ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2020-10-30


     (2020 ᠣᠨ᠎ᠤ 10 ᠰᠠᠷ᠎ᠠ ᠵᠢᠨ 29᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠠᠴᠠ ᠪᠠᠲᠤᠯᠠᠪᠠ)


      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ 2020 ᠣᠨ᠎ᠤ 10 ᠰᠠᠷ᠎ᠠ ᠵᠢᠨ 26᠎ᠤ ᠡᠳᠦᠷ᠎ᠠᠴᠠ 29᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃
      ᠡᠨᠡ ᠤᠳᠠᠭ᠎ᠠ ᠵᠢᠨ ᠪᠥᠬᠥᠳᠡ ᠬᠤᠷᠠᠯ᠎ᠳᠤ᠂ ᠲᠥᠪ ᠬᠣᠷᠢᠶᠠᠨ᠎ᠤ ᠭᠡᠰᠢᠭᠦᠨ 198 ᠬᠥᠮᠦᠨ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ 166 ᠬᠥᠮᠦᠨ ᠣᠷᠣᠯᠴᠠᠪᠠ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠪᠠᠶ᠋ᠢᠩᠭᠤ ᠵᠢᠨ ᠬᠣᠷᠢᠶᠠᠨ᠎ᠤ ᠭᠡᠰᠢᠭᠦᠨ ᠪᠣᠯᠤᠨ ᠬᠠᠮᠢᠶ᠎ᠠ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭᠴᠢ ᠵᠢᠨ ᠳᠣᠲᠣᠷᠠᠬᠢ ᠦᠨᠳᠦᠰᠦᠨ ᠱᠠᠲᠤᠨ᠎ᠤ ᠬᠡᠰᠡᠭ ᠨᠥᠬᠥᠳ ᠪᠤᠯᠤᠨ ᠲᠤᠰᠬᠠᠶ ᠮᠡᠷᠭᠡᠵᠢᠯᠲᠡᠨ ᠡᠷᠳᠡᠮᠲᠡᠨ ᠪᠠᠰᠠ ᠬᠤᠷᠠᠯ᠎ᠳᠤ ᠰᠤᠯᠠ ᠣᠷᠣᠯᠴᠠᠵᠢ᠃
      ᠪᠥᠬᠥᠳᠡ ᠬᠤᠷᠠᠯ᠎ᠢ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠡᠷᠬᠢᠯᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃
      ᠪᠥᠬᠥᠳᠡ ᠬᠤᠷᠠᠯ᠎ᠠᠴᠠ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠵᠢ ᠬᠢᠨᠠᠨ ᠵᠦᠪᠯᠡᠵᠥ ᠪᠠᠲᠤᠯᠠᠪᠠ᠃ ᠰᠢ ᠵᠢᠨ ᠫᠢᠩ 《ᠰᠠᠨᠠᠭᠤᠯᠭ᠎ᠠ

(ᠶᠠᠷᠢᠯᠴᠠᠬᠤ ᠨᠣᠤᠷᠠᠭ)》 ᠵᠢᠨ ᠲᠤᠬᠠᠶ ᠪᠥᠬᠥᠳᠡ ᠬᠤᠷᠠᠯ᠎ᠳᠤ ᠲᠣᠳᠣᠷᠬᠠᠶ᠋ᠢᠯᠠᠯᠲᠠ ᠬᠢᠪᠠ᠃
      ᠪᠥᠬᠥᠳᠡ ᠬᠤᠷᠠᠯ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠨᠠᠭ᠋ᠠᠰᠢᠬᠢ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠵᠢᠯ᠎ᠢ ᠭᠦᠢ᠍ᠴᠡᠳ ᠨᠤᠲᠠᠯᠠᠪᠠ᠃ ᠨᠢᠭᠡ ᠵᠢᠯ᠎ᠤᠨ ᠲᠤᠷᠰᠢ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠸ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠥ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠬᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠯᠠᠪᠳᠠᠭᠤᠨ ᠪᠦᠭᠡᠳ ᠡᠷᠴᠢᠮᠳᠠᠢ ᠠᠷᠭ᠋ᠠᠴᠠᠭ᠋ᠠᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠵᠢᠬᠦᠯᠵᠦ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢᠨ ᠰᠠᠭᠤᠷᠢ ᠴᠡᠭ᠎ᠢ ᠡᠵᠡᠮᠳᠡᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠣᠷᠸ᠎ᠠ ᠲᠥᠷᠥ ᠵᠢᠨ ᠪᠣᠳᠣᠯᠭ᠎ᠠ᠎ᠪᠠᠷ ᠠᠷᠭ᠋ᠠᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ 《ᠵᠢᠷᠭᠤᠭ᠎ᠠ ᠵᠢ ᠳᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠦᠷ᠎ᠡ ᠪᠦᠲᠦᠭᠡᠯ ᠣᠯᠵᠤ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠯᠠᠪᠳᠠᠭᠤᠨ ᠪᠠᠲᠤᠲᠠᠶ ᠠᠬᠢᠵᠤ᠂ ᠠᠵᠤ ᠠᠬᠤᠢ ᠵᠢᠨ ᠨᠡᠮᠡᠭᠳᠡᠯ ᠵᠢᠱ᠌ᠢᠯᠲᠡ᠎ᠠᠴᠠ ᠰᠠᠶ᠋ᠢᠨ ᠪᠠᠶ᠋ᠢᠵᠤ᠂ ᠠᠷᠠᠳ᠎ᠤᠨ ᠠᠮᠢᠳᠤᠷᠠᠯ᠎ᠢ ᠬᠦᠴᠦᠲᠡᠶ ᠪᠠᠲᠤᠯᠠᠵᠤ᠂ ᠨᠡᠶ᠋ᠢᠭᠡᠮ᠎ᠤᠨ ᠶᠡᠬᠡ ᠲᠠᠯ᠎ᠠ ᠲᠣᠭᠲᠠᠭᠤᠨ ᠪᠠᠶ᠋ᠢᠳᠠᠯ ᠵᠶ᠋ᠠᠨ ᠪᠠᠲᠤᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠤᠮᠤ ᠤᠯᠤᠰ᠎ᠤᠨ ᠭᠠᠳᠠᠭ᠋ᠠᠳᠤ ᠬᠠᠷᠢᠯᠴᠠᠭ᠎ᠠ ᠢᠳᠡᠪᠬᠢᠲᠡᠶ ᠠᠬᠢᠵᠤ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠴᠢᠬᠤᠯᠠ ᠶᠡᠬᠡ ᠰᠢᠨ᠎ᠡ ᠠᠮᠵᠢᠯᠲᠠ ᠪᠦᠲᠦᠮᠵᠢ ᠤᠯᠵᠠᠢ ᠬᠡᠵᠥ ᠰᠠᠨᠠᠯ ᠨᠢᠬᠡᠳᠡᠢ ᠦᠵᠡᠪᠡ᠃
      ᠪᠥᠬᠥᠳᠡ ᠬᠤᠷᠠᠯ᠎ᠠᠴᠠ᠂ ᠨᠠᠷᠢᠨ ᠪᠤᠳᠤᠯᠢᠶᠠᠨᠲᠠᠶ ᠳᠡᠯᠡᠬᠡᠢ ᠵᠢᠨ ᠪᠠᠶ᠋ᠢᠳᠠᠯ᠂ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢ᠍ᠢ᠍ᠭ᠎ᠠ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠣᠨᠴᠠᠭ᠋ᠠᠶ᠋ᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠶ ᠳᠠᠭ᠋ᠠᠷᠢᠯᠲᠠ ᠵᠢᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠷᠡᠮᠡᠬᠡᠢ᠍ᠢ᠍ᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠢ ᠬᠦᠴᠦᠯᠡᠨ ᠠᠬᠢᠭᠤᠯᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠯᠭᠡ ᠣᠩᠭᠣᠴᠠ ᠦᠷᠭᠦᠯᠵᠢᠯᠡᠨ ᠰᠠᠯᠬᠢ ᠳᠠᠪᠠᠯᠭ᠋ᠠᠨ᠎ᠢ ᠵᠦᠰᠦᠨ᠂ ᠡᠷᠡᠰ ᠰᠢᠭᠤᠷᠬᠠᠶ᠎ᠪᠠᠷ ᠤᠷᠤᠭᠰᠢᠯᠠᠪᠠ᠃ ᠰᠢ ᠵᠢᠨ ᠫᠢᠩ ᠨᠥᠬᠥᠷ ᠨᠠᠮ᠎ᠤᠨ ᠲᠥᠪ ᠬᠣᠷᠢᠶᠠᠨ᠎ᠤ ᠭᠣᠤᠯᠯᠠᠭᠴᠢ᠂ ᠪᠦᠬᠦ ᠨᠠᠮ᠎ᠤᠨ ᠭᠣᠤᠯᠯᠠᠭᠴᠢ ᠪᠤᠯᠵᠤ ᠠᠶᠠᠯᠠᠯ ᠵᠠᠮᠴᠢᠯᠠᠨ ᠴᠢᠭᠯᠡᠯ᠎ᠢ ᠡᠵᠡᠮᠳᠡᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠰᠢᠷᠭ᠋ᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠯᠠᠪᠳᠠᠢ ᠨᠡᠩ ᠡᠷᠴᠢᠮᠳᠠᠢ ᠲᠦᠯᠬᠢᠨ ᠤᠷᠤᠭᠰᠢᠯᠠᠭᠤᠯᠵᠤ ᠴᠢᠳᠠᠬᠤ ᠵᠢ ᠦᠢ᠍ᠯᠡᠳᠦᠯᠭᠡ ᠳᠠᠬᠢᠨᠲᠠ ᠭᠡᠷᠡᠴᠢᠯᠡᠵᠠᠢ ᠬᠡᠵᠥ ᠰᠠᠨᠠᠯ ᠨᠢᠬᠡᠳᠡᠢ ᠦᠵᠡᠪᠡ᠃
      ᠪᠥᠬᠥᠳᠡ ᠬᠤᠷᠠᠯ᠎ᠠᠴᠠ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠦᠷᠢᠲᠦ ᠢᠯᠠᠯᠲᠠ ᠵᠢ ᠤᠯᠬᠤ ᠲᠠᠯ᠎ᠠ᠎ᠪᠠᠷ ᠣᠯᠤᠭᠰᠠᠨ ᠰᠢᠢ᠍ᠳᠪᠦᠷᠢᠯᠡᠭᠴᠢ ᠴᠢᠨᠠᠷᠲᠠᠶ ᠠᠮᠵᠢᠯᠲᠠ ᠵᠢ ᠳᠡᠭᠡᠳᠦ ᠬᠡᠮᠵᠢᠶ᠎ᠡ᠎ᠪᠠᠷ ᠦᠨᠡᠯᠡᠪᠡ᠃

《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ ᠴᠢᠬᠤᠯᠠ ᠶᠡᠬᠡ ᠠᠬᠢᠴᠠ᠎ᠲᠠᠢ ᠪᠣᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠴᠢᠬᠤᠯᠠ ᠶᠡᠬᠡ ᠦᠷ᠎ᠡ ᠪᠦᠲᠦᠭᠡᠯ ᠣᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠲᠦᠷᠭᠡᠨ ᠠᠬᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠠᠪᠠᠭᠤᠯᠢᠭ ᠤᠯᠠᠮ ᠨᠢᠭᠡ ᠠᠯᠬᠤᠮ ᠢᠯᠡᠷᠡᠪᠡ; ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠶᠡᠬᠡ ᠳᠡᠭᠲᠡᠷ᠎ᠲᠤ ᠭᠠᠷᠴᠤ᠂ ᠠᠵᠤ ᠠᠬᠤᠶ ᠵᠢᠨ ᠡᠷᠬᠢᠯᠳᠡ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠠᠵᠤ ᠠᠬᠤᠶ ᠵᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠵᠢᠱ᠌ᠢᠯᠲᠡ᠎ᠪᠠᠷ 2020 ᠣᠨ᠎ᠳᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 100 ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠤᠯᠤᠨ᠎ᠠ; ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠭᠰᠠᠨ ᠦᠷ᠎ᠡ ᠪᠦᠲᠦᠭᠡᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠬᠥᠳᠡᠭᠡ ᠲᠣᠰᠬᠣᠨ᠎ᠤ ᠲᠠᠪᠤᠨ ᠮᠢᠩᠭ᠎ᠠ ᠲᠠᠪᠤᠨ ᠵᠠᠭᠤ ᠲᠠᠯᠠᠨ ᠲᠠᠪᠤᠨ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠠᠳᠠᠭᠤ᠎ᠠᠴᠠ ᠠᠩᠭᠢᠵᠢᠷᠠᠪᠠ; ᠠᠮᠤ ᠪᠤᠳᠠᠭ᠋ᠠᠨ᠎ᠤ ᠤᠨᠠᠯᠲᠠ ᠲᠠᠪᠤᠨ ᠵᠢᠯ ᠳᠠᠷᠠᠭ᠋ᠠᠯᠠᠨ ᠲᠦᠮᠡ ᠭᠤᠷᠪᠠᠨ ᠮᠢᠩᠭ᠋ᠠᠨ ᠳ᠋ᠦᠩᠰᠢᠭᠤᠷ ᠵᠢᠩ᠎ᠢ ᠳᠠᠪᠠᠪᠠ; ᠪᠣᠬᠢᠷᠲᠤᠯ᠎ᠢ ᠰᠡᠷᠭᠡᠶ᠋ᠢᠯᠡᠨ ᠵᠠᠰᠠᠬᠤ ᠡᠷᠴᠢᠮ ᠴᠢᠩᠭ᠋ᠠᠷᠠᠵᠤ᠂ ᠠᠮᠢ ᠠᠬᠤᠶ ᠣᠷᠴᠢᠨ ᠳᠤᠭᠤᠷᠢᠨ ᠢᠯᠡᠳᠲᠡ ᠰᠠᠶ᠋ᠢᠵᠢᠷᠠᠪᠠ; ᠭᠠᠳᠠᠭ᠋ᠠᠳᠤ ᠨᠡᠭᠡᠭᠡᠯᠲᠡ ᠦᠷᠭᠦᠯᠵᠢᠯᠡᠨ ᠥᠷᠭᠡᠳᠴᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠠᠵᠢᠯ ᠪᠠᠶᠠᠯᠢᠭ ᠦᠷ᠎ᠡ ᠪᠦᠲᠦᠭᠡᠯ ᠤᠯᠪᠠ; ᠠᠷᠠᠳ᠎ᠤᠨ ᠠᠮᠢᠳᠤᠷᠠᠯ᠎ᠤᠨ ᠲᠦᠪᠰᠢᠨ ᠢᠯᠡᠳᠲᠡ ᠳᠡᠭᠡᠭᠰᠢᠯᠡᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠲᠦᠭᠡᠮᠡᠯᠵᠢᠬᠦ ᠱᠠᠲᠤᠨ᠎ᠳᠤ ᠣᠷᠣᠵᠤ᠂ ᠬᠣᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ ᠵᠢᠷᠭᠤᠭ᠋ᠠᠨ ᠮᠢᠩᠭ᠋ᠠᠨ ᠲᠦᠮᠡ ᠵᠢ ᠳᠠᠪᠠᠵᠤ᠂ ᠳᠡᠯᠡᠬᠡᠶ ᠳᠡᠬᠡᠷᠡᠬᠢ ᠬᠡᠪᠴᠢᠶ᠎ᠡ᠎ᠪᠠᠷ ᠬᠠᠮᠤᠭ᠎ᠤᠨ ᠶᠡᠬᠡ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠢ ᠪᠠᠶ᠋ᠢᠭᠤᠯᠤᠨ᠂ ᠦᠨᠳᠦᠰᠦᠨ ᠡᠮ ᠡᠮᠴᠢᠯᠡᠭᠡᠨ᠎ᠤ ᠳᠠᠭ᠋ᠠᠳᠬᠠᠯ 13 ᠳ᠋ᠦᠩᠰᠢᠭᠤᠷ ᠭᠠᠷᠤᠢ ᠬᠥᠮᠦᠨ᠎ᠢ ᠬᠠᠮᠤᠷᠴᠤ᠂ ᠦᠨᠳᠦᠰᠦᠨ ᠨᠠᠰᠤᠵᠢᠯ᠎ᠤᠨ ᠳᠠᠭ᠋ᠠᠳᠬᠠᠯ 10 ᠳ᠋ᠦᠩᠰᠢᠭᠤᠷ ᠰᠢᠬᠠᠮ ᠬᠥᠮᠦᠨ᠎ᠢ ᠬᠠᠮᠤᠷᠴᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠦᠷ᠎ᠡ ᠪᠦᠲᠦᠭᠡᠯ ᠤᠯᠪᠠ; ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ ᠴᠡᠴᠡᠭᠯᠡᠨ ᠬᠥᠭᠵᠢᠪᠡ; ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠬᠢ ᠵᠢᠨ ᠪᠠᠶ᠋ᠢᠭᠤᠯᠤᠯᠲᠠ ᠵᠢᠨ ᠬᠢᠷᠢ ᠲᠦᠪᠰᠢᠨ ᠶᠡᠬᠡ᠎ᠪᠠᠷ ᠳᠡᠭᠡᠭᠰᠢᠯᠡᠵᠦ᠂ ᠴᠡᠷᠢᠭ ᠠᠨᠭ᠌ᠬᠢ ᠵᠢᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠪᠠᠶ᠋ᠢᠳᠠᠯ᠎ᠳᠤ ᠴᠢᠬᠤᠯᠠ ᠶᠡᠬᠡ ᠬᠤᠪᠢᠷᠠᠯᠲᠠ ᠭᠠᠷᠪᠠ; ᠤᠯᠤᠰ᠎ᠤᠨ ᠠᠮᠤᠷ ᠲᠦᠪᠰᠢᠨ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠡᠶ᠋ᠢᠭᠡᠮ ᠡᠶ᠎ᠡ ᠵᠤᠬᠢᠴᠠᠩᠭᠤᠢ ᠲᠣᠭᠲᠠᠭᠤᠨ ᠪᠠᠶ᠋ᠢᠳᠠᠯ ᠵᠶ᠋ᠠᠨ ᠪᠠᠲᠤᠯᠠᠪᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠤᠳᠠᠯ ᠦᠭᠡᠢ ᠪᠡᠶᠡᠯᠡᠭᠳᠡᠬᠦ᠎ᠪᠠᠷ ᠪᠠᠢ᠍ᠢ᠍ᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠠᠵᠢᠯ ᠠᠮᠵᠢᠯᠲᠠ ᠣᠯᠤᠮᠠᠷ ᠪᠤᠯᠵᠥ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠤᠷᠤᠭᠰᠢ᠎ᠪᠠᠨ ᠨᠢᠭᠡ ᠶᠡᠬᠡ ᠰᠢᠨ᠎ᠠ ᠠᠯᠬᠤᠮ ᠠᠬᠢᠵᠤ᠂ ᠨᠡᠶ᠋ᠢᠭᠡᠮ ᠵᠢᠷᠤᠮᠲᠤ ᠳᠤᠮᠳᠠᠳᠤ ᠤᠯᠤᠰ ᠨᠡᠩ ᠠᠤᠭ᠎ᠠ ᠰᠦᠷᠯᠢᠭ ᠳᠦᠷᠢ ᠲᠥᠷᠬᠦ᠎ᠪᠠᠷ ᠳᠡᠯᠡᠬᠡᠢ ᠵᠢᠨ ᠳᠣᠷᠣᠨᠠᠳᠠᠬᠢᠨ᠎ᠳᠤ ᠰᠡᠬᠦᠶ᠋ᠢᠨ ᠰᠦᠨᠳᠡᠷᠯᠡᠵᠠᠢ ᠭᠡᠪᠡ᠃
      ᠪᠥᠬᠥᠳᠡ ᠬᠤᠷᠠᠯ᠎ᠠᠴᠠ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠨᠢᠭᠡ ᠯᠡ ᠠᠮᠢᠰᠬᠤᠭ᠎ᠠ᠎ᠪᠠᠷ ᠴᠢᠷᠮᠠᠶ᠋ᠢᠨ᠂ ᠲᠣᠭᠲᠠᠭᠰᠠᠨ ᠬᠤᠭᠤᠴᠠᠭ᠋ᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠵᠢ ᠦᠨᠡᠨ ᠬᠦ᠌ ᠪᠠᠲᠤᠯᠠᠵᠤ᠂ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠯᠠᠯ᠎ᠢ ᠡᠬᠢᠯᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠬᠤ ᠬᠡᠷᠡᠭᠲᠡᠶ ᠬᠡᠵᠥ ᠴᠢᠬᠤᠯᠠᠴᠢᠯᠠᠪᠠ᠃
      ᠪᠥᠬᠥᠳᠡ ᠬᠤᠷᠠᠯ᠎ᠠᠴᠠ ᠮᠠᠨ᠎ᠤ ᠤᠯᠤᠰ᠎ᠤᠨ ᠬᠥᠭᠵᠢᠯᠲᠡ ᠵᠢᠨ ᠣᠷᠴᠢᠨ ᠲᠣᠭᠣᠷᠢᠨ᠎ᠳᠤ ᠲᠤᠯᠭ᠋ᠠᠷᠠᠵᠤ ᠪᠠᠶ᠋ᠢᠭ᠎ᠠ ᠭᠦᠨ ᠭᠦᠨᠵᠡᠭᠡᠶ ᠨᠠᠷᠢᠨ ᠪᠤᠳᠤᠯᠢᠶᠠᠨᠲᠠᠶ ᠬᠤᠪᠢᠷᠠᠯᠲᠠ ᠵᠢ ᠭᠦᠨᠵᠡᠭᠡᠶ ᠵᠠᠳᠠᠯᠵᠤ᠂ ᠣᠳᠣᠬᠠᠨ ᠪᠠ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠥᠭᠵᠢᠯᠲᠡ ᠮᠥᠨ ᠬᠦ᠌ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠠᠵᠠ ᠲᠤᠬᠢᠶᠠᠯᠳᠤ ᠬᠤᠭᠤᠴᠠᠭ᠋ᠠᠨ᠎ᠳᠤ ᠣᠷᠣᠰᠢᠨ᠎ᠠ᠂ ᠭᠡᠪᠡᠴᠦ ᠠᠵᠠ ᠲᠣᠬᠢᠶᠠᠯ ᠪᠠ ᠥᠷᠢᠰᠥᠯᠳᠦᠭᠡᠨ᠎ᠳᠤ ᠴᠥᠮ ᠰᠢᠨ᠎ᠡ ᠬᠥᠭᠵᠢᠯᠲᠡ ᠬᠤᠪᠢᠷᠠᠯᠲᠠ᠎ᠲᠠᠢ᠃ ᠣᠳᠣᠬᠠᠨ᠎ᠤ ᠳᠡᠯᠡᠬᠡᠶ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢ ᠥᠩᠭᠡᠷᠡᠭᠡᠵᠦ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠭᠦᠨᠵᠡᠭᠡᠶ᠋ᠢᠷᠡᠨ ᠬᠦᠭᠵᠢᠵᠦ᠂ ᠣᠯᠠᠨ ᠤᠯᠤᠰ᠎ᠤᠨ ᠬᠦᠴᠦᠨ᠎ᠤ ᠬᠠᠷᠢᠴᠠᠯ᠎ᠳᠤ ᠭᠦᠨᠵᠡᠭᠡᠢ ᠳᠤᠬᠢᠷᠠᠭᠤᠯᠤᠯᠳᠠ ᠡᠭᠦᠰᠴᠤ᠂ ᠡᠩᠬᠡ ᠲᠠᠶ᠋ᠢᠪᠤᠩ ᠪᠠ ᠬᠥᠭᠵᠢᠯᠲᠡ ᠮᠥᠨ ᠬᠦ᠌ ᠴᠠᠭ ᠦᠶ᠎ᠡ ᠵᠢᠨ ᠭᠣᠣᠯ ᠰᠡᠳᠦᠪ ᠪᠠᠢ᠍ᠢ᠍ᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ ᠬᠥᠮᠦᠰ᠎ᠤᠨ ᠰᠡᠳᠬᠢᠯ᠎ᠳᠤ ᠭᠦᠨ ᠬᠠᠳᠠᠩᠰᠢᠬᠤ ᠵᠢᠨ ᠬᠠᠮᠲᠤ ᠤᠯᠠᠨ ᠤᠯᠤᠰ᠎ᠤᠨ ᠣᠷᠴᠢᠨ ᠡᠳᠦᠷ ᠢᠷᠡᠬᠦᠶ᠎ᠡ ᠪᠤᠳᠤᠯᠢᠶᠠᠨᠲᠠᠶ ᠪᠤᠯᠵᠤ᠂ ᠳᠤᠭᠳᠠᠭᠤᠨ ᠪᠤᠰᠤ ᠴᠢᠨᠠᠷ ᠳᠤᠳᠤᠷᠬᠠᠢ ᠦᠭᠡᠢ ᠴᠢᠨᠠᠷ ᠢᠯᠡᠳᠲᠡ ᠨᠡᠮᠡᠭᠳᠡᠪᠡ᠃ ᠮᠠᠨ᠎ᠤ ᠤᠯᠤᠰ ᠨᠢᠭᠡᠨᠲᠡ ᠴᠢᠨᠠᠷ ᠰᠠᠶ᠋ᠢᠲᠠᠶ ᠬᠥᠭᠵᠢᠯᠲᠡ ᠵᠢᠨ ᠱᠠᠲᠤᠨ᠎ᠳᠤ ᠰᠢᠯᠵᠢᠵᠦ᠂ ᠪᠠᠶ᠋ᠢᠭᠤᠯᠤᠯ᠎ᠤᠨ ᠳᠠᠪᠠᠭᠤᠯᠢᠭ ᠢᠯᠡᠷᠬᠡᠢ ᠪᠣᠯᠵᠤ᠂ ᠵᠠᠰᠠᠯᠲᠠ ᠵᠢᠨ ᠦᠷ᠎ᠡ ᠪᠦᠲᠦᠮᠵᠢ ᠳᠡᠭᠡᠭᠰᠢᠯᠡᠵᠤ᠂ ᠠᠵᠤ ᠠᠬᠤᠶ ᠤᠷᠲᠤ ᠬᠤᠭᠤᠴᠠᠭ᠎ᠠ᠎ᠪᠠᠷ ᠰᠠᠶ᠋ᠢᠵᠢᠷᠠᠵᠤ᠂ ᠪᠣᠳᠠᠰ᠎ᠤᠨ ᠰᠠᠭᠤᠷᠢ ᠵᠤᠵᠠᠭ᠋ᠠᠨ᠂ ᠬᠥᠮᠦᠨ᠎ᠤ ᠬᠦᠴᠦᠨ᠎ᠤ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ᠎ᠤᠨ ᠣᠷᠣᠨ ᠵᠠᠶ ᠦᠷᠭᠡᠨ ᠠᠭᠤᠳᠠᠮ᠂ ᠬᠥᠭᠵᠢᠯᠲᠡ ᠵᠢᠨ ᠤᠶᠠᠨ ᠬᠠᠳᠠᠨ ᠴᠢᠨᠠᠷ ᠴᠢᠩᠭ᠎ᠠ᠂ ᠨᠡᠶ᠋ᠢᠭᠡᠮ᠎ᠤᠨ ᠶᠡᠬᠡ ᠲᠠᠯ᠎ᠠ ᠲᠣᠭᠲᠠᠭᠤᠨ ᠪᠠᠶ᠋ᠢᠵᠤ᠂ ᠦᠷᠭᠦᠯᠵᠢᠯᠡᠨ ᠬᠥᠭᠵᠢᠬᠦ᠎ᠳᠤ ᠣᠯᠠᠨ ᠲᠠᠯ᠎ᠠ ᠵᠢᠨ ᠳᠠᠪᠠᠭᠤᠯᠢᠭ ᠪᠠ ᠨᠥᠬᠥᠴᠡᠯ᠎ᠲᠠᠢ ᠪᠠᠶ᠋ᠢᠬᠤ ᠵᠢᠨ ᠵᠡᠷᠭᠡ᠎ᠪᠠᠷ ᠮᠠᠨ᠎ᠤ ᠤᠯᠤᠰ᠎ᠤᠨ ᠬᠥᠭᠵᠢᠯᠲᠡ ᠲᠡᠩᠴᠡᠭᠦᠷᠢ ᠦᠭᠡᠶ ᠭᠦᠢ᠍ᠴᠡᠳ ᠪᠤᠰᠤ ᠪᠠᠶ᠋ᠢᠬᠤ ᠠᠰᠠᠭᠤᠳᠠᠯ ᠮᠥᠨ ᠬᠦ᠌ ᠳᠣᠪᠣᠶ᠋ᠢᠮ᠎ᠠ ᠪᠠᠶ᠋ᠢᠭᠰᠠᠭ᠋ᠠᠷ᠂ ᠭᠣᠣᠯᠳᠠᠯᠭ᠎ᠠ᠎ᠲᠠᠢ ᠬᠦᠷᠢᠶᠡᠨ᠎ᠤ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢᠨ ᠡᠭᠦᠷᠭᠡ ᠮᠥᠨ ᠬᠦ᠌ ᠬᠠᠲᠠᠭᠤᠵᠢᠯᠲᠠᠢ ᠪᠠᠶ᠋ᠢᠵᠤ᠂ ᠰᠢᠨ᠎ᠡ ᠵᠢ ᠡᠭᠦᠳᠬᠦ ᠴᠢᠳᠠᠪᠤᠷᠢ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠬᠤ ᠦᠭᠡᠢ᠂ ᠬᠦᠳᠡᠭᠡ ᠠᠵᠤ ᠠᠬᠤᠢ ᠵᠢᠨ ᠰᠠᠭᠤᠷᠢ ᠪᠠᠰᠠ ᠪᠠᠲᠤ ᠪᠡᠬᠢ ᠪᠢᠰᠢ᠂ ᠬᠣᠲᠠ ᠬᠥᠳᠡᠭᠡ ᠣᠷᠣᠨ ᠪᠦᠰᠡ ᠵᠢᠨ ᠬᠥᠭᠵᠢᠯᠲᠡ ᠪᠠ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠨᠡᠯᠢᠶᠡᠳ ᠶᠡᠬᠡ ᠪᠠᠶ᠋ᠢᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠦᠨᠳᠦ ᠵᠠᠮ ᠬᠣᠯᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠳᠤᠲᠠᠭᠤᠳᠠᠯ ᠣᠷᠣᠰᠢᠵᠤ᠂ ᠨᠡᠶ᠋ᠢᠭᠡᠮ᠎ᠤᠨ ᠵᠠᠰᠠᠯᠲᠠ᠎ᠳᠤ ᠪᠠᠰᠠ ᠪᠠᠭᠤᠷᠠᠢ ᠵᠦᠢ᠍ᠯ ᠪᠠᠶ᠋ᠢᠨ᠎ᠠ᠃ ᠪᠦᠬᠦ ᠨᠠᠮ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠦᠬᠦ ᠲᠠᠯ᠎ᠠ ᠪᠠ ᠳᠡᠯᠡᠬᠡᠶ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢ ᠨᠢᠭᠡᠳᠦᠯᠲᠡᠶ ᠲᠥᠯᠥᠪᠵᠢᠭᠦᠯᠵᠦ᠂ ᠮᠠᠨ᠎ᠤ ᠤᠯᠤᠰ᠎ᠤᠨ ᠨᠡᠶ᠋ᠢᠭᠡᠮ᠎ᠤᠨ ᠭᠣᠣᠯ ᠵᠥᠷᠢᠴᠡᠯ᠎ᠤᠨ ᠬᠤᠪᠢᠷᠠᠯᠲᠠ ᠵᠢᠨ ᠠᠪᠴᠢᠷᠠᠭᠰᠠᠨ ᠰᠢᠨ᠎ᠡ ᠣᠨᠴᠠᠯᠢᠭ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠲᠠᠨᠢᠵᠤ᠂ ᠨᠠᠷᠢᠨ ᠪᠤᠳᠤᠯᠢᠶᠠᠨᠲᠠᠶ ᠣᠯᠠᠨ ᠤᠯᠤᠰ᠎ᠤᠨ ᠣᠷᠴᠢᠨ᠎ᠤ ᠠᠪᠴᠢᠷᠠᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ᠎ᠢ ᠭᠦᠨᠵᠡᠭᠡᠶ ᠲᠠᠨᠢᠵᠤ᠂ ᠠᠵᠠ ᠲᠣᠬᠢᠶᠠᠯ᠎ᠤᠨ ᠤᠬᠠᠮᠰᠠᠷ ᠪᠣᠯᠤᠨ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠨ᠂ ᠨᠡᠶ᠋ᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠪᠠᠢ᠍ᠢ᠍ᠭ᠎ᠠ ᠦᠨᠳᠦᠰᠦᠨ ᠤᠯᠤᠰ᠎ᠤᠨ ᠪᠠᠢ᠍ᠢ᠍ᠳᠠᠯ᠎ᠳᠤ ᠰᠠᠭᠤᠷᠢᠯᠠᠵᠤ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠥᠪᠡᠷ᠎ᠤᠨ ᠶᠠᠪᠤᠳᠠᠯ ᠵᠶ᠋ᠠᠨ ᠰᠠᠶ᠋ᠢᠲᠤᠷ ᠬᠢᠵᠦ᠂ ᠬᠥᠭᠵᠢᠯᠲᠡ ᠵᠢᠨ ᠵᠢᠮ᠎ᠡ ᠶᠣᠰᠣ ᠵᠢ ᠲᠠᠨᠢᠵᠤ ᠡᠵᠡᠮᠰᠢᠨ᠂ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠣᠷᠢᠭ᠎ᠠ ᠱᠤᠭᠤᠮ᠎ᠤᠨ ᠰᠡᠳᠬᠢᠬᠦᠶ ᠵᠢ ᠪᠤᠢ ᠪᠣᠯᠭ᠋ᠠᠨ᠂ ᠬᠤᠪᠢᠷᠠᠯᠲᠠ ᠵᠢ ᠵᠥᠪ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠭ᠋ᠠᠨ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠭᠤᠯᠵᠤ᠂ ᠳᠦᠭᠰᠢᠬᠦᠷᠢ ᠵᠢᠨ ᠳᠤᠮᠳᠠ ᠠᠵᠠ ᠲᠣᠬᠢᠶᠠᠯ᠎ᠢ ᠡᠭᠦᠳᠬᠦ᠂ ᠬᠤᠪᠢᠷᠠᠯᠲᠠ ᠵᠢᠨ ᠳᠤᠮᠳᠠ ᠰᠢᠨ᠎ᠡ ᠪᠠᠶ᠋ᠢᠳᠠᠯ᠎ᠢ ᠨᠡᠭᠡᠭᠡᠬᠦ᠎ᠳᠡᠭᠡᠨ ᠴᠢᠳᠠᠮᠠᠭ᠋ᠠᠢ ᠪᠠᠶ᠋ᠢᠵᠥ᠂ ᠠᠵᠠ ᠲᠣᠬᠢᠶᠠᠯ᠎ᠢ ᠠᠳᠬᠤᠵᠤ᠂ ᠥᠷᠢᠰᠥᠯᠳᠦᠭᠡᠨ᠎ᠢ ᠠᠷᠭ᠋ᠠᠴᠠᠭ᠋ᠠᠨ᠂ ᠬᠣᠣᠷ ᠬᠥᠨᠥᠭᠡᠯ᠎ᠠᠴᠠ ᠵᠠᠶ᠋ᠢᠯᠠᠵᠤ᠂ ᠡᠷᠡᠯᠬᠡᠭᠯᠡᠨ ᠤᠷᠤᠭᠰᠢᠯᠠᠬᠤ ᠬᠡᠷᠡᠭᠳᠡᠢ ᠭᠡᠵᠦ ᠦᠵᠡᠪᠡ᠃
      ᠪᠥᠬᠥᠳᠡ ᠬᠤᠷᠠᠯ᠎ᠠᠴᠠ 2035 ᠣᠨ ᠪᠣᠯᠬᠤ᠎ᠳᠤ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠠᠯᠤᠰ᠎ᠤᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠠ ᠭᠡᠵᠦ ᠳᠤᠷᠠᠳᠪᠠ᠂ ᠳᠠᠷᠤᠶ᠄ ᠮᠠᠨ᠎ᠤ ᠤᠯᠤᠰ᠎ᠤᠨ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠶᠡᠬᠡ᠎ᠪᠠᠷ ᠳᠡᠭᠡᠭᠰᠢᠯᠡᠵᠤ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠪᠣᠯᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠣᠷᠣᠯᠭ᠎ᠠ ᠳᠠᠬᠢᠨᠳᠠ ᠰᠢᠨ᠎ᠡ ᠶᠡᠬᠡ ᠳᠡᠭᠲᠡᠷ᠎ᠲᠤ ᠭᠠᠷᠴᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠳᠤ ᠴᠢᠬᠤᠯᠠ ᠶᠡᠬᠡ ᠰᠢᠪᠲᠤᠯᠤᠯᠲᠠ᠎ᠲᠠᠢ ᠪᠤᠯᠵᠤ᠂ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠤᠨ ᠡᠮᠦᠨ᠎ᠡ ᠡᠩᠨᠡᠭᠡᠨ᠎ᠳᠤ ᠣᠷᠣᠨ᠎ᠠ; ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠴᠢᠯᠠᠯᠳᠠ᠂ ᠬᠤᠳᠠ ᠪᠠᠯᠭ᠋ᠠᠰᠤᠵᠢᠯᠳᠠ᠂ ᠬᠦᠳᠡᠭᠡ ᠠᠵᠤ ᠠᠬᠤᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠶ ᠵᠢᠨ ᠰᠢᠰᠲ᠋ᠧᠮ᠎ᠢ ᠪᠠᠢ᠍ᠢ᠍ᠭᠤᠯᠤᠨ᠎ᠠ; ᠤᠯᠤᠰ᠎ᠤᠨ ᠵᠠᠰᠠᠯᠳᠠ ᠵᠢᠨ ᠰᠢᠰᠲ᠋ᠧᠮ ᠪᠠ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠠᠷᠠᠳ ᠲᠦᠮᠡᠨ᠎ᠤ ᠡᠷᠬᠡ ᠲᠡᠭᠰᠢ᠎ᠪᠠᠷ ᠣᠷᠣᠯᠴᠠᠬᠤ᠂ ᠡᠷᠬᠡ ᠲᠡᠭᠰᠢ᠎ᠪᠠᠷ ᠬᠥᠭᠵᠢᠬᠦ ᠡᠷᠬᠡ ᠵᠢ ᠭᠦᠢ᠍ᠴᠡᠳ ᠪᠠᠲᠤᠯᠠᠵᠤ᠂ ᠬᠠᠤᠯᠢᠵᠢᠯ᠎ᠤᠨ ᠤᠯᠤᠰ᠂ ᠬᠠᠤᠯᠢᠵᠢᠯ᠎ᠤᠨ ᠵᠠᠰᠠᠭ᠎ᠤᠨ ᠣᠷᠳᠣᠨ᠂ ᠬᠠᠤᠯᠢᠵᠢᠯ᠎ᠤᠨ ᠨᠡᠶ᠋ᠢᠭᠡᠮ᠎ᠢ ᠦᠨᠳᠦᠰᠦᠨ᠎ᠳᠡᠭᠡᠨ ᠪᠠᠢ᠍ᠢ᠍ᠭᠤᠯᠤᠨ᠎ᠠ; ᠰᠣᠶᠣᠯ᠎ᠤᠨ ᠬᠦᠴᠦᠷᠬᠡᠭ ᠤᠯᠤᠰ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠪᠠᠶ᠋ᠢᠭᠤᠯᠵᠤ᠂ ᠤᠯᠤᠰ ᠠᠷᠠᠳ᠎ᠤᠨ ᠬᠡᠪ ᠪᠤᠯᠪᠠᠰᠤᠷᠠᠯ ᠪᠠ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠰᠢᠨ᠎ᠡ ᠦᠨᠳᠦᠷᠴᠡ᠎ᠳᠤ ᠬᠦᠷᠴᠤ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠳᠲᠡ ᠴᠢᠩᠭ᠋ᠠᠷᠠᠭᠤᠯᠤᠨ᠎ᠠ; ᠪᠣᠬᠢᠷᠲᠤᠯ ᠦᠭᠡᠢ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠥᠷᠭᠡᠨ ᠵᠶ᠋ᠠᠷ ᠪᠤᠢ ᠪᠤᠯᠭ᠋ᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠦᠭᠰᠡᠨ᠎ᠤ ᠳᠠᠷᠠᠭ᠎ᠠ ᠲᠣᠭᠲᠠᠭᠤᠨ ᠵᠶ᠋ᠠᠷ ᠪᠠᠭᠤᠷᠠᠭᠤᠯᠵᠤ᠂ ᠠᠮᠢ ᠠᠬᠤᠢ ᠣᠷᠴᠢᠨ ᠲᠣᠭᠣᠷᠢᠨ ᠦᠨᠳᠦᠰᠦᠨ᠎ᠠᠴᠠ᠎ᠪᠠᠨ ᠰᠠᠶ᠋ᠢᠵᠢᠷᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠠ; ᠭᠠᠳᠠᠭ᠋ᠠᠳᠤ ᠨᠡᠭᠡᠭᠡᠯᠳᠡ ᠵᠢᠨ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠵᠤ᠂ ᠤᠯᠠᠨ ᠤᠯᠤᠰ᠎ᠤᠨ ᠠᠵᠤ ᠠᠬᠤᠶ ᠵᠢᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠳᠤ ᠣᠷᠣᠯᠴᠠᠬᠤ ᠰᠢᠨ᠎ᠡ ᠳᠠᠪᠠᠭᠤᠯᠢᠭ ᠢᠯᠡᠳᠲᠡ ᠴᠢᠩᠭ᠋ᠠᠷᠠᠨ᠎ᠠ; ᠬᠥᠮᠦᠨ ᠳᠤᠮᠳᠠᠴᠢ ᠵᠢᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠳᠤᠮᠳᠠ ᠵᠡᠷᠭᠡ ᠵᠢᠨ ᠬᠥᠭᠵᠢᠭᠰᠡᠨ ᠤᠯᠤᠰ᠎ᠤᠨ ᠬᠢᠷᠢ ᠬᠡᠮᠵᠢᠶ᠎ᠡ᠎ᠳᠤ ᠬᠦᠷᠴᠤ᠂ ᠳᠤᠮᠳᠠ ᠵᠡᠷᠭᠡ ᠵᠢᠨ ᠣᠷᠣᠯᠭ᠎ᠠ᠎ᠲᠠᠢ ᠬᠦᠮᠦᠰ ᠢᠯᠡᠳᠲᠡ ᠤᠯᠠᠰᠢᠷᠠᠵᠤ᠂ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡ ᠲᠡᠩᠴᠡᠭᠦᠷᠢᠳᠠᠢ ᠪᠤᠯᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠥᠷᠢᠶ᠎ᠡ ᠪᠠ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠲᠦᠪᠰᠢᠨ᠎ᠤ ᠵᠥᠷᠢᠶ᠎ᠡ ᠢᠯᠡᠳᠳᠡ ᠪᠠᠭ᠋ᠠᠰᠤᠨ᠎ᠠ; ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠨᠡᠩ ᠥᠨᠳᠥᠷ ᠲᠦᠪᠰᠢᠨ᠎ᠳᠤ ᠬᠦᠷᠴᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠬᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; ᠠᠷᠠᠳ᠎ᠤᠨ ᠠᠮᠢᠳᠤᠷᠠᠯ ᠨᠡᠩ ᠰᠠᠢ᠍ᠢ᠍ᠨ ᠰᠠᠶ᠋ᠢᠬᠠᠨ ᠪᠤᠯᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ᠂ ᠪᠦᠬᠦ ᠠᠷᠠᠳ ᠲᠦᠮᠡᠨ ᠬᠠᠮᠲᠤ᠎ᠪᠠᠷ ᠴᠢᠨᠡᠭᠡᠯᠢᠭᠵᠢᠬᠦ ᠶᠠᠪᠤᠳᠠᠯ ᠨᠡᠩ ᠢᠯᠡᠷᠬᠡᠶ ᠮᠥᠨ ᠴᠢᠨᠠᠷ᠎ᠤᠨ ᠠᠬᠢᠴᠠ᠎ᠲᠠᠢ ᠪᠣᠯᠤᠨ᠎ᠠ᠃
      ᠪᠥᠬᠥᠳᠡ ᠬᠤᠷᠠᠯ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ ᠪᠠ ᠡᠷᠬᠡᠪᠰᠢ ᠵᠢᠷᠤᠮᠯᠠᠬᠤ ᠵᠠᠷᠴᠢᠮ᠎ᠢ ᠳᠤᠷᠠᠳᠴᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠸ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠥᠷᠥ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠶᠡᠷᠦᠩᠬᠡᠶ ᠪᠠᠢ᠍ᠢ᠍ᠷᠢᠰᠢᠭᠤᠯᠤᠯᠳᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶ᠋ᠢᠭᠡᠮ ᠵᠢᠷᠦᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠳᠠ ᠵᠢ ᠵᠣᠬᠢᠴᠠᠩᠭᠤᠢ ᠠᠬᠢᠭᠤᠯᠵᠤ᠂ ᠰᠢᠨ᠎ᠡ ᠵᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠳᠡᠳᠤ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠣᠤᠯ ᠰᠡᠳᠦᠪ ᠪᠣᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯ ᠰᠢᠵᠢᠮ ᠪᠣᠯᠭ᠋ᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠬᠠᠷᠠᠯᠳᠠ ᠪᠣᠯᠭ᠋ᠠᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠱᠠᠯᠠᠪᠳᠠᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠣᠤᠯ ᠴᠣᠭᠴᠠ ᠪᠣᠯᠭ᠋ᠠᠭᠰᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠱᠠᠯᠠᠪᠳᠠᠨ ᠪᠠᠶ᠋ᠢᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠂ ᠠᠵᠤ ᠠᠬᠤᠶ ᠵᠢᠨ ᠯᠠᠪᠳᠠᠭᠤᠨ ᠵᠶ᠋ᠠᠷ ᠬᠤᠯᠠ ᠠᠶᠠᠯᠠᠬᠤ᠂ ᠨᠡᠶ᠋ᠢᠭᠡᠮ᠎ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠪᠠᠢ᠍ᠢ᠍ᠬᠤ ᠵᠢ ᠪᠡᠶᠡᠯᠡᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠢ ᠰᠠᠢ᠍ᠢ᠍ᠳᠦᠷ ᠡᠬᠢᠯᠡᠭᠦᠯᠵᠦ᠂ ᠡᠬᠢᠨ᠎ᠤ ᠠᠯᠬᠤᠭ᠎ᠠ᠎ᠪᠠᠨ ᠰᠠᠢ᠍ᠢ᠍ᠳᠤᠷ ᠠᠯᠬᠤᠬᠤ ᠬᠡᠷᠡᠭᠳᠠᠢ᠃ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠠᠴᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠤᠳᠤᠷᠢᠳᠬᠤ ᠪᠠᠶ᠋ᠢᠭᠤᠯᠤᠮᠵᠢ ᠲᠣᠭᠲᠠᠴᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠴᠢᠳᠠᠪᠤᠷᠢ ᠪᠠ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠎ᠳᠤ ᠦᠨᠳᠦᠰᠦᠨ ᠪᠠᠲᠤᠯᠠᠭ᠎ᠠ ᠬᠠᠩᠭ᠋ᠠᠬᠤ ᠬᠡᠷᠡᠭᠲᠡᠶ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠵᠢ ᠭᠦᠨᠵᠡᠭᠡᠶ᠋ᠢᠷᠡᠭᠦᠯᠬᠦ ᠵᠢ ᠪᠠᠷᠢᠮᠲᠠᠯᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠪᠥᠬᠥᠳᠡ ᠬᠤᠷᠠᠯ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠵᠢ ᠳᠤᠷᠠᠳᠴᠠᠢ᠂ ᠳᠠᠷᠤᠶ᠄ ᠠᠵᠤ ᠠᠬᠤᠶ ᠵᠢᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠣᠯᠵᠤ᠂ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠭᠰᠡᠨ ᠰᠠᠭᠤᠷᠢᠨ ᠳᠡᠭᠡᠷ᠎ᠡ ᠠᠵᠤ ᠠᠬᠤᠶ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠪᠡᠶᠡᠯᠡᠭᠦᠯᠵᠤ᠂ ᠨᠡᠮᠡᠭᠳᠡᠯ᠎ᠤᠨ ᠳᠠᠯᠳᠠ ᠬᠦᠴᠦᠨ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ ᠨᠡᠩ ᠬᠦᠴᠦᠷᠬᠡᠭᠵᠢᠨ᠂ ᠠᠵᠤ ᠠᠬᠤᠶ ᠵᠢᠨ ᠪᠦᠲᠦᠴᠡ ᠨᠡᠩ ᠰᠢᠯᠢᠳᠡᠭᠵᠢᠵᠤ᠂ ᠰᠢᠨ᠎ᠡ ᠵᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠵᠦ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠤ ᠳᠡᠰᠵᠢᠯᠳᠡ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ ᠢᠯᠡᠳᠲᠡ ᠳᠡᠭᠡᠭᠰᠢᠯᠡᠨ᠂ ᠬᠦᠳᠡᠭᠡ ᠠᠵᠤ ᠠᠬᠤᠢ ᠵᠢᠨ ᠰᠠᠭᠤᠷᠢ ᠨᠡᠩ ᠪᠠᠲᠤ ᠪᠡᠬᠢ ᠪᠤᠯᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠣᠬᠢᠴᠠᠩᠭᠤᠶ ᠴᠢᠨᠠᠷ ᠢᠯᠡᠳᠲᠡ ᠴᠢᠩᠭ᠋ᠠᠷᠠᠵᠤ᠂ ᠣᠳᠣᠬᠢᠴᠢᠯᠠᠭᠰᠠᠨ ᠠᠵᠤ ᠠᠬᠤᠶ ᠵᠢᠨ ᠰᠢᠰᠲ᠋ᠧᠮ᠎ᠤᠨ ᠪᠠᠶ᠋ᠢᠭᠤᠯᠤᠯᠲᠠ ᠴᠢᠬᠤᠯᠠ ᠶᠡᠬᠡ ᠠᠬᠢᠴᠠ᠎ᠲᠠᠢ ᠪᠣᠯᠤᠨ᠎ᠠ; ᠥᠭᠡᠷᠡᠴᠢᠯᠡᠯᠲᠡ ᠨᠡᠭᠡᠭᠡᠯᠲᠡ ᠰᠢᠨ᠎ᠡ ᠠᠬᠢᠴᠠ᠎ᠲᠠᠢ ᠪᠤᠯᠵᠤ᠂ ᠨᠡᠶ᠋ᠢᠭᠡᠮ ᠵᠢᠷᠦᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ ᠤᠯᠠᠮ ᠲᠡᠭᠦᠯᠳᠡᠷᠵᠢᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠨᠡᠩ ᠠᠮᠢᠵᠢᠷᠠᠯ᠎ᠤᠨ ᠬᠦᠴᠦᠨ᠎ᠲᠠᠢ ᠪᠤᠯᠵᠤ᠂ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠪᠣᠯᠤᠨ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠴᠢᠬᠤᠯᠠ ᠶᠡᠬᠡ ᠠᠬᠢᠴᠠ᠎ᠲᠠᠢ ᠪᠣᠯᠵᠤ᠂ ᠡᠷᠬᠡ ᠲᠡᠭᠰᠢ᠎ᠪᠠᠷ ᠥᠷᠢᠰᠦᠯᠳᠦᠬᠦ ᠳᠦᠷᠢᠮ ᠨᠠᠩ ᠲᠡᠭᠦᠯᠳᠡᠷᠵᠢᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶᠢᠭ᠎ᠤᠨ ᠠᠵᠤ ᠠᠬᠤᠶ ᠵᠢᠨ ᠰᠢᠨ᠎ᠡ ᠪᠠᠶ᠋ᠢᠭᠤᠯᠤᠮᠵᠢ ᠵᠢ ᠦᠨᠳᠦᠰᠦᠨ᠎ᠳᠡᠭᠡᠨ ᠪᠦᠷᠢᠯᠳᠦᠭᠦᠯᠦᠨ᠎ᠠ; ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠰᠢᠨ᠎ᠡ ᠳᠡᠭᠡᠭᠰᠢᠯᠡᠯᠲᠡ᠎ᠲᠠᠢ ᠪᠣᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠬᠥᠮᠦᠰ᠎ᠤᠨ ᠰᠡᠳᠬᠢᠯ᠎ᠳᠤ ᠭᠦᠨ ᠬᠠᠳᠠᠩᠰᠢᠵᠤ᠂ ᠠᠷᠠᠳ ᠲᠦᠮᠡᠨ᠎ᠤ ᠦᠵᠡᠯ ᠰᠠᠨᠠᠭ᠎ᠠ ᠶᠣᠰᠣ ᠰᠤᠷᠳᠠᠬᠤᠨ᠎ᠤ ᠬᠡᠪ ᠪᠤᠯᠪᠠᠰᠤᠷᠠᠯ᠂ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠪᠤᠯᠪᠠᠰᠤᠷᠠᠯ ᠪᠣᠯᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠬᠡᠪ ᠪᠤᠯᠪᠠᠰᠤᠷᠠᠯ ᠢᠯᠡᠳᠲᠡ ᠳᠡᠭᠡᠭᠰᠢᠯᠡᠵᠤ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ ᠪᠣᠯᠤᠨ ᠰᠣᠶᠣᠯ᠎ᠤᠨ ᠠᠵᠤ ᠦᠢ᠍ᠯᠡᠰ᠎ᠤᠨ ᠰᠢᠰᠲ᠋ᠧᠮ ᠨᠡᠩ ᠲᠡᠭᠦᠯᠳᠡᠷᠵᠢᠨ᠂ ᠠᠷᠠᠳ ᠲᠦᠮᠡᠨ᠎ᠤ ᠤᠶᠤᠨ ᠤᠬᠠᠭ᠋ᠠᠨ ᠰᠣᠶᠣᠯ᠎ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ; ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠰᠢᠨ᠎ᠡ ᠳᠠᠪᠰᠢᠯᠲᠠ᠎ᠲᠠᠢ ᠪᠣᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ ᠰᠢᠯᠢᠳᠡᠭᠵᠢᠵᠦ᠂ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠪᠣᠬᠢᠷᠲᠤᠯ ᠦᠭᠡᠶ ᠪᠤᠯᠭ᠋ᠠᠨ ᠬᠤᠪᠢᠷᠠᠭᠤᠯᠬᠤ ᠠᠵᠢᠯ ᠢᠯᠡᠳᠲᠡ ᠦᠷ᠎ᠠ ᠪᠦᠲᠦᠮᠵᠢ ᠣᠯᠵᠤ᠂ ᠡᠨᠧᠷᠭᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠡᠩ ᠵᠦᠶ ᠵᠣᠬᠢᠰᠲᠠᠶ ᠪᠣᠯᠭ᠋ᠠᠵᠤ᠂ ᠠᠰᠢᠡᠡᠯᠠᠯᠳᠠ ᠵᠢᠨ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠵᠤ᠂ ᠭᠣᠤᠯ ᠪᠣᠯᠬᠤ ᠪᠣᠬᠢᠷᠳᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭ᠋ᠠᠰᠴᠤ᠂ ᠠᠮᠢ ᠠᠬᠤᠶ ᠣᠷᠴᠢᠨ ᠲᠣᠭᠣᠷᠢᠨ ᠦᠷᠭᠦᠯᠵᠢᠯᠡᠨ ᠰᠠᠶ᠋ᠢᠵᠢᠷᠠᠵᠤ᠂ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠨᠠᠩ ᠪᠠᠲᠤ ᠪᠡᠬᠢ ᠪᠣᠯᠭ᠋ᠠᠵᠤ᠂ ᠬᠣᠲᠠ ᠬᠥᠳᠡᠭᠡ ᠵᠢᠨ ᠣᠷᠣᠰᠢᠨ ᠰᠠᠭᠤᠬᠤ ᠣᠷᠴᠢᠨ ᠨᠥᠬᠥᠴᠡᠯ᠎ᠢ ᠢᠯᠡᠳᠲᠡ ᠰᠠᠶ᠋ᠢᠵᠢᠷᠠᠭᠤᠯᠤᠨ᠎ᠠ; ᠠᠷᠠᠳ᠎ᠤᠨ ᠠᠵᠠ ᠵᠢᠷᠭ᠋ᠠᠯ ᠰᠢᠨ᠎ᠡ ᠲᠦᠪᠰᠢᠨ᠎ᠳᠤ ᠬᠦᠷᠴᠤ᠂ ᠨᠡᠩ ᠭᠦᠢ᠍ᠴᠡᠳ ᠨᠡᠩ ᠴᠢᠨᠠᠷ ᠰᠠᠶ᠋ᠢᠲᠠᠶ ᠠᠵᠢᠯ ᠣᠯᠭᠣᠯᠲᠠ ᠵᠢ ᠪᠡᠶᠡᠯᠡᠭᠦᠯᠵᠤ᠂ ᠠᠷᠠᠳ᠎ᠤᠨ ᠣᠷᠣᠯᠭ᠎ᠠ ᠵᠢᠨ ᠨᠡᠮᠡᠭᠳᠡᠯ ᠪᠣᠯᠤᠨ ᠠᠵᠤ ᠠᠬᠤᠶ ᠵᠢᠨ ᠨᠡᠮᠡᠭᠳᠡᠯ᠎ᠢ ᠦᠨᠳᠦᠰᠦᠨ᠎ᠳᠡᠭᠡᠨ ᠠᠯᠬᠤᠭ᠎ᠠ ᠨᠢᠭᠡᠳᠠᠢ ᠪᠤᠯᠭ᠋ᠠᠵᠤ᠂ ᠬᠤᠪᠢᠶᠠᠷᠢᠯᠠᠯᠲᠠ ᠵᠢᠨ ᠪᠦᠲᠦᠴᠡ ᠢᠯᠡᠳᠲᠡ ᠰᠠᠶ᠋ᠢᠵᠢᠷᠠᠵᠤ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠨ ᠲᠡᠩᠴᠡᠭᠦᠷᠢ᠎ᠲᠠᠢ ᠲᠦᠪᠰᠢᠨ ᠢᠯᠡᠳᠲᠡ ᠳᠡᠭᠡᠭᠰᠢᠯᠡᠵᠤ᠂ ᠪᠦᠬᠦ ᠠᠷᠠᠳ᠎ᠤᠨ ᠰᠤᠷᠭ᠋ᠠᠨ ᠬᠥᠮᠦᠵᠢᠯ ᠬᠦᠷᠲᠡᠬᠦ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠣᠯᠠᠨ ᠳᠡᠰ ᠳᠠᠪᠬᠤᠷᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ ᠨᠠᠩ ᠪᠦᠷᠢᠨᠰᠢᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠢᠰᠲ᠋ᠧᠮ ᠨᠠᠩ ᠲᠡᠭᠦᠯᠳᠡᠷᠵᠢᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠭᠰᠠᠨ ᠦᠷ᠎ᠡ ᠪᠦᠲᠦᠭᠡᠯ ᠪᠡᠬᠢᠵᠢᠨ ᠦᠷᠭᠡᠵᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠠᠬᠢᠭᠤᠯᠤᠨ᠎ᠠ; ᠤᠯᠤᠰ᠎ᠤᠨ ᠵᠠᠰᠠᠯᠲᠠ ᠵᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ᠎ᠲᠠᠢ ᠪᠣᠯᠵᠤ᠂ ᠨᠡᠶ᠋ᠢᠭᠡᠮ ᠵᠢᠷᠤᠮ᠎ᠤᠨ ᠠᠷᠠᠳᠴᠢᠯᠠᠭᠰᠠᠨ ᠬᠠᠤᠯᠢᠵᠢᠯ ᠨᠠᠩ ᠪᠦᠷᠢᠨᠰᠢᠵᠤ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠤᠯᠠᠮ ᠴᠢᠨᠠᠭᠰᠢᠳᠠ ᠢᠯᠡᠷᠡᠭᠦᠯᠵᠦ᠂ ᠤᠯᠤᠰ᠎ᠤᠨ ᠵᠠᠰᠠᠭ ᠵᠠᠬᠢᠷᠭ᠋ᠠᠨ᠎ᠤ ᠰᠢᠰᠲ᠋ᠧᠮ᠎ᠢ ᠨᠠᠩ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠠᠩ ᠰᠠᠶ᠋ᠢᠨ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠪᠣᠯᠤᠨ ᠨᠡᠢ᠍ᠢ᠍ᠳᠡ᠎ᠳᠤ ᠢᠲᠡᠭᠡᠭᠦᠯᠬᠦ ᠬᠦᠴᠦᠨ᠎ᠢ ᠢᠯᠡᠳᠲᠡ ᠳᠡᠭᠡᠭᠰᠢᠯᠡᠭᠦᠯᠵᠦ᠂ ᠨᠡᠶ᠋ᠢᠭᠡᠮ᠎ᠤᠨ ᠵᠠᠰᠠᠯᠲᠠ ᠣᠨᠴᠠᠭ᠋ᠠᠶ᠋ᠢᠯᠠᠨ ᠦᠨᠳᠦᠰᠦᠨ ᠱᠠᠲᠤᠨ᠎ᠤ ᠵᠠᠰᠠᠯᠲᠠ ᠵᠢᠨ ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠪᠠᠶ᠋ᠢᠭᠤᠯᠤᠮᠵᠢ ᠲᠣᠭᠲᠠᠴᠠ ᠲᠠᠰᠤᠷᠠᠯᠲᠠ ᠤᠢ᠍ᠭᠡᠢ ᠲᠡᠭᠦᠯᠳᠡᠷᠵᠢᠵᠤ᠂ ᠭᠡᠨᠡᠳᠲᠡ᠎ᠪᠠᠷ ᠡᠭᠦᠰᠬᠦ ᠣᠯᠠᠨ ᠨᠡᠶ᠋ᠢᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠢᠯᠡᠳᠲᠡ ᠴᠢᠩᠭ᠋ᠠᠷᠠᠵᠤ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠬᠦ ᠲᠦᠪᠰᠢᠨ ᠢᠯᠡᠳᠲᠡ ᠳᠡᠭᠡᠭᠰᠢᠯᠡᠵᠤ᠂ ᠬᠥᠭᠵᠢᠯᠲᠡ ᠵᠢᠨ ᠠᠮᠤᠷ ᠲᠦᠪᠰᠢᠨ᠎ᠤ ᠪᠠᠲᠤᠯᠠᠭ᠎ᠠ ᠨᠡᠩ ᠬᠦᠴᠦᠲᠡᠶ ᠪᠤᠯᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠬᠢ ᠵᠢᠨ ᠣᠳᠣᠬᠢᠴᠢᠯᠠᠯᠲᠠ ᠴᠢᠬᠤᠯᠠ ᠶᠡᠬᠡ ᠠᠯᠬᠤᠮ᠎ᠢ ᠠᠯᠬᠤᠨ᠎ᠠ ᠭᠡᠪᠡ᠃
      ᠪᠥᠬᠥᠳᠡ ᠬᠤᠷᠠᠯ᠎ᠠᠴᠠ᠂ ᠰᠢᠨ᠎ᠡ ᠵᠢ ᠡᠭᠦᠳᠬᠦ ᠵᠢᠨ ᠮᠠᠨ᠎ᠤ ᠤᠯᠤᠰ᠎ᠤᠨ ᠣᠳᠣᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢᠨ ᠪᠦᠬᠦ ᠲᠠᠯ᠎ᠠ᠎ᠳᠠᠬᠢ ᠭᠣᠤᠯᠯᠠᠬᠤ ᠪᠠᠶ᠋ᠢᠷᠢ ᠰᠠᠭᠤᠷᠢ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠳᠤ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠣᠯᠭ᠋ᠠᠵᠤ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠮᠦᠨ᠎ᠠ ᠡᠩᠨᠡᠭᠡᠨ᠎ᠳᠤ ᠬᠠᠨᠳᠤᠭᠤᠯᠵᠤ᠂ ᠠᠵᠤ ᠠᠬᠤᠶ ᠵᠢᠨ ᠭᠣᠤᠯ ᠳᠠᠢ᠍ᠢ᠍ᠨ᠎ᠤ ᠲᠠᠯᠠᠪᠤᠷ᠎ᠲᠤ ᠬᠠᠨᠳᠤᠭᠤᠯᠵᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠵᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ ᠬᠡᠷᠡᠭᠳᠠᠢ᠃ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠳᠬᠠᠨ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠤ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠳᠠᠢ ᠭᠡᠵᠤ ᠳᠤᠷᠠᠳᠪᠠ᠃
      ᠪᠥᠬᠥᠳᠡ ᠬᠤᠷᠠᠯ᠎ᠠᠴᠠ᠂ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠨ ᠬᠥᠭᠵᠢᠭᠦᠯᠵᠦ᠂ ᠠᠵᠤ ᠠᠬᠤᠶ ᠵᠢᠨ ᠰᠢᠰᠲ᠋ᠧᠮ᠎ᠤᠨ ᠰᠢᠯᠢᠳᠡᠭᠵᠢᠨ ᠲᠡᠰ ᠳᠡᠪᠰᠢᠬᠦ ᠵᠢ ᠠᠬᠢᠭᠤᠯᠬᠤ ᠬᠡᠷᠡᠭᠳᠠᠢ᠃ ᠠᠵᠤ ᠠᠬᠤᠶ᠎ᠪᠠᠨ ᠬᠥᠭᠵᠢᠭᠦᠯᠬᠦ ᠬᠦᠴᠦᠯᠡᠬᠦ ᠴᠡᠭ᠎ᠢ ᠪᠣᠳᠠᠲᠤ ᠴᠣᠭᠴᠠ ᠵᠢᠨ ᠠᠵᠤ ᠠᠬᠤᠶ ᠳᠡᠭᠡᠷ᠎ᠡ ᠲᠠᠯᠪᠢᠬᠤ ᠵᠢ ᠪᠠᠷᠢᠮᠲᠠᠯᠠᠵᠤ᠂ ᠦᠢ᠍ᠯᠡᠳᠬᠦ ᠦᠢ᠍ᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ᠂ ᠲᠣᠭ᠋ᠠᠴᠢᠯᠠᠭᠰᠠᠨ ᠳᠤᠮᠳᠠᠳᠤ ᠤᠯᠤᠰ᠎ᠢ ᠡᠷᠡᠰ ᠭᠤᠶ᠋ᠢᠪᠢᠰᠢ ᠦᠭᠡᠶ ᠪᠦᠲᠦᠭᠡᠨ ᠪᠠᠶ᠋ᠢᠭᠤᠯᠵᠤ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠤ ᠳᠡᠰᠵᠢᠯᠳᠡ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢ ᠠᠬᠢᠭᠤᠯᠵᠤ᠂ ᠠᠵᠤ ᠠᠬᠤᠶ ᠵᠢᠨ ᠶᠠᠰᠤ ᠴᠢᠨᠠᠷ ᠦᠷ᠎ᠡ ᠠᠰᠢᠭ ᠪᠠ ᠭᠣᠤᠯᠯᠠᠭᠴᠢ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠳᠠᠢ᠃ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠵᠦ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠳᠡ ᠵᠢ ᠲᠦᠷᠭᠡᠳᠭᠡᠵᠦ᠂ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢ᠍ᠢ᠍ᠭᠤᠯᠤᠯᠳᠠ ᠵᠢ ᠲᠦᠷᠭᠡᠳᠭᠡᠵᠦ᠂ ᠡᠨᠧᠷᠭᠢ ᠵᠢᠨ ᠬᠤᠪᠢᠰᠬᠠᠯ᠎ᠢ ᠠᠬᠢᠭᠤᠯᠵᠤ᠂ ᠲᠤᠭ᠋ᠠᠴᠢᠯᠠᠭᠰᠠᠨ ᠬᠥᠭᠵᠢᠯᠲᠡ ᠵᠢ ᠲᠦᠷᠭᠡᠳᠭᠡᠬᠦ ᠬᠡᠷᠡᠭᠳᠠᠢ ᠭᠡᠵᠤ ᠳᠤᠷᠠᠳᠴᠠᠢ᠃

      ᠪᠥᠬᠥᠳᠡ ᠬᠤᠷᠠᠯ᠎ᠠᠴᠠ᠂ ᠬᠦᠴᠦᠷᠬᠡᠭ ᠶᠡᠬᠡ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠢ ᠪᠦᠷᠢᠯᠳᠦᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ᠎ᠠ᠃ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢᠨ ᠦᠨᠳᠦᠰᠦᠨ ᠴᠡᠭ᠎ᠢ ᠪᠠᠷᠢᠮᠲᠠᠯᠠᠵᠤ᠂ ᠳᠣᠲᠣᠭ᠋ᠠᠳᠤ ᠬᠡᠷᠡᠭᠴᠡᠭᠡ ᠵᠢᠨ ᠪᠦᠷᠢᠨ ᠲᠦᠭᠦᠷ ᠰᠢᠰᠲ᠋ᠧᠮ᠎ᠢ ᠲᠦᠷᠬᠡᠨ ᠪᠣᠶ᠋ᠢᠵᠢᠭᠤᠯᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠦ᠂ ᠴᠢᠨᠠᠷ ᠰᠠᠶ᠋ᠢᠲᠠᠶ ᠬᠠᠩᠭ᠋ᠠᠯᠭ᠎ᠠ᠎ᠪᠠᠷ ᠰᠢᠨ᠎ᠡ ᠬᠡᠷᠡᠭᠴᠡᠭᠡ ᠱᠠᠭ᠋ᠠᠷᠲᠠᠯᠭ᠎ᠠ ᠵᠢ ᠬᠥᠲᠥᠯᠥᠨ ᠳᠠᠭ᠋ᠠᠭᠤᠯᠬᠤ ᠪᠦᠭᠡᠳ ᠡᠭᠦᠳᠦᠨ ᠪᠦᠲᠦᠭᠡᠨ᠎ᠡ᠃ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠢ ᠰᠠᠭ᠋ᠠᠳ ᠦᠭᠡᠢ ᠨᠡᠪᠲᠡᠷᠡᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠣᠷᠴᠢᠯ᠎ᠢ ᠠᠬᠢᠭᠤᠯᠵᠤ᠂ ᠬᠡᠷᠡᠭᠯᠡᠭᠡ ᠵᠢ ᠪᠦᠬᠦ ᠲᠠᠯ᠎ᠠ᠎ᠪᠠᠷ ᠠᠬᠢᠭᠤᠯᠵᠤ᠂ ᠪᠡᠯᠡ ᠣᠷᠣᠭᠤᠯᠤᠯᠲᠠ ᠵᠢᠨ ᠣᠷᠣᠨ ᠵᠠᠶ ᠵᠢ ᠥᠷᠭᠡᠳᠬᠡᠬᠦ ᠬᠡᠷᠡᠭᠲᠡᠶ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ᠎ᠲᠠᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠯ᠎ᠢ ᠪᠠᠶ᠋ᠢᠭᠤᠯᠤᠨ᠎ᠠ᠃ ᠨᠡᠶ᠋ᠢᠭᠡᠮ ᠵᠢᠷᠤᠮ᠎ᠤᠨ ᠦᠨᠳᠦᠰᠦᠨ ᠠᠵᠤ ᠠᠬᠤᠢ ᠵᠢᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠶᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠢ᠍ᠢ᠍ᠯᠭ᠎ᠠ᠎ᠲᠠᠢ ᠵᠠᠰᠠᠭ᠎ᠤᠨ ᠤᠷᠲᠤᠨ᠎ᠢ ᠨᠡᠩ ᠰᠠᠶ᠋ᠢᠲᠤᠷ ᠤᠶᠠᠯᠳᠤᠭᠤᠯᠬᠤ ᠵᠢ ᠠᠬᠢᠭᠤᠯᠤᠨ᠎ᠠ᠃ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠬᠣᠷᠸ᠎ᠠ ᠠᠵᠤ ᠠᠬᠤᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠤᠳᠤ ᠦᠶ᠎ᠡ ᠵᠢᠨ ᠡᠳ᠋᠎ᠤᠨ ᠵᠠᠰᠠᠭ ᠭᠠᠶ᠋ᠢᠯᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠯ᠎ᠢ ᠪᠠᠶ᠋ᠢᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠶ᠋ᠢᠭᠤᠯᠵᠤ᠂ ᠵᠠᠰᠠᠭ᠎ᠤᠨ ᠣᠷᠳᠣᠨ᠎ᠤ ᠴᠢᠲᠠᠪᠬᠢ ᠵᠢ ᠲᠦᠷᠬᠡᠨ ᠬᠤᠪᠢᠷᠠᠭᠤᠯᠬᠤ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠬᠦᠲᠡᠭᠡ ᠠᠵᠦ ᠠᠬᠤᠢ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠎ᠠ᠃ 《ᠬᠦᠲᠡᠭᠡ ᠠᠵᠦ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠶᠠᠪᠤᠳᠠᠯ᠎ᠢ ᠪᠦᠬᠦ ᠨᠠᠮ᠎ᠤᠨ ᠠᠵᠢᠯ᠎ᠤᠨ ᠴᠢᠬᠤᠯᠠ᠎ᠠᠴᠠ ᠴᠢᠬᠤᠯᠠ ᠠᠵᠢᠯ ᠪᠤᠯᠭ᠋ᠠᠠ ᠠᠳᠬᠤᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠵᠤ ᠦᠢ᠍ᠯᠡᠳᠪᠦᠷᠢ᠎ᠪᠠᠷ ᠲᠠᠷᠢᠶᠠᠯᠠᠩ᠎ᠢ ᠨᠥᠬᠥᠪᠥᠷᠢᠯᠡᠬᠦ᠂ ᠬᠤᠳᠠ᠎ᠪᠠᠷ ᠬᠥᠳᠡᠭᠡ ᠲᠣᠰᠬᠣᠨ᠎ᠢ ᠳᠠᠶ᠋ᠢᠴᠢᠯᠠᠬᠤ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠬᠤ᠂ ᠬᠤᠳᠠ ᠬᠥᠳᠡᠭᠡ ᠬᠠᠷᠢᠯᠴᠠᠨ ᠨᠥᠬᠥᠪᠥᠷᠢᠯᠡᠬᠦ᠂ ᠵᠣᠬᠢᠴᠠᠩᠭᠤᠶ᠎ᠪᠠᠷ ᠬᠥᠭᠵᠢᠬᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠰᠢᠨ᠎ᠡ ᠮᠠᠶᠢᠭ᠎ᠤᠨ ᠠᠵᠤ ᠦᠢ᠍ᠯᠡᠳᠪᠦᠷᠢ ᠲᠠᠷᠢᠶᠠᠯᠠᠩ ᠬᠤᠳᠠ ᠬᠥᠳᠡᠭᠡ ᠵᠢᠨ ᠬᠠᠷᠢᠴᠠᠭ᠎ᠠ ᠵᠢ ᠪᠦᠷᠢᠯᠲᠦᠭᠦᠯᠬᠦ ᠵᠢ ᠠᠬᠢᠭᠤᠯᠵᠦ᠂ ᠬᠦᠲᠡᠭᠡ ᠠᠵᠦ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠨ᠎ᠡ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ᠂ ᠬᠦᠲᠡᠭᠡ ᠠᠵᠦ ᠠᠬᠤᠢ ᠵᠢᠨ ᠶᠠᠰᠤ ᠴᠢᠨᠠᠷ ᠦᠷ᠎ᠡ ᠠᠰᠢᠭ ᠪᠤᠯᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠠᠮᠵᠢᠯᠲᠠ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠬᠦ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠪᠠ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢ ᠠᠬᠢᠭᠤᠯᠤᠨ᠎ᠠ᠃ ᠣᠷᠣᠨ ᠪᠦᠰᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠪᠠᠷᠢᠮᠲᠠᠯᠠᠵᠤ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠳᠠ ᠵᠢᠨ ᠪᠠᠶ᠋ᠢᠯᠳᠤᠬᠤ ᠪᠤᠳᠤᠯᠭ᠎ᠠ ᠵᠢ ᠲᠡᠭᠦᠯᠳᠡᠷᠵᠢᠭᠦᠯᠵᠦ᠂ ᠴᠢᠨᠠᠷ ᠰᠠᠶ᠋ᠢᠲᠠᠶ ᠬᠥᠭᠵᠢᠭᠰᠡᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠪᠠᠶ᠋ᠢᠷᠢᠰᠢᠯ ᠪᠠ ᠲᠤᠯᠭ᠋ᠠᠭᠤᠷᠢᠯᠠᠬᠤ ᠰᠢᠰᠲ᠋ᠧᠮ᠎ᠢ ᠪᠠᠶ᠋ᠢᠭᠤᠯᠤᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠰᠢᠨ᠎ᠡ ᠪᠠᠶ᠋ᠢᠷᠢᠰᠢᠯ᠎ᠢ ᠪᠠᠶ᠋ᠢᠭᠤᠯᠵᠤ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠬᠥᠮᠦᠨ ᠵᠶ᠋ᠠᠷ ᠭᠣᠣᠯ ᠪᠣᠯᠭ᠋ᠠᠭᠰᠠᠨ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠳᠠ ᠵᠢ ᠠᠬᠢᠭᠤᠯᠬᠤ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠦᠨ᠎ᠡ᠃ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠣᠭᠣᠳᠬᠤ ᠪᠠᠶ᠋ᠢᠷᠢ ᠰᠠᠭᠤᠷᠢ ᠵᠢ ᠪᠠᠷᠢᠮᠲᠠᠯᠠᠵᠤ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ᠎ᠪᠠᠷ ᠰᠣᠶᠣᠯ᠎ᠤᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠤᠭ ᠵᠶ᠋ᠠᠨ ᠮᠠᠨᠳᠤᠭᠤᠯᠬᠤ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠴᠡᠴᠡᠭᠯᠡᠬᠦᠯᠬᠦ᠂ ᠳᠦᠷᠢ ᠲᠥᠷᠬᠦ᠎ᠪᠠᠨ ᠱᠤᠭᠤᠬᠤ ᠡᠭᠦᠷᠭᠡ ᠬᠠᠷᠢᠭᠤᠴᠠᠯᠭ᠎ᠠ ᠵᠢᠨ ᠲᠣᠭᠣᠷᠢᠨ᠎ᠳᠤ ᠠᠷᠠᠳ ᠲᠦᠮᠡᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠪᠠ ᠠᠷᠠᠳ ᠲᠦᠮᠡᠨ᠎ᠤ ᠣᠶᠤᠨ ᠰᠠᠨᠠᠭ᠋ᠠᠨ᠎ᠤ ᠬᠦᠴᠦᠨ᠎ᠢ ᠨᠢᠭᠡᠲᠦᠭᠦᠯᠬᠦ ᠵᠢ ᠠᠬᠢᠭᠤᠯᠵᠦ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠤᠳᠤ ᠦᠶ᠎ᠡ ᠵᠢᠨ ᠰᠣᠶᠣᠯ᠎ᠤᠨ ᠠᠵᠤ ᠦᠢ᠍ᠯᠡᠰ᠎ᠤᠨ ᠰᠢᠰᠲ᠋ᠧᠮ᠎ᠢ ᠪᠦᠷᠢᠨᠰᠢᠬᠦᠯᠬᠦ ᠬᠡᠷᠡᠭᠲᠡᠶ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠤᠨ᠎ᠠ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠲᠠᠢ ᠵᠣᠬᠢᠴᠠᠯᠳᠤᠬᠤ᠂ ᠪᠠᠶ᠋ᠢᠭ᠋ᠠᠯᠢ ᠵᠢ ᠬᠠᠮᠠᠭ᠋ᠠᠯᠠᠬᠤ ᠵᠢ ᠪᠠᠷᠢᠮᠲᠠᠯᠠᠵᠤ᠂ ᠠᠷᠪᠢᠯᠠᠠ ᠭᠠᠮᠨᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠪᠠᠶ᠋ᠢᠭ᠋ᠠᠯᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠵᠠᠭ᠋ᠠᠭ ᠬᠢᠵᠠᠭ᠋ᠠᠷ᠎ᠢ ᠪᠠᠲᠤ ᠰᠠᠬᠢᠨ᠎ᠠ᠃ ᠦᠷᠭᠦᠯᠵᠢᠯᠡᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠬᠦᠷᠢᠶ᠎ᠠ ᠬᠡᠪᠴᠢᠶ᠎ᠠ ᠵᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠰᠢᠰᠲ᠋ᠧᠮ᠎ᠢ ᠪᠠᠶ᠋ᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠠᠷ ᠠᠷᠭ᠎ᠠ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠠᠶ᠋ᠢᠭᠤᠯᠤᠨ᠎ᠠ᠃ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ ᠵᠢ ᠲᠦᠷᠬᠡᠨ ᠠᠬᠢᠭᠤᠯᠵᠤ᠂ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠵᠤ᠂ ᠠᠮᠢ ᠠᠬᠤᠶ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠵᠦ᠂ ᠡᠬᠢ ᠪᠠᠶᠠᠯᠢᠭ᠎ᠢ ᠠᠰᠢᠠᠠᠯᠠᠬᠤ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠥᠨᠳᠥᠷ ᠲᠦᠪᠰᠢᠨ ᠪᠦᠬᠦᠢ ᠭᠠᠳᠠᠭ᠋ᠠᠲᠦ ᠨᠡᠭᠡᠭᠡᠯᠳᠡ ᠬᠢᠬᠦ ᠵᠢ ᠬᠡᠷᠡᠭᠵᠢᠭᠦᠯᠵᠦ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠬᠦᠷᠳᠡᠬᠦ ᠰᠢᠨ᠎ᠡ ᠪᠠᠶ᠋ᠢᠳᠠᠯ᠎ᠢ ᠨᠡᠭᠡᠭᠡᠨ᠎ᠡ᠃ ᠨᠠᠩ ᠶᠡᠬᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠵᠢᠨ ᠭᠠᠳᠠᠭ᠋ᠠᠲᠤ ᠨᠡᠭᠡᠭᠡᠯᠲᠡ ᠬᠢᠬᠦ ᠵᠢ ᠬᠡᠷᠡᠭᠵᠢᠭᠦᠯᠬᠦ ᠵᠢ ᠪᠠᠷᠢᠮᠲᠠᠯᠠᠵᠦ᠂ ᠮᠠᠨ᠎ᠤ ᠤᠯᠤᠰ᠎ᠤᠨ ᠲᠤᠮᠤ ᠵᠠᠬ᠎ᠠ ᠳᠡᠯᠭᠡᠭᠦᠷ᠎ᠤᠨ ᠳᠠᠪᠠᠭᠤᠯᠢᠭ᠎ᠲᠤ ᠲᠦᠰᠢᠭᠯᠡᠨ᠂ ᠤᠯᠠᠨ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠢ ᠪᠡᠶᠡᠯᠡᠭᠦᠯᠦᠨ᠎ᠡ᠃ ᠨᠡᠩ ᠥᠨᠳᠥᠷ ᠲᠦᠪᠰᠢᠨ᠎ᠲᠠᠢ ᠨᠡᠭᠡᠭᠡᠯᠲᠡᠲᠦ ᠮᠠᠶᠢᠭ᠎ᠤᠨ ᠠᠵᠤ ᠠᠬᠤᠶ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠵᠤ᠂ ᠭᠠᠳᠠᠭ᠋ᠠᠳᠤ ᠨᠡᠭᠡᠭᠡᠯᠲᠡ ᠬᠢᠬᠦ ᠬᠢᠷᠢ ᠲᠦᠪᠰᠢᠨ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠵᠢᠨ ᠴᠢᠯᠥᠭᠡᠵᠢᠯᠲᠡ ᠳᠥᠭᠥᠮᠴᠢᠯᠡᠯᠲᠡ ᠵᠢ ᠠᠬᠢᠭᠤᠯᠵᠤ᠂ ᠠᠷᠠᠯᠵᠢᠶᠠᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠍ᠢ᠍ᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ᠎ᠳᠤ ᠢᠳᠡᠪᠬᠢᠲᠡᠢ ᠣᠷᠣᠯᠴᠠᠬᠤ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠰᠠᠶ᠋ᠢᠵᠢᠷᠠᠭᠤᠯᠵᠤ᠂ ᠨᠡᠶ᠋ᠢᠭᠡᠮ᠎ᠤᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠬᠦ᠎ᠪᠠᠷ ᠬᠥᠭᠵᠢᠯᠲᠡ ᠵᠢᠨ ᠭᠠᠷᠤᠭ᠎ᠠ ᠪᠠ ᠲᠤᠰᠤᠯᠲᠠ ᠪᠤᠯᠭ᠋ᠠᠵᠦ᠂ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠵᠤ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠦᠨᠳᠦᠰᠦᠨ ᠰᠢᠰᠲ᠋ᠧᠮ᠎ᠢ ᠪᠦᠷᠢᠠᠰᠢᠭᠦᠯᠵᠦ᠂ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠦ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠪᠠ ᠨᠡᠶ᠋ᠢᠭᠡᠮ᠎ᠤᠨ ᠪᠦᠬᠦ ᠲᠠᠯ᠎ᠠ ᠵᠢᠨ ᠳᠠᠪᠰᠢᠯᠲᠠ ᠵᠢ ᠠᠬᠢᠭᠤᠯᠬᠤ ᠵᠢ ᠪᠠᠷᠢᠮᠲᠠᠯᠠᠨ᠎ᠠ᠃ ᠠᠷᠠᠳ ᠲᠦᠮᠡᠨ᠎ᠤ ᠣᠷᠣᠯᠭ᠎ᠠ ᠵᠢᠨ ᠲᠦᠪᠰᠢᠨ᠎ᠢ ᠳᠡᠭᠡᠭᠰᠢᠯᠡᠭᠦᠯᠵᠦ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠵᠤ᠂ ᠣᠯᠠᠨ ᠳᠡᠰ ᠳᠠᠪᠬᠤᠷᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠵᠤ ᠨᠡᠶ᠋ᠢᠭᠡᠮ᠎ᠤᠨ ᠵᠠᠰᠠᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠭᠦ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠨᠡᠩ ᠥᠨᠳᠥᠷ ᠲᠦᠪᠰᠢᠨ᠎ᠲᠠᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠤᠨ᠎ᠠ᠃ ᠤᠯᠤᠰ᠎ᠤᠨ ᠶᠡᠷᠦᠩᠬᠡᠶ ᠴᠣᠭᠴᠠ ᠵᠢᠨ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠨ᠂ ᠤᠯᠤᠰ᠎ᠤᠨ ᠠᠮᠤᠷ ᠲᠦᠪᠰᠢᠨ᠎ᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠦᠭᠡᠳ ᠪᠤᠢ ᠪᠣᠯᠭ᠋ᠠᠵᠤ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠠᠮᠤᠷ ᠲᠦᠪᠰᠢᠨ ᠬᠥᠭᠵᠢᠯᠲᠡ ᠵᠢ ᠤᠯᠤᠰ᠎ᠤᠨ ᠬᠥᠭᠵᠢᠯᠲᠡ ᠵᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ᠎ᠳᠤ ᠲᠤᠭᠤᠰᠢᠯᠠᠭᠤᠯᠤᠨ᠂ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠠᠬᠢᠴᠠ ᠵᠢ ᠨᠥᠯᠥᠭᠡᠯᠡᠬᠦ ᠡᠯ᠎ᠡ ᠵᠦᠢ᠍ᠯ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠤᠯᠤᠰ᠎ᠤᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠠ᠃ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠠᠵᠤ ᠠᠬᠤᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ ᠪᠠ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠢ ᠭᠡᠵᠦ ᠲᠤᠷᠠᠳᠴᠠᠢ᠃
      ᠪᠥᠬᠥᠳᠡ ᠬᠤᠷᠠᠯ᠎ᠠᠴᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠭᠢ ᠵᠢᠨ ᠣᠳᠣᠬᠢᠴᠢᠯᠠᠯᠲᠠ ᠵᠢ ᠲᠦᠷᠭᠡᠳᠬᠡᠵᠦ᠂ ᠤᠯᠤᠰ ᠵᠶ᠋ᠠᠨ ᠪᠠᠶᠠᠵᠢᠭᠤᠯᠬᠤ ᠪᠠ ᠴᠡᠷᠢᠭ ᠵᠶ᠋ᠠᠨ ᠬᠦᠴᠦᠷᠬᠡᠭᠵᠢᠭᠦᠯᠬᠦ ᠵᠢ ᠨᠢᠭᠡᠳᠬᠡᠬᠦ ᠵᠢ ᠪᠡᠶᠡᠯᠡᠭᠦᠯᠦᠨ᠎ᠡ᠃ ᠰᠢ ᠵᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠲᠤᠭᠤᠰᠢᠯᠠᠭᠤᠯᠵᠦ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠦ᠂ ᠨᠠᠮ᠎ᠤᠨ ᠠᠷᠠᠳ᠎ᠤᠨ ᠴᠡᠷᠢᠭ ᠠᠩᠭᠢ᠎ᠳᠠᠬᠢ ᠬᠠᠷᠢᠴᠠᠯᠠᠰᠢ ᠦᠭᠡᠶ ᠤᠳᠤᠷᠢᠳᠤᠯᠭ᠎ᠠ ᠵᠢ ᠪᠠᠷᠢᠮᠲᠠᠯᠠᠵᠤ᠂ ᠤᠯᠤᠰ ᠲᠥᠷᠥ᠎ᠪᠠᠷ ᠴᠡᠷᠢᠭ ᠪᠠᠶ᠋ᠢᠭᠤᠯᠬᠤ᠂ ᠥᠭᠡᠷᠡᠴᠢᠯᠡᠯᠲᠡ᠎ᠪᠠᠷ ᠴᠡᠷᠢᠭ ᠵᠶ᠋ᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠠᠷ ᠴᠡᠷᠢᠭ ᠵᠶ᠋ᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠵᠶ᠋ᠠᠷ ᠴᠡᠷᠢᠭ ᠵᠶ᠋ᠠᠨ ᠬᠦᠴᠦᠷᠬᠡᠭᠵᠢᠭᠦᠯᠬᠦ᠂ ᠬᠠᠤᠯᠢ ᠶᠣᠰᠣᠭ᠋ᠠᠷ ᠴᠡᠷᠢᠭ ᠵᠶ᠋ᠠᠨ ᠵᠠᠰᠠᠬᠤ ᠵᠢ ᠪᠠᠷᠢᠮᠲᠠᠯᠠᠵᠦ᠂ ᠮᠠᠰᠢᠨᠴᠢᠯᠠᠯᠲᠠ ᠮᠡᠳᠡᠭᠡ ᠵᠠᠩᠭᠢᠵᠢᠯᠲᠠ ᠤᠶᠤᠨᠴᠢᠯᠠᠯᠲᠠ ᠵᠢ ᠠᠭᠤᠰᠤᠯᠴᠠᠭᠤᠯᠤᠨ ᠬᠥᠭᠵᠢᠭᠦᠯᠬᠦ ᠵᠢ ᠲᠦᠷᠭᠡᠳᠬᠡᠵᠦ᠂ ᠴᠡᠷᠢᠭ ᠪᠣᠯᠪᠠᠰᠤᠷᠠᠭᠤᠯᠵᠤ ᠳᠠᠢ᠍ᠢ᠍ᠨ᠎ᠳᠤ ᠪᠡᠯᠡᠳᠬᠡᠬᠦ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠬᠤ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ 2027 ᠤᠨ᠎ᠤ ᠴᠡᠷᠢᠭ ᠪᠠᠶ᠋ᠢᠭᠤᠯᠤᠬᠳᠠᠬᠰᠠᠨ ᠵᠠᠭᠤᠨ ᠵᠢᠯ᠎ᠤᠨ ᠤᠢ ᠵᠢᠨ ᠲᠡᠮᠡᠴᠡᠬᠦ ᠬᠠᠷᠠᠯᠲᠠ᠎ᠪᠠᠨ ᠪᠡᠶᠡᠯᠡᠭᠦᠯᠬᠦ ᠵᠢ ᠪᠠᠲᠤᠯᠠᠨ᠎ᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠣᠳᠠᠲᠤ ᠬᠦᠴᠦᠨ ᠪᠣᠯᠤᠨ ᠠᠵᠤ ᠠᠬᠤᠶ ᠵᠢᠨ ᠪᠣᠳᠠᠲᠤ ᠬᠦᠴᠦᠨ᠎ᠢ ᠵᠡᠷᠭᠡ᠎ᠪᠠᠷ ᠳᠡᠭᠡᠭᠰᠢᠯᠡᠭᠦᠯᠬᠦ ᠵᠢ ᠠᠬᠢᠭᠤᠯᠵᠤ᠂ ᠨᠢᠭᠡ ᠴᠣᠭᠴᠠᠵᠢᠭᠰᠠᠨ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠰᠲᠸᠮ ᠪᠣᠯᠤᠨ ᠴᠢᠳᠠᠪᠤᠷᠢ ᠵᠢ ᠪᠠᠶ᠋ᠢᠭᠤᠯᠵᠦ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ ᠬᠡᠪᠴᠢᠶ᠎ᠠ᠂ ᠰᠢᠨ᠎ᠡ᠎ᠪᠠᠷ ᠬᠥᠭᠵᠢᠭᠰᠡᠨ ᠬᠦᠷᠢᠶ᠎ᠠ ᠴᠠᠷᠠᠭ᠎ᠠ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠵᠦ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠬᠦ ᠬᠡᠷᠡᠭᠲᠡᠢ᠃
      ᠪᠥᠬᠥᠳᠡ ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠪᠡᠶᠡᠯᠡᠭᠦᠯᠬᠦ᠎ᠳᠤ ᠡᠷᠬᠡᠪᠰᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠦ᠂ ᠠᠯᠢᠪᠠ ᠢᠳᠡᠪᠬᠢ ᠬᠦᠴᠦᠨ ᠵᠦᠢ᠍ᠯ᠎ᠢ ᠭᠦᠢ᠍ᠴᠡᠳ ᠳᠠᠶ᠋ᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ᠎ᠲᠠᠢ ᠥᠷᠭᠡᠨ ᠵᠶ᠋ᠠᠷ ᠪᠦᠯᠬᠦᠮᠳᠡᠵᠦ᠂ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠨᠡᠶ᠋ᠢᠯᠡᠯ ᠬᠦᠴᠦᠨ᠎ᠢ ᠪᠣᠶ ᠪᠣᠯᠭ᠋ᠠᠬᠤ ᠬᠡᠷᠡᠭᠲᠡᠶ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠤᠯᠤᠰ ᠲᠦᠷᠦ ᠵᠢᠨ ᠪᠠᠶ᠋ᠢᠭᠤᠯᠤᠯᠲᠠ ᠵᠢ ᠠᠬᠢᠭᠤᠯᠵᠤ᠂ ᠲᠥᠯᠥᠪᠵᠢᠭᠦᠯᠭᠡ ᠲᠣᠭᠲᠠᠭ᠋ᠠᠬᠤ ᠪᠠ ᠨᠠᠶ᠋ᠢᠳᠠᠪᠤᠷᠢᠵᠢᠭᠤᠯᠬᠤ ᠲᠣᠭᠲᠠᠴᠠ ᠵᠢ ᠪᠦᠷᠢᠨᠰᠢᠬᠦᠯᠬᠦ ᠬᠡᠷᠡᠭᠲᠡᠢ᠃ ᠰᠢᠶᠠᠩᠭ᠋ᠠᠩ᠂ ᠣᠣᠮᠧᠨ᠎ᠤ ᠤᠷᠳᠤ ᠬᠤᠭᠤᠴᠠᠭ᠋ᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠲᠠᠶ᠋ᠢᠸᠠᠨ ᠬᠣᠭᠣᠯᠠᠶ ᠵᠢᠨ ᠬᠣᠶᠠᠷ ᠬᠦᠪᠡᠭᠡ ᠵᠢᠨ ᠬᠠᠷᠢᠴᠠᠭ᠎ᠠ ᠵᠢᠨ ᠨᠠᠶ᠋ᠢᠷᠠᠮᠳᠠᠯ ᠵᠶ᠋ᠠᠷ ᠬᠥᠭᠵᠢᠬᠦ ᠪᠠ ᠡᠬᠡ ᠤᠯᠤᠰ᠎ᠤᠨ ᠨᠢᠭᠡᠳᠦᠯ᠎ᠢ ᠠᠬᠢᠭᠤᠯᠬᠤ ᠬᠡᠷᠡᠭᠲᠡᠶ᠃ ᠡᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠬᠦᠷᠲᠡᠬᠦ ᠲᠤᠭ᠎ᠢ ᠥᠨᠳᠥᠷ ᠮᠠᠨᠳᠤᠭᠤᠯᠵᠤ᠂ ᠰᠠᠢ᠍ᠢ᠍ᠨ ᠰᠠᠶ᠋ᠢᠬᠠᠨ ᠭᠠᠳᠠᠭ᠋ᠠᠳᠤ ᠣᠷᠴᠢᠨ ᠨᠥᠬᠥᠴᠡᠯ᠎ᠢ ᠢᠳᠡᠪᠬᠢᠲᠡᠶ ᠪᠤᠢ ᠪᠣᠯᠭ᠋ᠠᠵᠤ᠂ ᠰᠢᠨ᠎ᠡ ᠬᠡᠯᠪᠡᠷᠢ ᠵᠢᠨ ᠤᠯᠠᠨ ᠤᠯᠤᠰ᠎ᠤᠨ ᠬᠠᠷᠢᠴᠠᠭ᠎ᠠ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠪᠥᠬᠥᠳᠡ ᠬᠤᠷᠠᠯ᠎ᠠᠴᠠ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠵᠶ᠋ᠠᠷ ᠰᠢᠷᠭ᠋ᠠᠭᠤ ᠲᠡᠮᠡᠴᠡᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠢᠯᠠᠯᠲᠠ ᠵᠢ ᠲᠡᠮᠡᠴᠡᠨ ᠣᠯᠰᠤᠭ᠋ᠠᠢ ᠭᠡᠵᠦ ᠤᠷᠢᠶᠠᠯᠠᠭᠰᠠᠠ ᠪᠠᠢ᠍ᠢ᠍ᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠭᠰᠡᠨ ᠬᠦᠬᠢᠬᠦᠯᠦᠨ ᠰᠠᠢ᠍ᠢ᠍ᠰᠢᠶᠠᠬᠤ ᠶᠡᠭᠡ ᠬᠤᠷᠠᠯ ᠪᠡᠭᠡᠵᠢᠩ᠎ᠳᠤ ᠦᠪᠡᠳᠡᠭᠰᠢ ᠶᠡᠭᠡ᠎ᠪᠠᠷ ᠶᠠᠪᠤᠬᠳᠠᠪᠠ
ᠪᠠᠬᠰᠢ ᠵᠢᠨ ᠪᠠᠶᠠᠷ ᠬᠦᠷᠴᠤ ᠢᠷᠠᠬᠦ ᠲᠠᠰᠢᠷᠠᠮ᠎ᠳᠤ ᠰᠢ ᠵᠢᠨ ᠫᠢᠩ ᠪᠦᠬᠦ ᠤᠯᠤᠰ᠎ᠤᠨ ᠦᠷᠭᠡᠨ ᠤᠯᠠᠨ ᠪᠠᠬᠰᠢ ᠨᠠᠷ ᠪᠤᠯᠤᠨ ᠰᠤᠷᠭ᠋ᠠᠨ ᠬᠦᠮᠦᠵᠢᠯ᠎ᠤᠨ ᠠᠵᠢᠯᠳᠠᠳ᠎ᠲᠤ ᠪᠠᠶᠠᠷ᠎ᠤᠨ ᠡᠳᠦᠷ᠎ᠤᠨ ᠮᠠᠨᠳᠤᠴᠢᠯᠠᠯ ᠪᠠ ᠴᠢᠩ ᠰᠡᠳᠬᠢᠯ᠎ᠤᠨ ᠲᠤᠬᠤᠨᠢᠭᠤᠯᠤᠯ ᠲᠠᠪᠰᠢᠬᠦᠯᠪᠠ
ᠰᠢ ᠵᠢᠨ ᠫᠢᠩ ᠰᠤᠷᠭ᠋ᠠᠨ ᠬᠦᠮᠦᠵᠢᠯ ᠰᠣᠶᠣᠯ ᠡᠷᠡᠬᠦᠯ ᠬᠠᠮᠠᠭ᠋ᠠᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠪᠠ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ
ᠨᠠᠮ᠎ᠤᠨ ᠠᠷᠪᠠᠨ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠭᠥᠳᠡ ᠬᠤᠷᠠᠯ ᠪᠡᠭᠡᠵᠢᠩ᠎ᠳᠤ ᠬᠤᠷᠠᠯᠳᠤᠵᠤ ᠡᠬᠢᠯᠡᠪᠡ
ᠰᠢ ᠵᠢᠨ ᠫᠢᠩ ᠠᠽᠢᠶ᠎ᠠ ᠳᠢᠪ᠎ᠤᠨ ᠰᠠᠭᠤᠷᠢ ᠳᠦᠬᠦᠬᠡᠷᠤᠮᠵᠢ ᠵᠢᠨ ᠪᠡᠯᠡ ᠤᠷᠤᠭᠤᠯᠤᠯᠳᠠ ᠵᠢᠨ ᠪᠠᠩᠬᠢ ᠵᠢᠨ ᠳᠠᠪᠤᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠤᠨ᠎ᠤ ᠬᠤᠷᠠᠯ᠎ᠤᠨ ᠸᠢᠳᠢᠣ᠋ ᠬᠤᠷᠠᠯ᠎ᠤᠨ ᠡᠬᠢᠯᠡᠯᠳᠡ ᠵᠢᠨ ᠶᠤᠰᠤᠯᠠᠯ ᠳᠡᠭᠡᠷ᠎ᠡ ᠪᠠᠶᠠᠷ᠎ᠤᠨ ᠦᠬᠡ ᠬᠡᠯᠡᠪᠡ
 
            