠤᠯᠠ ᠵᠢᠭ᠋ᠠᠪᠤᠷᠢ ᠥᠭᠪᠡ
 
            