ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠦᠬᠦᠷ᠎ᠤᠨ 《ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠦᠬᠦᠯᠡᠬᠦ᠎ᠨᠢ》 ᠬᠡᠬᠦ ᠨᠤᠮ ᠬᠡᠪᠯᠡᠭᠳᠡᠪᠡ
ᠨᠡᠶ᠋ᠢᠲᠡᠯᠡᠭᠰᠡᠨ ᠴᠠᠭ᠄ 2020-11-10

      ᠰᠢᠨᠬᠤᠸᠠ ᠬᠤᠷᠢᠶᠠᠨ᠎ᠤ ᠪᠡᠬᠡᠵᠢᠩ᠎ᠤᠨ 11 ᠰᠠᠷ᠎ᠠ ᠵᠢᠨ 9᠎ᠤ ᠴᠠᠬᠢᠯᠭ᠋ᠠᠨ ᠮᠡᠳᠡᠬᠡ ᠨᠠᠮ᠎ᠤᠨ ᠲᠦᠪ ᠬᠤᠷᠢᠶᠠᠨ᠎ᠤ ᠨᠠᠮ᠎ᠤᠨ ᠲᠡᠤᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠠᠯᠠᠩ᠎ᠠᠴᠠ ᠨᠠᠢ᠍ᠢ᠍ᠷᠠᠭᠤᠯᠤᠬᠰᠠᠨ ᠰᠢ ᠵᠢᠨ ᠫᠢᠩ ᠨᠦᠬᠦᠷ᠎ᠤᠨ 《ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠦᠬᠦᠯᠡᠬᠦ᠎ᠨᠢ》 ᠬᠡᠬᠦ ᠨᠤᠮ᠎ᠢ ᠤᠢ᠍ᠢ᠍ᠷ᠎ᠠ ᠵᠢᠨ ᠡᠳᠤᠷ ᠲᠦᠪ᠎ᠤᠨ ᠲᠤᠯᠭᠤᠷ ᠪᠢᠴᠢᠭ᠎ᠤᠨ ᠬᠡᠪᠯᠠᠯ᠎ᠤᠨ ᠬᠤᠷᠢᠶ᠎ᠠ᠎ᠠᠴᠠ ᠬᠡᠪᠯᠠᠵᠤ᠂ ᠪᠦᠬᠦ ᠤᠯᠤᠰ᠎ᠲᠤ ᠲᠠᠷᠬᠠᠭ᠋ᠠᠪᠠ᠃
      ᠡᠨᠡ ᠬᠦ᠌ ᠲᠤᠰᠬᠠᠢ ᠰᠡᠳᠤᠪᠳᠤ ᠵᠤᠬᠢᠶᠠᠯ᠎ᠤᠨ ᠲᠡᠬᠦᠪᠤᠷᠢ᠎ᠳᠤ ᠰᠢ ᠵᠢᠨ ᠫᠢᠩ ᠨᠦᠬᠦᠷ᠎ᠤᠨ ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠦᠬᠦᠯᠡᠭᠰᠡᠨ 52 ᠴᠢᠬᠤᠯᠠ ᠵᠤᠬᠢᠶᠠᠯ᠎ᠢ ᠤᠷᠤᠭᠤᠯᠵᠠᠢ᠃ ᠡᠬᠦᠨ᠎ᠳᠤ ᠭᠡᠰᠡᠭ ᠵᠤᠬᠢᠶᠠᠯ᠎ᠢ ᠠᠩᠬ᠎ᠠ ᠤᠳᠠᠭ᠎ᠠ ᠢᠯᠠ᠎ᠪᠠᠷ ᠨᠡᠢ᠍ᠢ᠍ᠳᠠᠯᠠᠵᠤ ᠪᠠᠢ᠍ᠢ᠍ᠨ᠎ᠠ᠃
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠢ ᠪᠦᠬᠦ ᠲᠠᠯ᠎ᠠ ᠵᠢᠨ ᠠᠵᠢᠯ᠎ᠤᠨ ᠴᠢᠬᠤᠯᠠ ᠪᠠᠢ᠍ᠢ᠍ᠷᠢᠨ᠎ᠳᠤ ᠲᠠᠯᠪᠢᠵᠤ᠂ ᠠᠯᠢ ᠤᠯᠠᠨ ᠴᠢᠬᠤᠯᠠ ᠶᠡᠭᠡ ᠰᠢᠢ᠍ᠳᠪᠤᠷᠢᠳᠤ ᠪᠤᠳᠤᠯᠭ᠎ᠠ ᠭᠠᠷᠭ᠋ᠠᠨ᠂ ᠠᠯᠢ ᠤᠯᠠᠨ ᠴᠢᠬᠤᠯᠠ ᠠᠷᠭ᠎ᠠ ᠬᠡᠮᠵᠢᠶ᠎ᠠ ᠵᠢ ᠭᠡᠷᠡᠭᠵᠢᠬᠦᠯᠵᠤ᠂ ᠨᠠᠮ᠎ᠤᠨ ᠤᠨᠤᠯ᠎ᠤᠨ ᠰᠢᠨ᠎ᠠ ᠡᠬᠦᠳᠤᠯᠳᠠ ᠵᠢ ᠪᠦᠬᠦ ᠲᠠᠯ᠎ᠠ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢ᠍ᠢ᠍ᠬᠡᠮ ᠵᠢᠷᠤᠮ ᠪᠤᠯᠤᠨ ᠳᠤᠮᠳᠠᠳᠤ ᠵᠢᠨ ᠵᠡᠬᠦᠳᠤ ᠵᠢ ᠬᠦᠮᠤᠰ᠎ᠤᠨ ᠰᠡᠳᠬᠢᠯ᠎ᠳᠤ ᠬᠦᠨ ᠬᠠᠳᠠᠨᠭ᠌ᠰᠢᠭᠤᠯᠤᠨ᠂ ᠨᠡᠢ᠍ᠢ᠍ᠬᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠠ ᠪᠤᠯᠤᠨ ᠳᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ᠎ᠢ ᠦᠷᠬᠡᠨ ᠵᠶ᠋ᠠᠷ ᠪᠠᠳᠠᠷᠠᠭᠤᠯᠵᠤ᠂ ᠭᠤᠤᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠬᠡ ᠵᠢ ᠲᠠᠰᠤᠷᠠᠯᠳᠠ ᠦᠬᠡᠢ ᠪᠡᠬᠢᠵᠢᠬᠦᠯᠤᠨ᠂ ᠰᠤᠶᠤᠯ᠎ᠤᠨ ᠢᠳᠡᠬᠡᠯ᠎ᠢ ᠲᠤᠲᠤᠷᠠᠭᠤᠯᠵᠤ᠂ ᠤᠯᠤᠰ᠎ᠤᠨ ᠰᠤᠶᠤᠯ᠎ᠤᠨ ᠵᠦᠬᠡᠯᠠᠨ ᠪᠤᠳᠠᠳᠤ ᠬᠦᠴᠤᠨ ᠪᠤᠯᠤᠨ ᠳᠤᠮᠳᠠᠳᠤ ᠵᠢᠨ ᠰᠤᠶᠤᠯ᠎ᠤᠨ ᠨᠦᠯᠤᠬᠡᠯᠡᠬᠦ ᠬᠦᠴᠦᠨ᠎ᠢ ᠶᠡᠬᠡ᠎ᠪᠠᠷ ᠲᠡᠭᠡᠭᠰᠢᠯᠠᠬᠦᠯᠵᠤ᠂ ᠪᠦᠬᠦ ᠨᠠᠮ ᠪᠦᠬᠦ ᠨᠡᠢ᠍ᠢ᠍ᠬᠡᠮ᠎ᠤᠨ ᠦᠵᠡᠯ ᠰᠠᠨᠠᠭ᠋ᠠᠨ᠎ᠤ ᠲᠠᠯ᠎ᠠ᠎ᠪᠠᠷ᠎ᠬᠢ ᠪᠦᠯᠬᠦᠮᠳᠡᠯ ᠨᠢᠬᠡᠳᠤᠯ᠎ᠢ ᠴᠢᠨᠠᠬᠰᠢᠳᠠ ᠪᠡᠬᠢᠵᠢᠬᠦᠯᠵᠠᠢ᠃ ᠰᠢ ᠵᠢᠨ ᠫᠢᠩ ᠨᠦᠬᠦᠷ ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠭᠤᠷᠢᠨ᠎ᠳᠤ ᠠᠯᠢ ᠤᠯᠠᠨ ᠰᠢᠨ᠎ᠠ ᠦᠵᠡᠯ ᠰᠠᠨᠠᠭ᠎ᠠ ᠰᠢᠨ᠎ᠠ ᠦᠵᠡᠯᠳᠠ ᠰᠢᠨ᠎ᠠ ᠦᠬᠦᠯᠡᠯᠳᠠ ᠵᠢ ᠲᠤᠷᠠᠳᠴᠤ᠂ ᠮᠠᠨ᠎ᠤ ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠳᠠᠬᠢ ᠵᠢᠮ᠎ᠠ ᠶᠤᠰᠤᠴᠢ ᠴᠢᠨᠠᠷᠳᠠᠢ ᠲᠠᠨᠢᠯᠳᠠ ᠵᠢ ᠶᠡᠬᠡ᠎ᠪᠠᠷ ᠬᠦᠨᠵᠡᠬᠡᠢ᠍ᠢ᠍ᠷᠡᠬᠦᠯᠵᠤ᠂ ᠰᠢᠨ᠎ᠠ ᠴᠠᠬ ᠦᠶ᠎ᠠ ᠵᠢᠨ ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠢ ᠰᠠᠢ᠍ᠢ᠍ᠳᠤᠷ ᠬᠢᠬᠦ᠎ᠳᠤ ᠦᠨᠳᠤᠰᠤᠨ ᠵᠢᠷᠤᠮᠯᠠᠯ ᠬᠠᠩᠭ᠋ᠠᠪᠠ᠃ ᠰᠢ ᠵᠢᠨ ᠫᠢᠩ ᠨᠦᠬᠦᠷ᠎ᠤᠨ 《ᠨᠠᠮ᠎ᠤᠨ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬᠠᠢ ᠦᠬᠦᠯᠡᠬᠦ᠎ᠨᠢ》 ᠬᠡᠬᠦ ᠨᠤᠮ᠎ᠢ ᠬᠡᠪᠯᠡᠨ ᠳᠠᠷᠬᠠᠭ᠋ᠠᠭᠰᠠᠨ᠎ᠨᠢ ᠦᠷᠬᠡᠨ ᠤᠯᠠᠨ ᠺᠠᠳ᠋ᠷ ᠤᠯᠠᠨ ᠲᠦᠮᠡᠨ᠎ᠤ ᠰᠢ ᠵᠢᠨ ᠫᠢᠩ᠎ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢ᠍ᠢ᠍ᠬᠡᠮ ᠵᠢᠷᠤᠮ᠎ᠤᠨ ᠦᠵᠡᠯ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠰᠤᠷᠳᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠲᠤᠬ᠎ᠢ ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠬᠳᠠᠷᠠᠭᠤᠯᠬᠤ᠂ ᠰᠢᠨ᠎ᠡ ᠬᠦᠮᠦᠨ᠎ᠢ ᠬᠦᠮᠦᠵᠢᠭᠦᠯᠬᠦ᠂ ᠰᠤᠶᠤᠯ᠎ᠢ ᠴᠡᠴᠡᠭᠯᠡᠭᠦᠯᠬᠦ᠂ ᠲᠦᠷᠢ ᠲᠦᠷᠬᠦ ᠵᠢ ᠢᠯᠡᠷᠡᠭᠦᠯᠬᠦ ᠲᠠᠷᠬᠠᠨ ᠡᠬᠦᠷᠬᠡ ᠵᠢ ᠨᠡᠩ ᠰᠠᠢ᠍ᠢ᠍ᠨ ᠡᠬᠦᠷᠬᠡᠯᠡᠬᠦ ᠵᠢ ᠠᠬᠢᠭᠤᠯᠵᠤ᠂ ᠨᠡᠢ᠍ᠢ᠍ᠬᠡᠮ ᠵᠢᠷᠤᠮ᠎ᠤᠨ ᠰᠤᠶᠤᠯ᠎ᠤᠨ ᠬᠦᠴᠦᠷᠭᠡᠭ ᠤᠯᠤᠰ᠎ᠢ ᠪᠥᠳᠤᠭᠡᠨ ᠪᠠᠢ᠍ᠢ᠍ᠭᠤᠯᠬᠤ᠂ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠳᠠ ᠵᠢ ᠪᠡᠶᠡᠯᠡᠬᠦᠯᠬᠦ ᠪᠡ ᠳᠤᠮᠳᠠᠳᠤ ᠵᠢᠨ ᠦᠨᠳᠤᠰᠤᠳᠠᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠳᠤᠮᠳᠠᠳᠤ ᠵᠢᠨ ᠵᠡᠬᠦᠳᠤ ᠵᠢ ᠲᠡᠷᠬᠡᠯᠰᠢᠬᠦᠯᠬᠦ᠎ᠳᠤ ᠲᠤᠢ᠍ᠢ᠍ᠯ᠎ᠤᠨ ᠴᠢᠬᠤᠯᠠ ᠠᠴᠢ ᠬᠤᠯᠪᠤᠬᠳᠠᠯ᠎ᠲᠠᠢ ᠶᠤᠮ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠠᠩᠭ᠋ᠠᠨ ᠪᠣᠷᠣᠯᠠᠭᠤᠯᠬᠤ ᠬᠣᠷᠰᠢᠶᠠᠨ᠎ᠤ ᠠᠵᠢᠯ᠎ᠳᠤ ᠴᠢᠬᠤᠯᠠ ᠵᠢᠭ᠋ᠠᠪᠤᠷᠢ ᠥᠭᠪᠡ
ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠰᠠᠢ᠍ᠢ᠍ᠨ ᠳᠤᠷ᠎ᠠ ᠵᠢᠨ ᠴᠡᠷᠢᠭ᠎ᠤᠨ ᠠᠮᠧᠷᠢᠺᠠ ᠵᠢ ᠡᠰᠡᠷᠭᠦᠴᠡᠵᠥ ᠰᠣᠯᠣᠩᠭᠣᠰ᠎ᠢ ᠲᠤᠰᠠᠯᠠᠬᠤ᠎ᠪᠠᠷ ᠭᠠᠳᠠᠭ᠋ᠠᠳᠤ᠎ᠳᠤ ᠭᠠᠷᠴᠤ ᠲᠠᠢ᠍ᠢ᠍ᠨ ᠬᠢᠭᠰᠡᠨ 70 ᠵᠢᠯ᠎ᠤᠨ ᠤᠢ ᠵᠢ ᠳᠤᠷᠠᠰᠬᠠᠬᠤ ᠶᠡᠬᠡ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠢ
ᠰᠢ ᠵᠢᠨ ᠫᠢᠩ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠤᠯᠳᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠡᠬᠢᠯᠡᠯᠳᠡ ᠵᠢᠨ ᠶᠤᠰᠤᠯᠠᠯ᠎ᠳᠤ ᠭᠤᠤᠯ ᠵᠤᠷᠢᠯᠳᠠᠳᠤ ᠶᠠᠷᠢᠶ᠎ᠠ ᠢᠯᠡᠳᠭᠡᠯ ᠬᠢᠪᠠ
ᠰᠢ ᠵᠢᠨ ᠫᠢᠩ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠥᠭᠪᠡ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
 
            