ᠯᠢ ᠺᠸ ᠴᠢᠶᠠᠩ ᠠᠭᠤᠯᠵᠠᠯᠲᠠ᠎ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ ᠶᠠᠷᠢᠶ᠎ᠠ ᠲᠠᠯᠪᠢᠪᠠ ᠸᠠᠩ ᠬᠤ᠌ ᠨᠢᠩ ᠠᠭᠤᠯᠵᠠᠯᠲᠠ᠎ᠳᠤ ᠣᠷᠣᠯᠴᠠᠵᠠᠢ
ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠤᠳᠠ (ᠰᠢᠶᠠᠨ)᠎ᠪᠠᠷ ᠨᠡᠷᠡᠶ᠋ᠢᠳᠬᠦ ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠣᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ 20᠎ᠤ ᠦᠳᠡ ᠵᠢᠨ ᠡᠮᠦᠨ᠎ᠡ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠎ᠲᠠᠢ ᠳᠣᠲᠣᠨᠣ᠎ᠪᠠᠷ ᠠᠭᠤᠯᠵᠠᠵᠤ᠂ ᠲᠡᠳᠡ ᠨᠠᠷ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ᠂ ᠨᠡᠷᠡᠶ᠋ᠢᠳᠴᠦ ᠬᠥᠬᠢᠭᠦᠯᠦᠭᠳᠡᠭᠰᠡᠨ ᠪᠥᠬᠥ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠣᠲᠠ (ᠰᠢᠶᠠᠨ) ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠠ ᠬᠤᠪᠢ ᠬᠥᠮᠦᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃

10 ᠰᠠᠷ᠎ᠠ ᠵᠢᠨ 20᠎ᠤ ᠡᠳᠤᠷ᠂ ᠨᠠᠮ ᠪᠠ ᠲᠦᠷᠦ ᠵᠢᠨ ᠤᠳᠤᠷᠢᠳᠤᠯᠭ᠎ᠠ ᠰᠢ ᠵᠢᠨ ᠫᠢᠩ᠂ ᠯᠢ ᠺᠸ ᠴᠢᠶᠠᠩ᠂ ᠸᠠᠩ ᠬᠤ᠌ ᠨᠢᠩ ᠨᠠᠷ ᠪᠡᠬᠡᠵᠢᠩ᠎ᠳᠤ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠤᠳᠠ (ᠰᠢᠶᠠᠨ)᠎ᠪᠠᠷ ᠨᠡᠷᠡᠶ᠋ᠢᠳᠬᠦ ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠤᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠤᠨ ᠲᠥᠯᠥᠭᠡᠯᠡᠭᠴᠢᠳ᠎ᠲᠠᠢ ᠠᠭᠤᠯᠵᠠᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢ ᠰᠢᠤᠸᠠᠢ ᠷᠸᠨ ᠰᠡᠬᠦᠳᠡᠷᠯᠡᠪᠡ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ ᠠᠭᠤᠯᠵᠠᠯᠲᠠ᠎ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ ᠠᠭᠤᠯᠵᠠᠯᠲᠠ᠎ᠳᠤ ᠣᠷᠣᠯᠴᠠᠵᠠᠢ᠃
ᠦᠳᠡ ᠵᠢᠨ ᠡᠮᠦᠨᠡᠬᠢ 10 ᠴᠠᠭ᠎ᠲᠤ᠂ ᠰᠢ ᠵᠢᠨ ᠫᠢᠩ ᠨᠡᠷ ᠵᠢᠩ ᠰᠢ ᠵᠣᠴᠢᠳ᠎ᠤᠨ ᠪᠠᠭᠤᠳᠠᠯ᠎ᠤᠨ ᠬᠤᠷᠠᠯ᠎ᠤᠨ ᠠᠰᠠᠷ᠎ᠤᠨ ᠡᠮᠦᠨ᠎ᠡ ᠲᠢᠩᠬᠢᠮ᠎ᠳᠤ ᠬᠦᠷᠬᠦ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠵᠢᠨ ᠫᠢᠩ ᠨᠡᠷ ᠲᠥᠯᠥᠭᠡᠯᠡᠭᠴᠢᠳ᠎ᠤᠨ ᠳᠤᠮᠳᠠ ᠬᠦᠷᠴᠦ᠂ ᠤᠯᠠᠨ᠎ᠲᠠᠢ ᠳᠣᠲᠣᠨᠣ᠎ᠪᠠᠷ ᠶᠠᠷᠢᠯᠴᠠᠭᠰᠠᠨ ᠪᠥᠭᠡᠳ ᠬᠠᠮᠲᠤ ᠵᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠠᠢ᠃
ᠯᠢ ᠺᠸ ᠴᠢᠶᠠᠩ ᠶᠠᠷᠢᠶᠠᠨ᠎ᠳᠠᠭᠠᠨ ᠡᠩ ᠲᠡᠷᠢᠭᠦᠨ᠎ᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠠᠴᠠ ᠨᠡᠷᠡᠢ᠍ᠢ᠍ᠳᠦᠭᠳᠡᠭᠰᠡᠨ ᠭᠠᠵᠠᠷ ᠣᠷᠣᠨ ᠪᠣᠯᠤᠨ ᠬᠥᠬᠢᠭᠦᠯᠦᠭᠳᠡᠨ ᠰᠠᠶ᠋ᠢᠰᠢᠶᠠᠭᠳᠠᠭᠰᠠᠨ ᠨᠢᠭᠡᠴᠢ ᠪᠣᠯᠤᠨ ᠬᠤᠪᠢ ᠬᠥᠮᠦᠨ᠎ᠳᠤ ᠬᠠᠯᠠᠭᠤᠨ ᠪᠠᠶᠠᠷ ᠬᠦᠷᠭᠡᠵᠦ᠂ ᠠᠷᠠᠳ᠎ᠤᠨ ᠴᠢᠯᠥᠭᠡᠯᠡᠬᠦ ᠴᠡᠷᠢᠭ᠎ᠤᠨ ᠵᠢᠯᠣᠭᠣᠳᠤᠭᠴᠢ ᠪᠠᠶ᠋ᠢᠯᠳᠤᠭᠴᠢ᠂ ᠵᠡᠪᠰᠡᠭᠲᠦ ᠴᠠᠭᠳᠠᠭ᠎ᠠ ᠵᠢᠨ ᠳᠠᠷᠤᠭ᠎ᠠ ᠪᠠᠶ᠋ᠢᠯᠳᠤᠭᠴᠢ᠂ ᠡᠷᠦᠬᠡ ᠵᠢᠨ ᠴᠡᠷᠢᠭ᠎ᠤᠨ ᠪᠡᠯᠡᠳᠬᠡᠯ ᠠᠯᠪᠠᠨ᠎ᠤ ᠬᠥᠮᠦᠰ᠂ ᠴᠡᠷᠢᠭ ᠠᠩᠭᠢ ᠵᠢᠨ ᠠᠵᠢᠯᠲᠠᠨ ᠠᠵᠢᠯᠴᠢᠨ᠂ ᠦᠷᠡᠭᠳᠡᠭᠰᠡᠨ ᠪᠠᠭ᠋ᠠᠲᠤᠷᠴᠤᠳ᠎ᠤᠨ ᠭᠡᠷ ᠪᠦᠯᠢ᠂ ᠵᠡᠮᠳᠡᠭ ᠴᠡᠷᠢᠭ᠂ ᠴᠡᠷᠢᠭ᠎ᠠᠴᠠ ᠰᠢᠯᠵᠢᠭᠰᠡᠨ ᠴᠡᠷᠢᠭ᠎ᠠᠴᠠ ᠬᠠᠯᠠᠭᠳᠠᠭᠰᠠᠨ ᠴᠡᠷᠢᠭ᠎ᠤᠨ ᠠᠯᠪᠠᠨ᠎ᠠᠴᠠ ᠪᠠᠭᠤᠬᠰᠠᠨ ᠴᠡᠷᠢᠭ ᠪᠤᠯᠤᠨ ᠴᠡᠷᠢᠭ ᠠᠩᠭᠢ ᠵᠢᠨ ᠠᠵᠢᠯ᠎ᠠᠴᠠ᠎ᠪᠠᠨ ᠲᠠᠷᠬᠠᠯᠠᠬᠳᠠᠬᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠬᠣᠶᠠᠷ᠎ᠢ ᠬᠦᠷᠢᠶᠡᠯᠡᠬᠦ ᠠᠵᠢᠯ᠎ᠤᠨ ᠹᠷᠣᠨᠲ᠎ᠤᠨ ᠨᠥᠬᠥᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠬᠦᠯᠵᠥ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠤᠨ ᠴᠡᠷᠢᠭ ᠠᠩᠭᠢ ᠵᠢᠨ ᠪᠠᠶ᠋ᠢᠭᠤᠯᠤᠯᠲᠠ ᠵᠢ ᠬᠠᠯᠠᠮᠵᠢᠯᠠᠨ ᠳᠡᠮᠵᠢᠵᠦ ᠪᠠᠢ᠍ᠢ᠍ᠭ᠎ᠠ ᠨᠡᠶ᠋ᠢᠭᠡᠮ᠎ᠤᠨ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠪᠡ᠃
ᠯᠢ ᠺᠸ ᠴᠢᠶᠠᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠴᠡᠷᠢᠭ ᠠᠩᠭᠢ ᠵᠢᠨ ᠪᠦᠳᠦᠭᠡᠨ ᠪᠠᠶ᠋ᠢᠭᠤᠯᠤᠯᠲᠠ ᠥᠭᠡᠷᠡᠴᠢᠯᠡᠯᠲᠡ ᠵᠢ ᠢᠳᠡᠪᠬᠢᠲᠡᠢ ᠳᠡᠮᠵᠢᠭᠰᠡᠡ ᠪᠦᠭᠡᠳ ᠲᠡᠭᠦᠨ᠎ᠳᠤ ᠦᠢ᠍ᠯᠡᠴᠢᠯᠡᠬᠦ ᠵᠢ ᠪᠠᠲᠤᠯᠠᠵᠦ᠂ ᠬᠠᠷᠠᠭ᠋ᠠᠯᠵᠠᠵᠤ ᠲᠥᠪᠬᠢᠨᠡᠭᠦᠯᠬᠦ ᠵᠢ ᠴᠢᠨᠠᠭᠰᠢᠲᠠ ᠪᠠᠳᠤᠯᠠᠨ ᠴᠢᠩᠭ᠋ᠠᠳᠬᠠᠪᠠ᠂ ᠴᠡᠷᠢᠭ ᠠᠩᠭᠢ ᠵᠢᠨ᠎ᠬᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠡᠮᠵᠢᠬᠦ᠎ᠳᠤ ᠢᠳᠡᠪᠬᠢᠲᠡᠶ ᠵᠢᠳᠬᠦᠯ ᠴᠢᠷᠮᠠᠶ᠋ᠢᠯᠭ᠎ᠠ ᠭᠠᠷᠭ᠋ᠠᠨ᠂ ᠬᠦᠨᠳᠦ ᠶᠡᠬᠡ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ᠎ᠳᠤ ᠬᠣᠰᠢᠭᠤᠴᠢ ᠪᠣᠯᠵᠠᠢ᠂ ᠡᠨᠡ ᠵᠢᠯ᠎ᠤᠨ ᠬᠢᠵᠢᠭ᠎ᠤᠨ ᠪᠠᠢ᠍ᠢ᠍ᠳᠠᠯ᠎ᠤᠨ ᠡᠮᠦᠨ᠎ᠠ ᠠᠷᠠᠳ᠎ᠤᠨ ᠬᠡᠤᠬᠡᠳ ᠳᠡᠭᠦᠤ ᠨᠡᠷ ᠴᠡᠷᠢᠭ ᠵᠠᠷᠯᠢᠭ᠎ᠢ ᠲᠤᠰᠤᠮᠠᠬ᠍ᠴᠠᠪᠠᠨ ᠬᠥᠳᠡᠯᠦᠯᠴᠡᠨ ᠬᠠᠲᠠᠭᠤ ᠪᠠᠶ᠋ᠢᠯᠳᠤᠭ᠋ᠠᠨ ᠬᠢᠵᠦ᠂ ᠥᠷᠭᠡᠨ ᠣᠯᠠᠨ ᠴᠡᠷᠢᠭ ᠠᠷᠠᠳ ᠭᠠᠷ ᠬᠣᠯᠪᠣᠨ ᠰᠡᠳᠬᠢᠯ ᠨᠢᠭᠡᠳᠴᠦ ᠴᠠᠬ᠎ᠤᠨ ᠪᠡᠷᠭᠡ ᠵᠢ ᠬᠠᠮᠲᠤ᠎ᠪᠠᠷ ᠲᠤᠭᠤᠯᠤᠨ᠂ ᠬᠢᠵᠢᠭ᠎ᠲᠠᠢ ᠲᠡᠮᠡᠴᠡᠬᠦ ᠲᠡᠮᠡᠴᠡᠯ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠦᠷ᠎ᠡ ᠪᠦᠳᠦᠭᠡᠯ᠎ᠢ ᠣᠯᠵᠤ᠂ ᠴᠡᠷᠢᠭ ᠠᠩᠬᠢ ᠵᠠᠰᠠᠭ᠎ᠤᠨ ᠤᠷᠳᠤᠨ ᠪᠤᠯᠤᠨ ᠴᠡᠷᠢᠭ ᠠᠷᠠᠳ᠎ᠤᠨ ᠪᠦᠯᠬᠦᠮᠳᠡᠯ᠎ᠤᠨ ᠬᠦᠴᠦᠷᠬᠡᠭ ᠶᠡᠬᠡ ᠬᠦᠴᠦᠨ᠎ᠢ ᠦᠵᠡᠬᠦᠯᠵᠠᠢ ᠭᠡᠵᠦ ᠬᠡᠯᠡᠪᠡ᠃
ᠯᠢ ᠺᠸ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠤᠨ ᠴᠡᠷᠢᠭ ᠠᠩᠭᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠳᠡᠮᠵᠢᠵᠦ᠂ ᠵᠠᠮ ᠬᠠᠷᠢᠯᠴᠠᠭ᠎ᠠ ᠲᠡᠭᠡᠭᠡᠪᠦᠷᠢ᠂ ᠠᠷᠤ ᠲᠠᠯ᠎ᠠ ᠵᠢᠨ ᠬᠠᠩᠭ᠋ᠠᠯᠭ᠎ᠠ ᠵᠡᠷᠭᠡ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠬᠢᠯᠢ ᠬᠢᠵᠠᠭ᠋ᠠᠷ ᠲᠠᠯᠠᠢ ᠵᠢᠨ ᠠᠷᠠᠯ᠎ᠳᠤ ᠰᠠᠭᠤᠭ᠎ᠠ ᠴᠡᠷᠢᠭ ᠠᠩᠭᠢ ᠵᠢᠨ ᠲᠠᠷᠤᠭ᠎ᠠ ᠪᠠᠶ᠋ᠢᠯᠳᠤᠭᠴᠢᠳ᠎ᠤᠨ ᠵᠢᠵᠢᠭᠦᠷᠯᠡᠬᠡ ᠪᠠ ᠠᠵᠢᠯ ᠠᠮᠢᠳᠤᠷᠠᠯ᠎ᠤᠨ ᠨᠥᠬᠥᠴᠡᠯ᠎ᠢ ᠬᠠᠪᠰᠤᠷᠤᠨ ᠰᠠᠶ᠋ᠢᠵᠢᠷᠠᠭᠤᠯᠬᠤ ᠬᠡᠷᠡᠭᠲᠡᠢ᠃ ᠥᠩᠭᠡᠷᠡᠭᠰᠡᠨ᠎ᠲᠠᠢ᠎ᠪᠠᠨ ᠠᠳᠠᠯᠢ᠎ᠪᠠᠷ ᠴᠡᠷᠢᠭ ᠪᠠ ᠲᠡᠲᠡᠡᠤ ᠭᠡᠷ ᠪᠦᠯᠢ ᠵᠢᠨ᠎ᠬᠢᠨ᠎ᠤ ᠬᠦᠴᠢᠷ ᠵᠤᠪᠠᠭᠤᠷᠢ ᠵᠢ ᠰᠢᠢ᠍ᠳᠪᠦᠷᠢᠯᠡᠡ ᠦᠭᠴᠤ᠂ ᠥᠷᠭᠡᠨ ᠤᠯᠠᠨ ᠳᠠᠷᠤᠭ᠎ᠠ ᠪᠠᠶ᠋ᠢᠯᠳᠤᠭᠴᠢ ᠵᠢ ᠬᠤᠢ᠍ᠢ᠍ᠰᠢᠳᠠ ᠵᠢᠨ ᠵᠶ᠋ᠠᠨ ᠤᠴᠢᠷ᠎ᠲᠤ ᠵᠤᠪᠠᠬᠤ ᠦᠭᠡᠢ᠂ ᠠᠷᠤ ᠭᠡᠷ᠎ᠤᠨ ᠵᠶ᠋ᠠᠨ ᠲᠥᠯᠥᠭᠡ ᠰᠡᠳᠬᠢᠯ ᠬᠤᠪᠢᠶᠠᠭᠳᠠᠬᠤ ᠦᠭᠡᠢ᠂ ᠬᠣᠶ᠋ᠢᠴᠢ ᠦᠶ᠎ᠡ ᠵᠢᠨ ᠵᠶ᠋ᠠᠨ ᠲᠥᠯᠥᠭᠡ ᠰᠠᠨᠠᠭ᠎ᠠ ᠵᠣᠪᠠᠬᠤ ᠦᠭᠡᠢ ᠪᠣᠯᠭ᠋ᠠᠬᠤ ᠭᠡᠷᠡᠭᠲᠡᠢ᠃ ᠡᠨᠡ ᠵᠢᠯ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠳᠤ ᠬᠦᠴᠢᠷᠳᠡᠯ ᠨᠠᠩ ᠲᠣᠪᠣᠢ᠍ᠢ᠍ᠮ᠎ᠠ ᠪᠤᠯᠵᠤ ᠪᠠᠢ᠍ᠢ᠍ᠨ᠎ᠠ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠲᠤ ᠨᠡᠩ ᠣᠨᠣᠪᠴᠢᠲᠠᠢ᠎ᠪᠠᠷ ᠴᠠᠭ ᠲᠤᠬᠠᠢᠳᠤᠨᠢ ᠠᠵᠢᠯ ᠣᠯᠭᠣᠬᠤ ᠦᠢ᠍ᠯᠡᠰ ᠪᠤᠰᠬᠠᠬᠤ ᠦᠢ᠍ᠯᠡᠴᠢᠯᠡᠭᠡ ᠪᠤᠯᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠠᠩᠭ᠋ᠠᠵᠤ᠂ ᠲᠡᠳᠡᠨ᠎ᠤ ᠠᠵᠢᠯ ᠤᠯᠬᠤ᠎ᠠᠴᠠ ᠭᠠᠵᠠᠷ᠎ᠲᠠᠢ᠂ ᠦᠢ᠍ᠯᠡᠰ ᠪᠤᠰᠬᠠᠬᠤ᠎ᠳᠤ ᠲᠡᠳᠬᠦᠮᠵᠢ᠎ᠲᠠᠢ᠂ ᠠᠵᠢᠯ ᠠᠯᠳᠠᠬᠤ᠎ᠳᠤ ᠬᠠᠪᠰᠤᠷᠤᠮᠵᠢ᠎ᠲᠠᠢ ᠪᠠᠢ᠍ᠢ᠍ᠬᠤ ᠵᠢ ᠪᠠᠲᠤᠯᠠᠬᠤ ᠬᠡᠷᠡᠭᠲᠡᠢ᠃ ᠠᠷᠭ᠎ᠠ ᠵᠠᠮ ᠵᠶ᠋ᠠᠨ ᠥᠷᠭᠡᠳᠬᠡᠵᠦ᠂ ᠨᠥᠬᠥᠴᠡᠯ᠎ᠳᠤ ᠨᠡᠶ᠋ᠢᠴᠡᠭᠰᠡᠨ ᠴᠡᠷᠢᠭ᠎ᠢ ᠳᠠᠭ᠋ᠠᠵᠦ ᠶᠠᠪᠤᠭ᠎ᠠ ᠭᠡᠷ ᠪᠦᠯᠢ ᠵᠢᠨ᠎ᠬᠢᠨ᠎ᠢ ᠴᠥᠮ ᠲᠣᠬᠢᠷᠠᠮᠵᠢᠲᠠᠶ᠎ᠪᠠᠷ ᠲᠥᠪᠬᠢᠨᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠴᠡᠷᠢᠭ᠎ᠤᠨ ᠦᠷ᠎ᠡ ᠬᠡᠤᠬᠡᠳ᠎ᠤᠨ ᠣᠶ᠋ᠢᠷ᠎ᠠ ᠬᠠᠪᠢ᠎ᠳᠠᠭᠠᠨ ᠰᠤᠷᠭ᠋ᠠᠭᠤᠯᠢ᠎ᠳᠤ ᠣᠷᠣᠬᠤ᠂ ᠰᠤᠷᠭ᠋ᠠᠭᠤᠯᠢ ᠲᠤᠬᠢᠷᠠᠭᠤᠯᠵᠦ ᠰᠢᠯᠵᠢᠭᠦᠯᠬᠦ᠂ ᠦᠨᠳᠦᠷ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠳᠤ ᠣᠷᠣᠯᠴᠠᠬᠤ᠎ᠳᠤ ᠬᠠᠷᠠᠭ᠋ᠠᠯᠵᠠᠯ ᠦᠵᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠦ᠂ ᠴᠡᠷᠢᠭ ᠵᠢᠴᠢ ᠲᠡᠲᠠᠠᠤ ᠭᠡᠷ ᠪᠦᠯᠢ ᠵᠢᠨ᠎ᠬᠢᠨ᠎ᠢ ᠰᠠᠨᠠᠭ᠎ᠠ ᠠᠮᠤᠷ ᠪᠠᠶ᠋ᠢᠯᠭ᠋ᠠᠬᠤ ᠭᠡᠷᠡᠭᠲᠡᠢ᠃ ᠡᠭᠦᠨ᠎ᠤ ᠬᠠᠮᠳᠤ ᠴᠡᠷᠢᠭ ᠠᠨᠭ᠌ᠬᠢ ᠵᠢᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠲᠠᠮᠵᠢᠵᠤ᠂ ᠠᠵᠤ ᠠᠬᠤᠶ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠶ ᠣᠷᠣᠯᠴᠠᠬᠤ ᠬᠡᠷᠡᠭᠳᠠᠢ᠃ ᠬᠠᠷᠠᠭ᠋ᠠᠯᠵᠠᠵᠤ ᠲᠥᠪᠬᠢᠨᠡᠭᠦᠯᠬᠦ ᠵᠡᠷᠭᠡ ᠡᠳ᠋᠎ᠤᠨ ᠵᠠᠰᠠᠭ᠎ᠤᠨ ᠵᠠᠷᠤᠯᠭ᠎ᠠ ᠵᠢ ᠪᠠᠲᠤᠯᠠᠵᠤ᠂ ᠬᠣᠶᠠᠷ᠎ᠢ ᠬᠦᠷᠢᠶᠡᠯᠡᠬᠦ ᠵᠢᠱ᠌ᠢᠶᠡᠴᠢ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠦᠨᠳᠦᠰᠦᠨ ᠱᠠᠲᠤᠨ᠎ᠤ ᠬᠣᠶᠠᠷ᠎ᠢ ᠬᠦᠷᠢᠶᠡᠯᠡᠬᠦ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠤᠨ᠂ ᠬᠣᠶᠠᠷ᠎ᠢ ᠬᠦᠷᠢᠶᠡᠯᠡᠬᠦ ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠳᠠᠢ ᠭᠡᠵᠦ ᠵᠢᠭ᠋ᠠᠵᠦ ᠭᠠᠷᠭ᠋ᠠᠪᠠ᠃
ᠶᠡᠬᠡ ᠬᠤᠷᠠᠯ᠎ᠠᠴᠠ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ 411 ᠵᠢᠱ᠌ᠢᠶᠡᠴᠢ ᠬᠣᠲᠠ (ᠰᠢᠶᠠᠨ) ᠵᠢ ᠨᠡᠷᠡᠶ᠋ᠢᠳᠦᠭᠰᠡᠨ ᠲᠤᠬᠠᠢ ᠲᠤᠭᠳᠠᠭ᠋ᠠᠯ᠂ ᠪᠦᠬᠦ ᠤᠯᠤᠰ᠎ᠤᠨ ᠤᠯᠤᠰ ᠵᠶ᠋ᠠᠨ ᠬᠠᠶ᠋ᠢᠷᠠᠯᠠᠵᠤ ᠴᠡᠷᠢᠭ ᠵᠶ᠋ᠠᠨ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠣᠯᠤᠨ ᠵᠠᠰᠠᠭ ᠵᠶ᠋ᠠᠨ ᠬᠦᠷᠢᠶᠡᠯᠡᠵᠤ ᠠᠷᠠᠳ ᠵᠶ᠋ᠠᠨ ᠬᠠᠶ᠋ᠢᠷᠠᠯᠠᠬᠰᠠᠨ ᠵᠢᠱ᠌ᠢᠶᠡᠴᠢ ᠨᠢᠭᠡᠴᠢ ᠵᠢ ᠬᠥᠬᠢᠭᠦᠯᠦᠨ ᠰᠠᠶ᠋ᠢᠰᠢᠶᠠᠬᠤ ᠲᠤᠬᠠᠶ ᠲᠤᠭᠳᠠᠭ᠋ᠠᠯ᠂ ᠪᠦᠬᠦ ᠤᠯᠤᠰ᠎ᠤᠨ ᠤᠯᠤᠰ ᠵᠶ᠋ᠠᠨ ᠬᠠᠶ᠋ᠢᠷᠠᠯᠠᠵᠤ ᠴᠡᠷᠢᠭ ᠵᠶ᠋ᠠᠨ ᠬᠦᠷᠢᠶᠡᠯᠡᠭᠰᠡᠨ ᠵᠢᠱ᠌ᠢᠶᠡᠴᠢ ᠪᠠ ᠵᠠᠰᠠᠭ ᠵᠶ᠋ᠠᠨ ᠬᠦᠷᠢᠶᠡᠯᠡᠵᠤ ᠠᠷᠠᠳ ᠵᠶ᠋ᠠᠨ ᠬᠠᠶ᠋ᠢᠷᠠᠯᠠᠬᠰᠠᠨ ᠵᠢᠱ᠌ᠢᠶᠡᠴᠢ ᠵᠢ ᠬᠥᠬᠢᠭᠦᠯᠦᠨ ᠰᠠᠶ᠋ᠢᠰᠢᠶᠠᠬᠤ ᠲᠤᠬᠠᠶ ᠲᠣᠭᠲᠠᠭ᠋ᠠᠯ᠎ᠢ ᠤᠩᠰᠢᠨ ᠨᠡᠢ᠍ᠢ᠍ᠳᠡᠯᠡᠪᠡ᠃ ᠶᠡᠬᠡ ᠬᠤᠷᠠᠯ᠎ᠠᠴᠠ ᠨᠡᠷᠡᠶ᠋ᠢᠳᠴᠦ ᠬᠥᠬᠢᠭᠦᠯᠦᠭᠳᠡᠭᠰᠡᠨ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠣᠲᠠ (ᠰᠢᠶᠠᠨ) ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠠ ᠬᠤᠪᠢ ᠬᠥᠮᠦᠨ᠎ᠤ ᠲᠥᠯᠥᠭᠡᠯᠡᠭᠴᠢᠳ᠎ᠲᠤ ᠱᠠᠩᠨᠠᠯ ᠣᠯᠭᠣᠭᠰᠠᠨ ᠪᠠᠢ᠍ᠢ᠍ᠨ᠎ᠠ᠃ ᠴᠡᠷᠢᠭ ᠠᠩᠭᠢ ᠪᠠ ᠣᠷᠣᠨ ᠨᠤᠲᠤᠭ᠎ᠤᠨ ᠬᠣᠯᠪᠣᠭᠳᠠᠯ ᠪᠦᠬᠦᠢ ᠲᠥᠯᠥᠭᠡᠯᠡᠭᠴᠢ ᠦᠭᠡ ᠬᠡᠯᠡᠵᠠᠢ᠃
ᠳ᠋ᠢᠩ ᠰᠢᠤᠸᠠᠢ ᠰᠢᠶᠠᠩ ᠠᠭᠤᠯᠵᠠᠯᠲᠠ᠎ᠳᠤ ᠣᠷᠣᠯᠴᠠᠵᠤ᠂ ᠰᠦᠨ ᠴᠦᠨ ᠯᠠᠨ ᠠᠭᠤᠯᠵᠠᠯᠲᠠ᠎ᠳᠤ ᠣᠷᠣᠯᠴᠠᠭᠰᠠᠨ ᠪᠥᠭᠡᠳ ᠶᠡᠬᠡ ᠬᠤᠷᠠᠯ᠎ᠢ ᠡᠷᠬᠢᠯᠡᠪᠠ᠂ ᠵᠠᠩ ᠶᠢᠦ ᠰᠢᠶᠠ᠂ ᠴᠧᠨ ᠰᠢ᠂ ᠬᠤᠸᠠᠩ ᠺᠦᠨ ᠮᠢᠩ᠂ ᠱᠸᠨ ᠶᠤᠸᠠᠢ ᠶᠤᠸᠠᠢ᠂ ᠰᠢᠶᠣᠤ ᠵᠢᠶᠧ᠂ ᠮᠠ ᠪᠢᠶᠣᠤ ᠠᠭᠤᠯᠵᠠᠯᠲᠠ᠎ᠳᠤ ᠣᠷᠣᠯᠴᠠᠭᠰᠠᠨ ᠪᠥᠭᠡᠳ ᠶᠡᠬᠡ ᠬᠤᠷᠠᠯ᠎ᠳᠤ ᠣᠷᠣᠯᠴᠠᠵᠤ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠭᠡᠰᠢᠭᠦᠨ ᠮᠢᠶᠣᠣ ᠬᠤᠸᠠ ᠠᠭᠤᠯᠵᠠᠯᠲᠠ᠎ᠳᠤ ᠣᠷᠣᠯᠴᠠᠭᠰᠠᠨ ᠪᠥᠭᠡᠳ ᠬᠤᠷᠠᠯ ᠳᠡᠭᠡᠷ᠎ᠡ ᠬᠥᠬᠢᠭᠦᠯᠦᠨ ᠰᠠᠶ᠋ᠢᠰᠢᠶᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠪᠡ᠃
ᠶᠡᠬᠡ ᠬᠤᠷᠠᠯ᠎ᠢ ᠲᠧᠯᠸᠢᠰ ᠤᠳᠠᠰᠤ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠵᠤ᠂ ᠪᠡᠭᠡᠵᠢᠩ᠎ᠳᠤ ᠭᠣᠣᠯ ᠬᠤᠷᠠᠯ᠎ᠤᠨ ᠲᠠᠯᠠᠪᠠᠢ ᠲᠤᠬᠢᠷᠠᠭᠤᠯᠤᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠣᠲᠠ (ᠰᠢᠶᠠᠨ) ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠣᠯᠤᠨ ᠬᠤᠪᠢ ᠬᠥᠮᠦᠨ᠎ᠤ ᠲᠥᠯᠥᠭᠡᠯᠡᠭᠴᠢ᠂ ᠪᠥᠬᠥ ᠤᠯᠤᠰ᠎ᠤᠨ ᠬᠣᠶᠠᠷ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠴᠡᠷᠢᠭ ᠠᠩᠭᠢ ᠪᠤᠯᠤᠨ ᠣᠷᠣᠨ ᠨᠤᠲᠤᠭ᠎ᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠤᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠬᠣᠶᠠᠷ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠶ᠋ᠢᠯᠠᠩ ᠵᠢᠴᠢ ᠬᠣᠶᠠᠷ᠎ᠢ ᠬᠦᠷᠢᠶᠡᠯᠡᠬᠦ ᠠᠵᠢᠯ᠎ᠤᠨ ᠠᠯᠪᠠᠨ ᠬᠡᠷ᠎ᠤᠨ ᠭᠣᠤᠯ ᠬᠠᠷᠢᠭᠤᠴᠠᠯᠭ᠋ᠠᠲᠠᠨ ᠨᠥᠬᠥᠳ ᠭᠣᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠢ᠃