ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2020-11-12

      ᠰᠢ ᠵᠢᠨ ᠫᠢᠩ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠪᠠ  
      ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ᠎ᠬᠢᠨ 《ᠱᠠᠩᠬᠠᠢ ᠵᠢᠨ ᠵᠤᠷᠢᠭ ᠰᠠᠨᠠᠭ᠎ᠠ》ᠵᠢ ᠪᠠᠳᠠᠷᠠᠭᠤᠯᠵᠤ ᠪᠦᠯᠬᠦᠮᠳᠡᠯ ᠬᠠᠮᠵᠢᠯᠴᠠᠭ᠎ᠠ᠎ᠪᠠᠨ ᠬᠦᠨᠵᠡᠭᠡᠢ᠍ᠢ᠍ᠷᠡᠬᠦᠯᠵᠤ ᠨᠡᠩ ᠨᠢᠬᠳᠠ ᠬᠤᠪᠢ ᠵᠠᠶᠠᠭ᠋ᠠᠨ᠎ᠤ ᠬᠠᠮᠳᠦ ᠵᠢᠨ ᠴᠤᠬ᠍ᠴᠠ ᠵᠢ ᠪᠠᠢ᠍ᠢ᠍ᠭᠤᠯᠬᠤ ᠵᠢ ᠠᠬᠢᠭᠤᠯᠤᠶ᠎ᠠ ᠭᠡᠵᠦ ᠴᠢᠬᠤᠯᠠᠴᠢᠯᠠᠵᠠᠢ


      ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 10᠎ᠤ ᠴᠠᠬᠢᠯᠭ᠋ᠠᠨ ᠮᠡᠳᠡᠭᠡ   ᠤᠯᠤᠰ᠎ᠤᠨ ᠲᠡᠷᠢᠬᠦᠯᠡᠭᠴᠢ ᠰᠢ ᠵᠢᠨ ᠫᠢᠩ 10᠎ᠤ ᠤᠷᠤᠢ ᠪᠡᠭᠡᠵᠢᠩ᠎ᠳᠤ ᠸᠢᠳᠢᠣ᠋ ᠭᠡᠯᠪᠡᠷᠢ᠎ᠪᠠᠷ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠤ᠂ 《〈ᠱᠠᠩᠬᠠᠢ ᠵᠢᠨ ᠵᠤᠷᠢᠭ ᠰᠠᠨᠠᠭ᠎ᠠ〉 ᠵᠢ ᠪᠠᠳᠠᠷᠠᠭᠤᠯᠵᠤ ᠪᠦᠯᠬᠦᠮᠳᠡᠯ ᠬᠠᠮᠵᠢᠯᠴᠠᠭ᠎ᠠ᠎ᠪᠠᠨ ᠬᠦᠨᠵᠡᠭᠡᠢ᠍ᠢ᠍ᠷᠡᠬᠦᠯᠵᠤ ᠨᠡᠩ ᠨᠢᠬᠳᠠ ᠬᠤᠪᠢ ᠵᠠᠶᠠᠭ᠋ᠠᠨ᠎ᠤ ᠬᠠᠮᠳᠦ ᠵᠢᠨ ᠴᠤᠬ᠍ᠴᠠ ᠵᠢ ᠪᠠᠢ᠍ᠢ᠍ᠭᠤᠯᠬᠤ ᠵᠢ ᠠᠬᠢᠭᠤᠯᠤᠶ᠎ᠠ》 ᠭᠡᠬᠦ ᠰᠡᠳᠦᠪ ᠵᠶ᠋ᠠᠷ ᠴᠢᠬᠤᠯᠠ ᠶᠠᠷᠢᠶ᠎ᠠ ᠲᠠᠯᠪᠢᠪᠠ᠃ ᠰᠢ ᠵᠢᠨ ᠫᠢᠩ᠂ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ᠎ᠬᠢᠨ 《ᠱᠠᠩᠬᠠᠢ ᠵᠢᠨ ᠵᠤᠷᠢᠭ ᠰᠠᠨᠠᠭ᠎ᠠ》 ᠵᠢ ᠪᠠᠳᠠᠷᠠᠭᠤᠯᠵᠦ᠂ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠠᠮᠤᠷ ᠲᠦᠪᠰᠢᠨ ᠲᠤᠬᠳᠠᠭᠤᠨ᠎ᠢ ᠬᠠᠮᠠᠭ᠋ᠠᠯᠠᠵᠦ᠂ ᠪᠤᠳᠠᠳᠠᠢ ᠵᠢ ᠡᠷᠬᠢᠮᠯᠡᠭᠰᠡᠨ ᠬᠠᠮᠳᠤᠷᠠᠯᠴᠠᠭ᠎ᠠ ᠵᠢ ᠬᠦᠨᠵᠡᠭᠡᠢ᠍ᠢ᠍ᠷᠡᠬᠦᠯᠵᠦ᠂ ᠠᠷᠠᠳ᠎ᠤᠨ ᠰᠡᠳᠬᠢᠯ᠎ᠤᠨ ᠨᠡᠪᠳᠡᠷᠡᠯᠴᠡᠭᠡ ᠵᠢ ᠠᠬᠢᠭᠤᠯᠤᠨ᠂ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠬᠠᠮᠳᠦ ᠵᠢᠨ ᠴᠤᠬ᠍ᠴᠠ᠂ ᠠᠮᠤᠷ ᠲᠦᠪᠰᠢᠨ᠎ᠤ ᠬᠠᠮᠳᠦ ᠵᠢᠨ ᠴᠤᠬ᠍ᠴᠠ᠂ ᠬᠦᠭᠵᠢᠯᠳᠠ ᠵᠢᠨ ᠬᠠᠮᠳᠤ ᠵᠢᠨ ᠴᠤᠬ᠍ᠴᠠ᠂ ᠰᠤᠶᠤᠯ ᠢᠷᠭᠡᠨᠰᠢᠯ᠎ᠤᠨ ᠬᠠᠮᠳᠦ ᠵᠢᠨ ᠴᠤᠬ᠍ᠴᠠ ᠵᠢ ᠭᠠᠷ ᠬᠤᠯᠪᠤᠨ ᠴᠤᠬ᠍ᠴᠠᠯᠠᠵᠦ᠂ ᠬᠦᠮᠦᠨ ᠲᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠦ ᠵᠢᠨ ᠴᠤᠬ᠍ᠴᠠ ᠵᠢ ᠪᠠᠢ᠍ᠢ᠍ᠭᠤᠯᠬᠤ ᠵᠢ ᠠᠬᠢᠭᠤᠯᠬᠤ᠎ᠳᠤ ᠨᠡᠩ ᠤᠯᠠᠨ ᠦᠢ᠍ᠯᠡᠳᠦᠯᠭᠡ ᠵᠢᠨ ᠰᠦᠪᠡᠭᠴᠢᠯᠡᠯᠳᠠ ᠬᠢᠶ᠎ᠠ ᠭᠡᠵᠦ ᠴᠢᠬᠤᠯᠠᠴᠢᠯᠠᠪᠠ᠃


     11 ᠰᠠᠷ᠎ᠠ ᠵᠢᠨ 10᠎ᠤ ᠤᠷᠤᠢ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠪᠡᠭᠡᠵᠢᠩ᠎ᠳᠤ ᠸᠢᠳᠢᠣ᠋ ᠭᠡᠯᠪᠡᠷᠢ᠎ᠪᠠᠷ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ᠃
      ᠲᠤᠰ ᠤᠳᠠᠭ᠎ᠠ ᠵᠢᠨ ᠬᠤᠷᠠᠯ᠎ᠢ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠵᠢᠵᠢᠬᠦᠷ ᠲᠡᠷᠢᠬᠦᠯᠡᠭᠴᠢ ᠤᠯᠤᠰ ᠤᠷᠤᠰ᠎ᠤᠨ ᠶᠡᠷᠦᠩᠭᠡᠢ᠍ᠢ᠍ᠯᠡᠭᠴᠢ ᠫᠦᠲ᠋ᠢᠨ ᠡᠷᠬᠢᠯᠡᠵᠦ᠂ ᠡᠨᠡᠳᠭᠡᠭ᠎ᠤᠨ ᠶᠡᠷᠦᠩᠭᠡᠢ ᠰᠠᠢ᠍ᠢ᠍ᠳ ᠮᠦᠸᠸᠳᠢ᠂ ᠺᠠᠽᠠᠬᠰᠲ᠋ᠠᠨ᠎ᠤ ᠶᠡᠷᠦᠩᠭᠡᠢ᠍ᠢ᠍ᠯᠡᠭᠴᠢ ᠲᠦᠸᠸᠺᠠᠶᠸᠹ᠂ ᠺᠢᠷᠬᠢᠽᠰᠲ᠋ᠠᠨ᠎ᠤ ᠤᠷᠤᠯᠠᠬ᠍ᠴᠢ ᠶᠡᠷᠦᠩᠭᠡᠢ᠍ᠢ᠍ᠯᠡᠭᠴᠢ ᠵᠠᠫᠠᠯᠤᠹ᠂ ᠫᠠᠺᠢᠰᠲ᠋ᠠᠨ᠎ᠤ ᠶᠡᠷᠦᠩᠭᠡᠢ ᠰᠠᠢ᠍ᠢ᠍ᠳ ᠢᠮᠦᠯᠠᠨ · ᠬᠠᠨ᠂ ᠲᠠᠵᠢᠺᠰᠲ᠋ᠠᠨ᠎ᠤ ᠶᠡᠷᠦᠩᠭᠡᠢ᠍ᠢ᠍ᠯᠡᠭᠴᠢ ᠯᠠᠾᠸᠮᠸᠩ᠂ ᠦᠽᠪᠸᠺᠰᠲ᠋ᠠᠨ᠎ᠤ ᠶᠡᠷᠦᠩᠭᠡᠢ᠍ᠢ᠍ᠯᠡᠭᠴᠢ ᠮᠢᠷᠵᠢᠶᠤᠸᠠᠢ᠍ᠢ᠍ᠶᠸᠹ ᠵᠡᠷᠭᠡ ᠪᠦᠷᠢᠯᠳᠦᠬᠦᠨ ᠤᠯᠤᠰ᠎ᠤᠨ ᠤᠳᠤᠷᠢᠳᠬᠤ ᠬᠦᠮᠦᠨ᠂ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠨᠠᠷᠢᠨ ᠪᠢᠴᠢᠭ᠎ᠤᠨ ᠳᠠᠷᠤᠭ᠎ᠠ ᠨᠦᠸᠸᠯᠤᠹ᠂ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠭᠠᠵᠠᠷ ᠤᠷᠤᠨ᠎ᠤ ᠰᠦᠷᠳᠡᠬᠦᠯᠦᠯ᠎ᠢ ᠡᠰᠡᠷᠬᠦᠴᠡᠬᠦ ᠪᠠᠢ᠍ᠢ᠍ᠭᠤᠯᠤᠮᠵᠢ ᠵᠢᠨ ᠬᠦᠢ᠍ᠴᠡᠳᠭᠡᠬᠦ ᠵᠦᠪᠯᠡᠯ᠎ᠤᠨ ᠡᠷᠬᠢᠯᠡᠭᠴᠢ ᠵᠢᠶᠤᠸᠠᠢ᠍ᠢ᠍ᠰᠤᠹ ᠵᠡᠷᠭᠡ ᠪᠠᠢ᠍ᠢ᠍ᠩᠭᠤ ᠵᠢᠨ ᠪᠠᠢ᠍ᠢ᠍ᠭᠤᠯᠤᠮᠵᠢ ᠵᠢᠨ ᠬᠠᠷᠢᠭᠤᠴᠠᠯᠭ᠋ᠠᠳᠠᠨ ᠵᠢᠴᠢ ᠠᠹᠭ᠋ᠠᠨᠢᠰᠲ᠋ᠠᠨ᠎ᠤ ᠶᠡᠷᠦᠩᠭᠡᠢ᠍ᠢ᠍ᠯᠡᠭᠴᠢ ᠵᠢᠶᠠᠨᠢ᠂ ᠢᠷᠠᠨ᠎ᠤ ᠶᠡᠷᠦᠩᠭᠡᠢ᠍ᠢ᠍ᠯᠡᠭᠴᠢ ᠯᠦᠬᠠᠨᠢ᠂ ᠮᠤᠩᠭᠤᠯ ᠤᠯᠤᠰ᠎ᠤᠨ ᠶᠡᠷᠦᠩᠭᠡᠢ᠍ᠢ᠍ᠯᠡᠭᠴᠢ ᠪᠠᠳᠤᠳᠤᠯᠭ᠎ᠠ᠂ ᠪᠸᠯᠤᠷᠦ᠋ᠰᠢᠶ᠎ᠠ ᠵᠢᠨ ᠶᠡᠷᠦᠩᠭᠡᠢ ᠰᠠᠢ᠍ᠢ᠍ᠳ ᠭ᠋ᠸᠯᠤᠹᠴᠢᠨᠺᠸ ᠵᠡᠷᠭᠡ ᠠᠵᠢᠬᠯᠠᠬ᠍ᠴᠢ ᠤᠯᠤᠰ᠎ᠤᠨ ᠤᠳᠤᠷᠢᠳᠬᠤ ᠬᠦᠮᠦᠨ ᠪᠠ ᠤᠯᠠᠨ ᠤᠯᠤᠰ᠎ᠤᠨ ᠬᠤᠯᠪᠤᠭ᠋ᠠᠳᠦ ᠪᠠᠢ᠍ᠢ᠍ᠭᠤᠯᠭ᠎ᠠ ᠵᠢᠨ ᠨᠠᠷᠢᠨ ᠪᠢᠴᠢᠭ᠎ᠤᠨ ᠳᠠᠷᠤᠭ᠎ᠠ ᠬᠦᠲᠸᠯᠸᠢᠢ᠍ᠰ ᠬᠤᠷᠠᠯ᠎ᠳᠤ ᠤᠷᠤᠯᠴᠠᠵᠠᠢ᠃
      ᠰᠢ ᠵᠢᠨ ᠫᠢᠩ᠂ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠪᠠᠢ᠍ᠢ᠍ᠭᠤᠯᠤᠭᠳᠠᠭᠰᠠᠨ᠎ᠠᠴᠠ ᠨᠠᠭ᠋ᠠᠰᠢ᠂ ᠬᠠᠷᠢᠯᠴᠠᠨ ᠬᠦᠨᠳᠦᠳᠭᠡᠬᠦ᠂ ᠲᠦᠪ ᠭᠤᠤᠯᠴᠢ ᠰᠢᠳᠤᠷᠭᠤ ᠶᠤᠰᠤᠨ᠎ᠤ ᠬᠠᠮᠳᠤᠷᠠᠯᠴᠠᠵᠦ ᠬᠠᠮᠳᠤ᠎ᠪᠠᠷ ᠠᠰᠢᠬ ᠬᠦᠷᠳᠡᠬᠦ ᠰᠢᠨ᠎ᠠ ᠬᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠋ᠠᠨ᠎ᠤ ᠦᠯᠢᠭᠡᠷ ᠵᠢᠱ᠌ᠢᠶ᠎ᠠ ᠵᠢ ᠪᠤᠢ ᠪᠤᠯᠭ᠋ᠠᠪᠠ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ ᠭᠠᠷᠤᠭᠰᠠᠨ᠎ᠤ ᠳᠠᠷᠠᠭ᠎ᠠ᠂ ᠡᠯ᠎ᠠ ᠲᠠᠯ᠎ᠠ ᠵᠢᠨ᠎ᠬᠢᠨ ᠬᠠᠳᠠᠭᠤ ᠪᠡᠷᠭᠡᠰᠢᠶᠠᠯ᠎ᠢ ᠬᠠᠮᠳᠤ᠎ᠪᠠᠷ ᠲᠤᠭᠤᠯᠤᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠲᠤᠰ ᠵᠤᠬᠢᠶᠠᠨ ᠪᠠᠢ᠍ᠢ᠍ᠭᠤᠯᠤᠯᠳᠠ ᠵᠢᠨ ᠲᠤᠭᠳᠠᠭᠤᠨ ᠬᠦᠭᠵᠢᠯᠳᠠ ᠪᠠ ᠤᠯᠠᠨ ᠤᠯᠤᠰ᠎ᠤᠨ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ᠎ᠳᠤ ᠢᠳᠡᠪᠬᠢ ᠬᠦᠴᠦᠨ ᠨᠡᠮᠡᠷᠢᠯᠡᠵᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ ᠤᠯᠠᠨ ᠤᠯᠤᠰ᠎ᠤᠨ ᠪᠠᠢ᠍ᠢ᠍ᠷᠢᠰᠢᠯ᠎ᠤᠨ ᠲᠤᠬᠢᠷᠠᠭᠤᠯᠤᠯᠳᠠ ᠵᠢ ᠲᠦᠷᠭᠡᠳᠭᠡᠵᠦ᠂ ᠳᠡᠯᠡᠭᠡᠢ ᠳ᠋ᠠᠬᠢᠨ ᠤᠷᠪᠠᠭ᠋ᠠᠨ ᠬᠦᠷᠪᠡᠭᠡᠨ᠎ᠲᠠᠢ ᠬᠤᠪᠢᠰᠤᠯᠳᠠ ᠵᠢᠨ ᠬᠤᠭᠤᠴᠠᠭ᠋ᠠᠨ᠎ᠳᠤ ᠤᠷᠤᠪᠠ᠃ ᠳᠡᠯᠡᠭᠡᠢ ᠨᠡᠢ᠍ᠢ᠍ᠭᠡᠮ ᠵᠶ᠋ᠠᠷ ᠵᠶ᠋ᠠᠨ ᠤᠲᠤ ᠶᠠᠭ ᠤᠯᠠᠨ ᠲᠠᠯ᠎ᠠ ᠪᠠ ᠭᠠᠭᠴᠠ ᠲᠠᠯ᠎ᠠ᠂ ᠨᠡᠭᠡᠭᠡᠯᠳᠠ ᠪᠠ ᠪᠢᠳᠡᠬᠦᠮᠵᠢᠯᠡᠯ᠂ ᠬᠠᠮᠳᠤᠷᠠᠯᠴᠠᠭ᠎ᠠ ᠪᠠ ᠡᠰᠡᠷᠬᠦᠴᠡᠯᠳᠦᠯ᠎ᠤᠨ ᠴᠢᠬᠤᠯᠠ ᠶᠡᠭᠡ ᠰᠢᠯᠭ᠋ᠠᠯᠳᠠ ᠵᠢ ᠦᠩᠭᠡᠷᠡᠬᠦᠯᠵᠦ ᠪᠠᠢ᠍ᠢ᠍ᠨ᠎ᠠ᠃ 《ᠳᠡᠯᠡᠭᠡᠢ ᠳ᠋ᠠᠬᠢᠨ ᠶᠠᠭ᠋ᠠᠬᠢᠬᠰᠡᠨ ᠪᠤᠢ᠂ ᠪᠢᠳᠠ ᠶᠠᠭ᠋ᠠᠬᠢᠬᠤ ᠪᠤᠢ》 ᠭᠡᠳᠡᠭ᠎ᠨᠢ ᠴᠠᠭ ᠦᠶ᠎ᠠ ᠵᠢᠨ ᠠᠰᠠᠭᠤᠯᠳᠠ ᠪᠤᠯᠵᠦ᠂ ᠡᠯ᠎ᠠ ᠤᠯᠤᠰ᠎ᠤᠨ ᠠᠷᠠᠳ ᠲᠦᠮᠡᠨ᠎ᠤ ᠰᠠᠢ᠍ᠢ᠍ᠨ ᠰᠠᠢ᠍ᠢ᠍ᠬᠠᠨ ᠠᠮᠢᠳᠤᠷᠠᠯ᠎ᠤᠨ ᠲᠤᠬᠠᠢ ᠬᠦᠭᠡᠭᠡᠴᠡᠯᠳᠦᠯ ᠨᠡᠩ ᠴᠢᠩᠭ᠎ᠠ ᠪᠤᠯᠵᠦ᠂ ᠡᠩᠭᠡ ᠲᠠᠢ᠍ᠢ᠍ᠪᠤᠩ᠂ ᠬᠦᠭᠵᠢᠯᠳᠠ᠂ ᠬᠠᠮᠳᠤᠷᠠᠯᠴᠠᠭ᠎ᠠ᠂ ᠬᠠᠮᠳᠤ᠎ᠪᠠᠷ ᠠᠰᠢᠬ ᠬᠦᠷᠳᠡᠬᠦ ᠴᠠᠭ ᠦᠶ᠎ᠠ ᠵᠢᠨ ᠤᠷᠤᠰᠬᠠᠯ ᠬᠤᠷᠢᠬᠯᠠᠬᠳᠠᠰᠢ ᠦᠭᠡᠢ ᠪᠤᠯᠵᠠᠢ᠃ ᠡᠶᠡᠯᠳᠡᠭ ᠬᠦᠷᠰᠢ ᠵᠢᠨ ᠨᠦᠬᠦᠷᠯᠡᠯ ᠯᠠᠪᠳᠠᠢ ᠬᠦᠴᠢᠷ ᠪᠡᠷᠭᠡᠰᠢᠶᠡᠯ᠎ᠢ ᠬᠦᠷᠰᠢ᠎ᠳᠡᠭᠡᠨ ᠲᠦᠯᠬᠢᠬᠦ ᠵᠢ ᠤᠷᠤᠯᠠᠵᠤ᠂ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠯᠠᠪᠳᠠᠢ ᠤᠬᠳᠤ ᠡᠪᠰᠡᠬᠦ ᠦᠭᠡᠢ ᠲᠡᠮᠡᠴᠡᠭᠡᠨ᠎ᠢ ᠤᠷᠤᠯᠠᠵᠦ᠂ ᠤᠯᠠᠨ ᠲᠠᠯᠠᠳᠦ ᠦᠵᠡᠯ ᠯᠠᠪᠳᠠᠢ ᠭᠠᠭᠴᠠ ᠲᠠᠯᠠᠳᠦ ᠦᠵᠡᠯ᠎ᠢ ᠢᠯᠠᠨ᠎ᠠ ᠭᠡᠳᠡᠭ᠎ᠢ ᠲᠡᠦᠭᠡ ᠭᠡᠷᠡᠴᠢᠯᠡᠭᠰᠡᠨ ᠪᠦᠭᠡᠳ ᠦᠷᠬᠦᠯᠵᠢᠯᠡᠨ ᠭᠡᠷᠡᠴᠢᠯᠡᠬᠦ ᠪᠤᠯᠤᠨ᠎ᠠ ᠭᠡᠵᠦ ᠵᠢᠭ᠋ᠠᠵᠦ ᠭᠠᠷᠭ᠋ᠠᠪᠠ᠃


      ᠰᠢ ᠵᠢᠨ ᠫᠢᠩ᠂ ᠤᠳᠤᠬᠠᠨ᠎ᠤ ᠪᠠᠢ᠍ᠢ᠍ᠳᠠᠯ ᠲᠤᠤᠷ᠎ᠠ᠂ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ᠎ᠨᠢ 《ᠱᠠᠩᠬᠠᠢ ᠵᠢᠨ ᠵᠤᠷᠢᠬ ᠰᠠᠨᠠᠭ᠎ᠠ》 ᠵᠢ ᠪᠠᠳᠠᠷᠠᠭᠤᠯᠵᠤ᠂ ᠪᠦᠯᠬᠦᠮᠳᠡᠯ ᠬᠠᠮᠵᠢᠯᠴᠠᠭ᠎ᠠ᠎ᠪᠠᠨ ᠬᠦᠨᠵᠡᠬᠡᠢ᠍ᠢ᠍ᠷᠡᠬᠦᠯᠵᠤ᠂ ᠭᠠᠵᠠᠷ ᠤᠷᠤᠨ᠎ᠤ ᠤᠯᠤᠰ᠎ᠤᠳ᠎ᠤᠨ ᠲᠤᠭᠳᠠᠭᠤᠨ ᠪᠠ ᠬᠦᠭᠵᠢᠯᠳᠠ᠎ᠳᠤ ᠨᠡᠩ ᠶᠡᠬᠡ ᠬᠤᠪᠢ ᠨᠡᠮᠡᠷᠢ ᠦᠵᠡᠬᠦᠯᠵᠤ᠂ ᠬᠦᠮᠤᠨ ᠲᠦᠷᠤᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢ ᠪᠠᠢ᠍ᠢ᠍ᠭᠤᠯᠬᠤ ᠵᠢ ᠠᠬᠢᠭᠤᠯᠬᠤ᠎ᠳᠤ ᠨᠡᠩ ᠶᠡᠬᠡ ᠤᠢ᠍ᠢ᠍ᠯᠡᠳᠤᠯᠬᠡ ᠵᠢᠨ ᠰᠦᠪᠡᠭᠴᠢᠯᠡᠯᠲᠡ ᠬᠢᠪᠡᠯ ᠵᠤᠬᠢᠨ᠎ᠠ ᠬᠡᠵᠤ ᠴᠢᠬᠤᠯᠠᠴᠢᠯᠠᠪᠠ᠃
      ᠨᠢᠬᠡᠳᠤᠭᠡᠷ᠎ᠲᠤ᠂ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠬᠠᠮᠳᠤ ᠵᠢᠨ ᠴᠤᠬ᠍ᠴᠠ ᠵᠢ ᠪᠠᠢ᠍ᠢ᠍ᠭᠤᠯᠤᠶ᠎ᠠ᠃ ᠡᠯ᠎ᠠ ᠤᠯᠤᠰ᠎ᠤᠨ ᠬᠤᠯᠪᠤᠭ᠋ᠠᠯᠠᠨ ᠰᠡᠷᠬᠡᠢ᠍ᠢ᠍ᠯᠠᠵᠤ ᠬᠤᠯᠪᠤᠭ᠋ᠠᠯᠠᠨ ᠡᠵᠡᠮᠳᠡᠬᠦ ᠵᠢ ᠴᠢᠩᠭ᠋ᠠᠳᠬᠠᠵᠤ᠂ ᠭᠠᠵᠠᠷ ᠤᠷᠤᠨ ᠪᠤᠯᠤᠨ ᠪᠦᠬᠦ ᠪᠦᠮᠪᠦᠷᠴᠡᠭ᠎ᠤᠨ ᠤᠯᠠᠨ ᠨᠡᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ᠎ᠢ ᠬᠠᠮᠠᠭ᠋ᠠᠯᠠᠶ᠎ᠠ᠃ ᠲᠡᠯᠡᠬᠡᠢ ᠵᠢᠨ ᠡᠷᠡᠬᠦᠯ ᠬᠠᠮᠠᠭ᠋ᠠᠯᠠᠯ᠎ᠤᠨ ᠵᠤᠬᠢᠶᠠᠨ ᠪᠠᠢ᠍ᠢ᠍ᠭᠤᠯᠤᠯᠳᠠ ᠵᠢᠨ ᠵᠠᠩᠬᠢᠯᠠᠭ᠎ᠠ ᠵᠢᠨ ᠤᠢ᠍ᠢ᠍ᠯᠡᠳᠤᠯ ᠵᠶ᠋ᠠᠨ ᠪᠠᠳᠠᠷᠠᠭᠤᠯᠬᠤ ᠵᠢ ᠲᠡᠮᠵᠢᠵᠤ᠂ ᠬᠢᠵᠢᠭ᠎ᠤᠨ ᠪᠠᠢ᠍ᠢ᠍ᠳᠠᠯ᠎ᠢ ᠤᠯᠤᠰ ᠲᠦᠷᠦᠴᠢᠯᠡᠬᠦ᠂ ᠸᠢᠷᠦᠢ᠍ᠰ᠎ᠢ ᠬᠠᠶᠠᠬ᠍ᠴᠢᠯᠠᠬᠤ ᠵᠢ ᠡᠷᠡᠰ ᠡᠰᠡᠷᠬᠦᠴᠠᠵᠤ᠂ 《ᠤᠯᠤᠰ ᠲᠦᠷᠤ ᠵᠢᠨ ᠸᠢᠷᠦᠢ᠍ᠰ》᠎ᠢ ᠬᠠᠮᠳᠤ᠎ᠪᠠᠷ ᠡᠰᠡᠷᠬᠦᠴᠡᠶ᠎ᠠ᠃ ᠳᠤᠮᠳᠠᠳᠤ ᠤᠯᠤᠰ ᠪᠦᠷᠢᠯᠳᠤᠬᠦᠨ ᠤᠯᠤᠰ᠎ᠤᠳ᠎ᠤᠨ ᠡᠪᠡᠳᠴᠢᠨ ᠡᠮᠭᠡᠭ᠎ᠢ ᠡᠵᠡᠮᠳᠡᠬᠦ ᠲᠦᠪ᠎ᠲᠤ ᠬᠠᠯᠠᠮᠰᠢᠯ ᠤᠳᠠᠰᠤ ᠭᠠᠷᠭ᠋ᠠᠨ ᠬᠠᠷᠢᠯᠴᠠᠬᠤ ᠵᠢ ᠰᠠᠨᠠᠭ᠋ᠠᠴᠢᠯᠠᠵᠤ᠂ ᠲᠤᠷᠠᠳᠠᠶ᠎ᠠ ᠲᠤᠰ ᠵᠤᠬᠢᠶᠠᠨ ᠪᠠᠢ᠍ᠢ᠍ᠭᠤᠯᠤᠯᠳᠠ ᠵᠢᠨ ᠤᠯᠤᠰ᠎ᠤᠳ᠎ᠤᠨ ᠸᠠᠺᠼᠢᠨ᠎ᠤ ᠭᠡᠷᠡᠭᠴᠡᠬᠡ ᠵᠢ ᠢᠳᠡᠪᠬᠢᠳᠠᠢ ᠪᠤᠳᠤᠯᠬᠢᠯᠠᠨ᠎ᠠ᠃
      ᠬᠤᠶᠠᠳᠤᠭ᠋ᠠᠷ᠎ᠲᠤ᠂ ᠠᠮᠤᠷ ᠲᠦᠪᠰᠢᠨ ᠪᠤᠯᠤᠨ ᠲᠤᠭᠳᠠᠭᠤᠨ᠎ᠢ ᠬᠠᠮᠠᠭ᠋ᠠᠯᠠᠵᠤ᠂ ᠠᠮᠤᠷ ᠲᠦᠪᠰᠢᠨ᠎ᠤ ᠬᠠᠮᠳᠤ ᠵᠢᠨ ᠴᠤᠬ᠍ᠴᠠ ᠵᠢ ᠪᠠᠢ᠍ᠢ᠍ᠭᠤᠯᠤᠶ᠎ᠠ᠃ ᠬᠠᠮᠳᠤ ᠵᠢᠨ᠂ ᠶᠠᠷᠤᠩᠬᠡᠢ᠍ᠢ᠍ᠯᠡᠭᠰᠡᠨ᠂ ᠬᠠᠮᠳᠤᠷᠠᠯᠴᠠᠭ᠎ᠠ ᠬᠢᠬᠦ᠂ ᠦᠷᠬᠦᠯᠵᠢᠯᠡᠬᠦ ᠠᠮᠤᠷ ᠲᠦᠪᠰᠢᠨ᠎ᠤ ᠦᠵᠡᠯᠳᠠ ᠵᠢ ᠵᠢᠷᠤᠮᠯᠠᠵᠤ᠂ ᠡᠯ᠎ᠠ ᠵᠤᠢ᠍ᠢ᠍ᠯ᠎ᠤᠨ ᠰᠦᠷᠳᠡᠬᠦᠯᠤᠯ ᠪᠤᠯᠤᠨ ᠦᠷᠢᠰᠤᠯᠳᠤᠬᠡᠨ᠎ᠢ ᠪᠦᠳᠤᠮᠵᠢᠳᠠᠢ ᠠᠷᠭ᠋ᠠᠴᠠᠭ᠋ᠠᠶ᠎ᠠ᠃ ᠬᠤᠯᠪᠤᠬᠳᠠᠯ ᠪᠦᠬᠦᠢ ᠤᠯᠤᠰ᠎ᠤᠨ᠎ᠬᠢᠨ᠎ᠤ ᠬᠠᠤᠯᠢ ᠶᠤᠰᠤᠭ᠋ᠠᠷ ᠲᠤᠭᠳᠠᠭᠤᠨ ᠵᠶ᠋ᠠᠷ ᠤᠯᠤᠰ᠎ᠤᠨ ᠳᠤᠳᠤᠭ᠋ᠠᠳᠤ ᠵᠢᠨ ᠤᠯᠤᠰ ᠲᠦᠷᠤ ᠵᠢᠨ ᠵᠦᠪᠯᠡᠬᠦ ᠵᠦᠢ᠍ᠯ ᠵᠶ᠋ᠠᠨ ᠠᠬᠢᠭᠤᠯᠬᠤ ᠵᠢ ᠡᠷᠡᠰ ᠲᠡᠮᠵᠢᠵᠤ᠂ ᠡᠯ᠎ᠠ ᠤᠯᠤᠰ᠎ᠤᠨ᠎ᠬᠢᠨ᠎ᠤ ᠤᠯᠤᠰ ᠲᠦᠷᠤ ᠵᠢᠨ ᠠᠮᠤᠷ ᠲᠦᠪᠰᠢᠨ ᠪᠤᠯᠤᠨ ᠨᠡᠢ᠍ᠢ᠍ᠬᠡᠮ᠎ᠤᠨ ᠲᠤᠭᠳᠠᠭᠤᠨ ᠵᠶ᠋ᠠᠨ ᠬᠠᠮᠠᠭ᠋ᠠᠯᠠᠬᠤ ᠵᠢ ᠡᠷᠡᠰ ᠲᠡᠮᠵᠢᠵᠤ᠂ ᠭᠠᠳᠠᠭ᠋ᠠᠳᠤ ᠬᠦᠴᠤᠨ᠎ᠤ ᠶᠠᠮᠠᠷᠪᠠ ᠰᠢᠯᠳᠠᠬ ᠵᠶ᠋ᠠᠷ ᠪᠦᠷᠢᠯᠳᠤᠬᠦᠨ ᠤᠯᠤᠰ᠎ᠤᠳ᠎ᠤᠨ ᠳᠤᠳᠤᠭ᠋ᠠᠳᠤ ᠶᠠᠪᠤᠳᠠᠯ᠎ᠳᠤ ᠭᠠᠷ ᠲᠦᠷᠤᠬᠦ ᠵᠢ ᠡᠷᠡᠰ ᠡᠰᠡᠷᠬᠦᠴᠡᠶ᠎ᠠ᠃ ᠶᠠᠷᠢᠯᠴᠠᠭ᠎ᠠ ᠪᠤᠶᠤ ᠵᠦᠪᠳᠡᠯᠴᠡᠭᠡ᠎ᠪᠠᠷ ᠳᠠᠮᠵᠢᠨ ᠵᠦᠷᠢᠴᠠᠯ ᠵᠦᠷᠢᠯᠳᠤᠬᠡᠨ ᠵᠶ᠋ᠠᠨ ᠰᠢᠢ᠍ᠳᠪᠤᠷᠢᠯᠡᠬᠦ ᠵᠢ ᠪᠠᠷᠢᠮᠲᠠᠯᠠᠶ᠎ᠠ᠃ 《ᠭᠤᠷᠪᠠᠨ ᠵᠦᠢ᠍ᠯ᠎ᠤᠨ ᠬᠦᠴᠤᠨ》᠎ᠤ ᠬᠢᠵᠢᠭ᠎ᠤᠨ ᠪᠠᠢ᠍ᠢ᠍ᠳᠠᠯ᠎ᠢ ᠲᠠᠯᠢᠮᠲᠠᠭᠤᠯᠤᠨ ᠤᠢ᠍ᠢ᠍ᠮᠡᠬᠡᠨ ᠲᠡᠭᠳᠡᠬᠡᠬᠦ ᠵᠢ ᠴᠢᠩᠭ᠎ᠠ ᠰᠡᠷᠬᠡᠢ᠍ᠢ᠍ᠯᠠᠵᠤ᠂ ᠪᠦᠷᠢᠯᠳᠤᠬᠦᠨ ᠤᠯᠤᠰ᠎ᠤᠳ᠎ᠤᠨ ᠬᠠᠤᠯᠢ ᠭᠡᠷᠡᠭᠵᠢᠬᠦᠯᠬᠦ ᠠᠮᠤᠷ ᠲᠦᠪᠰᠢᠨ᠎ᠤ ᠬᠠᠮᠳᠤᠷᠠᠯᠴᠠᠭ᠎ᠠ ᠵᠢᠨ ᠲᠦᠪᠰᠢᠨ᠎ᠢ ᠲᠡᠭᠡᠭᠰᠢᠯᠡᠬᠦᠯᠤᠶ᠎ᠠ᠃ ᠡᠯ᠎ᠠ ᠲᠠᠯ᠎ᠠ ᠵᠢᠨ᠎ᠬᠢᠨ᠎ᠤ ᠳᠤᠮᠳᠠᠳᠤ ᠤᠯᠤᠰ᠎ᠤᠨ ᠰᠠᠨᠠᠭ᠋ᠠᠴᠢᠯᠠᠬᠰᠠᠨ 《ᠪᠦᠬᠦ ᠪᠦᠮᠪᠦᠷᠴᠡᠭ᠎ᠤᠨ ᠲᠤᠭ᠎ᠠ ᠪᠠᠷᠢᠮᠳᠠ ᠵᠢᠨ ᠠᠮᠤᠷ ᠲᠦᠪᠰᠢᠨ᠎ᠤ ᠰᠠᠨᠠᠭ᠋ᠠᠴᠢᠯᠠᠭ᠎ᠠ》᠎ᠳᠤ ᠤᠷᠤᠯᠴᠠᠬᠤ ᠵᠢ ᠤᠬᠳᠤᠵᠤ ᠪᠠᠢ᠍ᠢ᠍ᠨ᠎ᠠ᠃
      ᠭᠤᠷᠪᠠᠳᠤᠭ᠋ᠠᠷ᠎ᠲᠤ᠂ ᠪᠤᠳᠠᠳᠠᠢ ᠵᠢ ᠡᠷᠬᠢᠮᠯᠡᠭᠰᠡᠡ ᠬᠠᠮᠳᠤᠷᠠᠯᠴᠠᠭ᠎ᠠ ᠵᠢ ᠬᠦᠨᠵᠡᠬᠡᠢ᠍ᠢ᠍ᠷᠡᠬᠦᠯᠵᠤ᠂ ᠬᠦᠭᠵᠢᠯᠳᠠ ᠵᠢᠨ ᠬᠠᠮᠳᠤ ᠵᠢᠨ ᠴᠤᠬ᠍ᠴᠠ ᠵᠢ ᠪᠠᠢ᠍ᠢ᠍ᠭᠤᠯᠤᠶ᠎ᠠ᠃ 《ᠨᠢᠭᠡ ᠪᠦᠰᠠ ᠨᠢᠬᠡ ᠵᠠᠮ》᠎ᠢ ᠬᠠᠮᠳᠤ᠎ᠪᠠᠷ ᠪᠦᠳᠤᠬᠡᠨ ᠪᠠᠢ᠍ᠢ᠍ᠭᠤᠯᠬᠤ ᠰᠠᠨᠠᠭ᠋ᠠᠴᠢᠯᠠᠭ᠎ᠠ ᠵᠢ ᠡᠯ᠎ᠠ ᠤᠯᠤᠰ᠎ᠤᠨ ᠬᠦᠭᠵᠢᠯᠳᠠ ᠵᠢᠨ ᠪᠠᠢ᠍ᠢ᠍ᠯᠳᠤᠬᠤ ᠪᠤᠳᠤᠯᠭ᠎ᠠ ᠵᠢᠴᠢ ᠡᠸᠦᠢ᠍ᠷᠤᠫᠠ ᠠᠽᠢᠶ᠎ᠠ ᠵᠢᠨ ᠠᠵᠤ ᠠᠬᠤᠢ ᠵᠢᠨ ᠬᠤᠯᠪᠤᠭ᠎ᠠ ᠵᠡᠷᠬᠡ ᠤᠷᠤᠨ ᠪᠦᠰᠠ ᠵᠢᠨ ᠬᠠᠮᠳᠤᠷᠠᠯᠴᠠᠭ᠎ᠠ ᠵᠢᠨ ᠰᠠᠨᠠᠭ᠋ᠠᠴᠢᠯᠠᠭ᠎ᠠ᠎ᠲᠠᠢ ᠬᠦᠨᠵᠡᠬᠡᠢ ᠵᠤᠯᠭ᠋ᠠᠭᠤᠯᠬᠤ ᠵᠢ ᠦᠷᠬᠦᠯᠵᠢᠯᠡᠨ ᠠᠬᠢᠭᠤᠯᠵᠦ᠂ ᠤᠷᠤᠨ ᠪᠦᠰᠠ ᠵᠢᠨ ᠠᠵᠤ ᠠᠬᠤᠢ ᠵᠢᠨ ᠤᠷᠴᠢᠯ᠎ᠢ ᠰᠢᠯᠤᠭᠤᠳᠬᠠᠨ᠂ ᠠᠵᠢᠯ ᠤᠢ᠍ᠢ᠍ᠯᠡᠳᠪᠤᠷᠢᠯᠠᠯ ᠵᠶ᠋ᠠᠨ ᠰᠡᠷᠬᠦᠬᠡᠬᠦ ᠵᠢ ᠲᠦᠷᠬᠡᠨ ᠪᠡᠶᠡᠯᠡᠬᠦᠯᠤᠶ᠎ᠠ᠃ ᠬᠠᠷᠢᠯᠴᠠᠨ ᠪᠡᠯᠡ ᠤᠷᠤᠭᠤᠯᠬᠤ ᠬᠦᠷᠢᠶ᠎ᠠ ᠬᠡᠪᠴᠢᠶ᠎ᠠ ᠵᠢ ᠦᠷᠬᠡᠳᠬᠡᠵᠤ᠂ ᠲᠤᠭ᠋ᠠᠴᠢᠯᠠᠬᠰᠠᠨ ᠠᠵᠤ ᠠᠬᠤᠢ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠂ ᠵᠤᠬᠢᠶᠠᠮᠠᠯ ᠤᠶᠤᠨ ᠴᠢᠳᠠᠪᠤᠷᠢ᠂ ᠤᠶᠤᠨᠳᠤ ᠬᠤᠳᠠ ᠵᠡᠷᠬᠡ ᠬᠦᠷᠢᠶᠠᠨ᠎ᠤ ᠬᠠᠮᠳᠤᠷᠠᠯᠴᠠᠭ᠎ᠠ ᠵᠢ ᠴᠢᠩᠭ᠋ᠠᠳᠬᠠᠶ᠎ᠠ᠃ ᠳᠤᠮᠳᠠᠳᠤ ᠤᠯᠤᠰ ᠲᠠᠷᠠᠭ᠎ᠠ ᠵᠢᠯ ᠴᠦᠩᠴᠢᠩ᠎ᠳᠤ ᠳᠤᠮᠳᠠᠳᠤ ᠤᠯᠤᠰ — ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠲᠤᠭ᠋ᠠᠴᠢᠯᠠᠬᠰᠠᠨ ᠠᠵᠤ ᠠᠬᠤᠢ ᠵᠢᠨ ᠠᠵᠤ ᠤᠢ᠍ᠢ᠍ᠯᠡᠰ᠎ᠤᠨ ᠶᠠᠷᠢᠶᠠᠨ᠎ᠤ ᠲᠠᠪᠴᠠᠩ᠎ᠢ ᠡᠷᠬᠢᠯᠠᠨ᠎ᠠ᠃ ᠬᠠᠮᠳᠤ᠎ᠪᠠᠷ ᠵᠶ᠋ᠠᠨ ᠨᠡᠩ ᠤᠯᠠᠨ ᠠᠷᠠᠳ᠎ᠤᠨ ᠠᠮᠢᠳᠤᠷᠠᠯ᠎ᠤᠨ ᠢᠨᠵᠸᠨ᠋ᠸᠷᠢᠩ᠎ᠢ ᠭᠡᠷᠡᠭᠵᠢᠬᠦᠯᠤᠶ᠎ᠠ᠃ ᠳᠤᠮᠳᠠᠳᠤ ᠤᠯᠤᠰ ᠲᠤᠰ ᠵᠤᠬᠢᠶᠠᠨ ᠪᠠᠢ᠍ᠢ᠍ᠭᠤᠯᠤᠯᠳᠠ ᠵᠢᠨ ᠵᠶ᠋ᠠᠨ ᠶᠠᠳᠠᠭᠤ ᠬᠦᠴᠢᠷᠳᠡᠯᠲᠠᠢ ᠬᠦᠮᠦᠰ᠎ᠢ ᠴᠦᠭᠡᠳᠭᠡᠬᠦ ᠬᠠᠮᠳᠤᠷᠠᠭᠰᠠᠨ ᠠᠵᠢᠯ᠎ᠤᠨ ᠲᠤᠭᠤᠢ᠍ᠢ᠍ᠯᠠᠩ ᠪᠠᠢ᠍ᠢ᠍ᠭᠤᠯᠬᠤ ᠵᠢ ᠲᠡᠮᠵᠢᠨ᠎ᠠ᠃
      ᠲᠦᠷᠪᠡᠳᠤᠭᠡᠷ᠎ᠲᠤ᠂ ᠠᠷᠠᠳ᠎ᠤᠨ ᠰᠡᠳᠬᠢᠯ᠎ᠤᠨ ᠨᠡᠪᠳᠡᠷᠡᠯᠴᠡᠭᠡ ᠵᠢ ᠠᠬᠢᠭᠤᠯᠵᠤ᠂ ᠰᠤᠶᠤᠯ ᠢᠷᠬᠡᠨᠰᠢᠯ᠎ᠤᠨ ᠬᠠᠮᠳᠤ ᠵᠢᠨ ᠴᠤᠬ᠍ᠴᠠ ᠵᠢ ᠪᠠᠢ᠍ᠢ᠍ᠭᠤᠯᠤᠶ᠎ᠠ᠃ ᠪᠤᠯᠪᠠᠰᠤᠨ ᠵᠶ᠋ᠠᠨ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠯᠠᠬᠤ ᠵᠢ ᠠᠬᠢᠭᠤᠯᠵᠤ᠂ ᠰᠤᠷᠭ᠋ᠠᠨ ᠬᠦᠮᠤᠵᠢᠯ᠂ ᠰᠤᠶᠤᠯ᠂ ᠵᠢᠭᠤᠯᠴᠢᠯᠠᠯ᠂ ᠪᠠᠶ᠎ᠠ ᠵᠢᠨ ᠲᠠᠮᠢᠷ᠂ ᠵᠠᠭᠤᠴᠢᠯᠠᠭᠤᠷ᠂ ᠡᠮᠡᠭᠳᠠᠢ᠍ᠢ᠍ᠴᠤᠳ ᠵᠡᠷᠬᠡ ᠬᠦᠷᠢᠶᠠᠨ᠎ᠤ ᠰᠤᠯᠢᠯᠴᠠᠭ᠎ᠠ ᠬᠠᠮᠳᠤᠷᠠᠯᠴᠠᠭ᠎ᠠ ᠵᠢ ᠠᠬᠢᠭᠤᠯᠤᠶ᠎ᠠ᠃ ᠳᠤᠮᠳᠠᠳᠤ ᠤᠯᠤᠰ ᠲᠠᠷᠠᠭ᠎ᠠ ᠵᠢᠯ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠠᠷᠠᠳ᠎ᠤᠨ ᠨᠦᠬᠦᠷᠯᠠᠯ᠎ᠤᠨ ᠶᠠᠷᠢᠶᠠᠨ᠎ᠤ ᠲᠠᠪᠴᠠᠩ᠎ᠢ ᠡᠷᠬᠢᠯᠠᠵᠤ᠂ ᠢᠷᠡᠬᠡᠳᠤᠢ ᠵᠢᠨ 3 ᠵᠢᠯ᠎ᠳᠤ ᠡᠯ᠎ᠠ ᠲᠠᠯ᠎ᠠ ᠵᠢᠨ᠎ᠬᠢᠨ᠎ᠳᠤ 600 ᠨᠡᠷ᠎ᠠ ᠵᠠᠯᠠᠭᠤᠴᠤᠳ᠎ᠤᠨ ᠰᠤᠯᠢᠯᠴᠠᠭ᠎ᠠ ᠵᠢᠨ ᠤᠷᠤᠨ ᠲᠤᠭ᠎ᠠ ᠬᠠᠩᠭ᠋ᠠᠨ᠎ᠠ᠃
      ᠰᠢ ᠵᠢᠨ ᠫᠢᠩ᠂ ᠪᠢᠳᠠ ᠪᠤᠳᠠᠳᠤ ᠠᠵᠢᠯᠯᠠᠭ᠎ᠠ᠎ᠪᠠᠷ ᠵᠶ᠋ᠠᠨ ᠤᠯᠠᠨ ᠲᠠᠯᠠᠳᠤ ᠦᠵᠡᠯ᠎ᠢ ᠤᠢ᠍ᠢ᠍ᠯᠡᠳᠤᠯᠬᠡᠵᠢᠬᠦᠯᠵᠤ᠂ ᠬᠠᠮᠳᠤ᠎ᠪᠠᠷ ᠵᠦᠪᠳᠡᠯᠴᠡᠬᠦ ᠬᠠᠮᠳᠤ᠎ᠪᠠᠷ ᠪᠠᠢ᠍ᠢ᠍ᠭᠤᠯᠬᠤ ᠬᠠᠮᠳᠤ᠎ᠪᠠᠷ ᠡᠳ᠋ᠯᠡᠬᠦ ᠵᠠᠷᠴᠢᠮ᠎ᠢ ᠪᠠᠷᠢᠮᠳᠠᠯᠠᠨ᠂ ᠪᠦᠬᠦ ᠪᠦᠮᠪᠦᠷᠴᠡᠭ᠎ᠤᠨ ᠵᠠᠰᠠᠯᠳᠠ ᠵᠢ ᠲᠡᠬᠦᠯᠳᠡᠷᠵᠢᠬᠦᠯᠵᠤ᠂ ᠲᠡᠯᠡᠬᠡᠢ ᠵᠢᠨ ᠡᠮᠬᠢ ᠲᠢᠭᠯᠢᠮ᠎ᠢ ᠬᠠᠮᠠᠭ᠋ᠠᠯᠠᠶ᠎ᠠ᠃ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ᠎ᠬᠢᠨ ᠬᠠᠨᠢᠳᠠᠨ᠎ᠤ ᠬᠠᠷᠢᠯᠴᠠᠭ᠎ᠠ ᠵᠢᠨ ᠲᠤᠤᠷ ᠵᠶ᠋ᠠᠨ ᠦᠷᠬᠡᠳᠬᠡᠵᠤ᠂ ᠲᠡᠯᠡᠬᠡᠢ ᠵᠢᠨ ᠪᠠ ᠭᠠᠵᠠᠷ ᠤᠷᠤᠨ᠎ᠤ ᠬᠡᠷᠡᠭ ᠶᠠᠪᠤᠳᠠᠯ ᠳᠤᠮᠳᠠ ᠨᠡᠩ ᠢᠳᠡᠪᠬᠢᠳᠠᠢ ᠤᠢ᠍ᠢ᠍ᠯᠡᠳᠤᠯ ᠵᠶ᠋ᠠᠨ ᠪᠠᠳᠠᠷᠠᠭᠤᠯᠤᠶ᠎ᠠ ᠬᠡᠵᠤ ᠴᠢᠬᠤᠯᠠᠴᠢᠯᠠᠪᠠ᠃
      ᠰᠢ ᠵᠢᠨ ᠫᠢᠩ᠂ ᠲᠤᠮᠳᠠᠳᠤ ᠤᠯᠤᠰ ᠶᠠᠭ ᠰᠢᠨ᠎ᠡ ᠬᠦᠭᠵᠢᠯᠳᠠ ᠵᠢᠨ ᠪᠠᠢ᠍ᠢ᠍ᠷᠢᠰᠢᠯ᠎ᠢ ᠲᠦᠷᠭᠡᠳᠭᠡᠨ ᠪᠦᠷᠢᠯᠳᠦᠬᠦᠯᠵᠤ᠂ ᠨᠡᠩ ᠦᠨᠳᠤᠷ ᠲᠦᠪᠰᠢᠨ ᠪᠦᠬᠦᠢ ᠨᠡᠭᠡᠭᠡᠯᠳᠠᠳᠤ ᠬᠡᠯᠪᠡᠷᠢ ᠵᠢᠨ ᠠᠵᠤ ᠠᠬᠤᠢ ᠵᠢᠨ ᠰᠢᠨ᠎ᠡ ᠪᠠᠢ᠍ᠢ᠍ᠭᠤᠯᠤᠮᠵᠢ ᠵᠢ ᠪᠠᠢ᠍ᠢ᠍ᠭᠤᠯᠵᠤ ᠪᠠᠢ᠍ᠢ᠍ᠨ᠎ᠡ᠃ ᠲᠤᠮᠳᠠᠳᠤ ᠤᠯᠤᠰ ᠬᠠᠷᠢᠯᠴᠠᠨ ᠠᠰᠢᠭᠲᠠᠢ ᠬᠠᠮᠳᠤ᠎ᠪᠠᠷ ᠠᠰᠢᠭ ᠬᠦᠷᠳᠡᠭᠦ ᠨᠡᠭᠡᠭᠡᠯᠳᠠ ᠵᠢᠨ ᠪᠠᠢ᠍ᠢ᠍ᠯᠳᠤᠬᠤ ᠪᠤᠳᠤᠯᠭ᠎ᠡ ᠵᠢ ᠡᠷᠡᠰ ᠭᠤᠢ᠍ᠢ᠍ᠪᠢᠰᠢ ᠦᠭᠡᠢ ᠭᠡᠷᠡᠭᠵᠢᠬᠦᠯᠬᠦ ᠪᠤᠯᠤᠨ᠎ᠡ᠃ ᠡᠯ᠎ᠡ ᠲᠠᠯ᠎ᠡ ᠵᠢᠨ᠎ᠬᠢᠨ᠎ᠤ ᠲᠤᠮᠳᠠᠳᠤ ᠤᠯᠤᠰ᠎ᠤᠨ ᠬᠦᠭᠵᠢᠯᠳᠠ ᠵᠢᠨ ᠰᠢᠨ᠎ᠡ ᠠᠵᠠ ᠲᠤᠬᠢᠶᠠᠯ᠎ᠢ ᠡᠵᠡᠮᠳᠡᠵᠤ᠂ ᠲᠤᠮᠳᠠᠳᠤ ᠤᠯᠤᠰ᠎ᠯᠤᠭ᠎ᠠ ᠵᠢᠨ ᠬᠠᠮᠳᠤᠷᠠᠯᠴᠠᠭ᠎ᠡ᠎ᠪᠠᠨ ᠢᠳᠡᠪᠬᠢᠳᠠᠢ ᠬᠦᠨᠵᠡᠭᠡᠢ᠍ᠢ᠍ᠷᠠᠬᠦᠯᠬᠦ ᠵᠢ ᠪᠠᠶᠠᠷᠯᠡᠨ ᠤᠬᠳᠤᠵᠤ ᠪᠠᠢ᠍ᠢ᠍ᠨ᠎ᠡ ᠭᠡᠵᠤ ᠴᠢᠬᠤᠯᠠᠴᠢᠯᠠᠪᠠ᠃
      ᠰᠢ ᠵᠢᠨ ᠫᠢᠩ ᠶᠠᠷᠢᠶᠠᠨ᠎ᠤ᠎ᠪᠠᠨ ᠲᠡᠭᠦᠰᠭᠡᠯ᠎ᠳᠤ᠂ ᠢᠷᠡᠬᠦ ᠵᠢᠯ ᠲᠤᠰ ᠵᠤᠬᠢᠶᠠᠨ ᠪᠠᠢ᠍ᠢ᠍ᠭᠤᠯᠤᠯᠳᠠ᠎ᠨᠢ ᠵᠤᠬᠢᠶᠠᠨ ᠪᠠᠢ᠍ᠢ᠍ᠭᠤᠯᠤᠯᠳᠠ ᠪᠠᠢ᠍ᠢ᠍ᠭᠤᠯᠤᠬᠳᠠᠬᠰᠡᠨ 20 ᠵᠢᠯ᠎ᠤᠨ ᠤᠢ᠎ᠪᠠᠨ ᠤᠬᠳᠤᠬᠤ ᠪᠤᠯᠤᠨ᠎ᠡ᠃ ᠪᠢᠳᠠ ᠪᠦᠬᠦᠳᠡᠭᠡᠷ

《ᠱᠠᠨᠭ᠌ᠬᠠᠢ ᠵᠢᠨ ᠵᠤᠷᠢᠭ ᠰᠠᠨᠠᠭ᠎ᠡ》 ᠵᠢᠨ ᠲᠤᠭ᠎ᠢ ᠦᠨᠳᠤᠷ ᠮᠠᠨᠳᠤᠭᠤᠯᠵᠤ᠂ ᠦᠨᠡᠨ ᠰᠡᠳᠬᠢᠯ᠎ᠠᠴᠠ᠎ᠪᠠᠨ ᠬᠠᠮᠳᠤᠷᠠᠯᠴᠠᠨ᠂ ᠡᠷᠡᠮᠡᠭᠡᠢ᠍ᠢ᠍ᠯᠡᠨ ᠤᠷᠤᠬᠰᠢᠯᠠᠵᠤ᠂ ᠲᠤᠰ ᠵᠤᠬᠢᠶᠠᠨ ᠪᠠᠢ᠍ᠢ᠍ᠭᠤᠯᠤᠯᠳᠠ ᠵᠢᠨ ᠨᠡᠩ ᠶᠡᠭᠡ ᠬᠦᠭᠵᠢᠯᠳᠠ᠎ᠲᠠᠢ ᠪᠤᠯᠬᠤ ᠵᠢ ᠠᠬᠢᠭᠤᠯᠤᠨ᠂ ᠨᠡᠩ ᠨᠢᠬᠳᠠ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢ ᠪᠠᠢ᠍ᠢ᠍ᠭᠤᠯᠤᠶ᠎ᠡ! ᠭᠡᠵᠤ ᠴᠢᠬᠤᠯᠠᠴᠢᠯᠠᠪᠠ᠃


      ᠬᠤᠷᠠᠯ᠎ᠳᠤ ᠤᠷᠤᠯᠴᠠᠬᠰᠡᠨ ᠭᠠᠳᠠᠭ᠋ᠠᠳᠤ ᠵᠢᠨ ᠲᠠᠯ᠎ᠡ ᠵᠢᠨ ᠤᠳᠤᠷᠢᠳᠬᠤ ᠬᠦᠮᠦᠰ ᠱᠠᠨᠭ᠌ᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠡᠯ᠎ᠡ ᠬᠦᠷᠢᠶᠠᠨ᠎ᠤ ᠬᠠᠮᠳᠤᠷᠠᠯᠴᠠᠭ᠎ᠡ ᠵᠢᠨ ᠠᠬᠢᠴᠠ ᠵᠢ ᠢᠳᠡᠪᠬᠢᠳᠠᠢ ᠦᠨᠡᠯᠡᠵᠤ᠂ ᠤᠳᠤᠬᠠᠨ᠎ᠤ ᠲᠡᠯᠡᠭᠡᠢ ᠵᠢᠨ ᠪᠠᠢ᠍ᠢ᠍ᠳᠠᠯ᠎ᠳᠤ ᠡᠯ᠎ᠡ ᠵᠦᠢ᠍ᠯ᠎ᠤᠨ ᠦᠷᠢᠰᠦᠯᠳᠤᠭᠡᠨ ᠪᠠ ᠰᠦᠷᠳᠡᠬᠦᠯᠦᠯ ᠨᠡᠮᠡᠭᠳᠡᠵᠤ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ ᠪᠦᠬᠦ ᠪᠦᠮᠪᠦᠷᠴᠡᠭ᠎ᠤᠨ ᠤᠯᠤᠰ ᠲᠦᠷᠦ᠂ ᠠᠵᠤ ᠠᠬᠤᠢ᠂ ᠨᠡᠢ᠍ᠢ᠍ᠭᠡᠮ᠎ᠳᠤ ᠬᠦᠨᠳᠤ ᠨᠤᠴᠢᠳᠠᠢ ᠨᠠᠵᠠᠭ᠋ᠠᠢ ᠨᠦᠯᠦᠭᠡ ᠤᠴᠠᠷᠠᠭᠤᠯᠪᠠ᠃ ᠡᠯ᠎ᠡ ᠤᠯᠤᠰ᠎ᠤᠨ᠎ᠬᠢᠨ ᠬᠦᠴᠤᠨ ᠵᠶ᠋ᠠᠨ ᠬᠠᠮᠳᠤᠳᠬᠠᠨ ᠠᠷᠭ᠋ᠠᠴᠠᠭ᠋ᠠᠵᠤ᠂ ᠬᠠᠮᠳᠤ᠎ᠪᠠᠷ ᠬᠢᠵᠢᠭ᠎ᠲᠠᠢ ᠲᠡᠮᠡᠴᠡᠵᠤ᠂ ᠬᠢᠵᠢᠭ᠎ᠤᠨ ᠪᠠᠢ᠍ᠢ᠍ᠳᠠᠯ᠎ᠢ ᠠᠰᠢᠬᠯᠡᠨ ᠪᠤᠰᠤᠳ ᠤᠯᠤᠰ᠎ᠲᠤ ᠮᠠᠭᠤ ᠨᠠᠷ᠎ᠡ ᠵᠡᠬᠦᠯᠭᠡᠬᠦ ᠵᠢ ᠡᠰᠡᠷᠬᠦᠴᠡᠪᠡᠯ ᠵᠤᠬᠢᠨ᠎ᠡ᠃ ᠤᠯᠠᠨ ᠲᠠᠯᠠᠳᠤ ᠦᠵᠡᠯ᠎ᠢ ᠪᠠᠷᠢᠮᠳᠠᠯᠠᠨ᠂ ᠤᠯᠠᠨ ᠤᠯᠤᠰ᠎ᠤᠨ ᠬᠤᠯᠪᠤᠭ᠋ᠠᠳᠤ ᠪᠠᠢ᠍ᠢ᠍ᠭᠤᠯᠭ᠎ᠡ ᠵᠢᠨ ᠦᠨᠳᠤᠰᠤᠨ ᠲᠦᠷᠢᠮ ᠪᠤᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠡᠨ ᠤᠯᠠᠨ ᠤᠯᠤᠰ᠎ᠤᠨ ᠡᠮᠬᠢ ᠲᠢᠭᠯᠢᠮ᠎ᠢ ᠬᠠᠮᠠᠭ᠋ᠠᠯᠠᠵᠤ᠂ ᠲᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠍ᠢ᠍ᠭᠤᠯᠤᠯᠳᠠ᠎ᠪᠠᠷ ᠭᠤᠤᠯ ᠪᠤᠯᠭ᠋ᠠᠬᠰᠡᠨ᠂ ᠲᠦᠷᠢᠮ ᠵᠶ᠋ᠠᠷ ᠰᠠᠭᠤᠷᠢ ᠪᠤᠯᠭ᠋ᠠᠬᠰᠡᠨ ᠤᠯᠠᠨ ᠲᠠᠯᠠᠳᠤ ᠠᠷᠠᠯᠵᠢᠶᠠᠨ᠎ᠤ ᠪᠠᠢ᠍ᠢ᠍ᠭᠤᠯᠤᠮᠵᠢ ᠵᠢ ᠬᠠᠮᠠᠭ᠋ᠠᠯᠠᠵᠤ᠂ ᠨᠡᠭᠡᠭᠡᠯᠳᠠᠳᠤ ᠬᠡᠯᠪᠡᠷᠢ ᠵᠢᠨ ᠲᠠᠯᠠᠭᠡᠢ ᠵᠢᠨ ᠠᠵᠤ ᠠᠬᠤᠢ ᠵᠢ ᠠᠬᠢᠭᠤᠯᠪᠡᠯ ᠵᠤᠬᠢᠨ᠎ᠡ᠃ ᠬᠠᠷᠢᠯᠴᠠᠨ ᠢᠳᠡᠭᠡᠯᠴᠡᠭᠦ᠂ ᠬᠠᠷᠢᠯᠴᠠᠨ ᠠᠰᠢᠭ ᠬᠦᠷᠳᠡᠭᠡᠬᠦ᠂ ᠡᠷᠭᠡ ᠲᠡᠭᠰᠢ᠂ ᠬᠠᠷᠢᠯᠴᠠᠨ ᠵᠦᠪᠳᠡᠯᠴᠡᠬᠦ᠂ ᠤᠯᠠᠨ ᠶᠠᠨᠭ᠌ᠵᠤ ᠵᠢᠨ ᠪᠤᠯᠪᠠᠰᠤᠨ᠎ᠢ ᠬᠦᠨᠳᠤᠳᠭᠡᠬᠦ᠂ ᠬᠠᠮᠳᠤ ᠵᠢᠨ ᠬᠦᠭᠵᠢᠯᠳᠠ ᠵᠢ ᠡᠷᠢᠯᠬᠢᠯᠡᠬᠦ 《ᠱᠠᠨᠭ᠌ᠬᠠᠢ ᠵᠢᠨ ᠵᠤᠷᠢᠭ ᠰᠠᠨᠠᠭ᠎ᠡ》 ᠵᠢ ᠪᠠᠷᠢᠮᠳᠠᠯᠠᠵᠤ᠂ ᠬᠦᠮᠦᠨ ᠲᠦᠷᠦᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢ ᠪᠠᠢ᠍ᠢ᠍ᠭᠤᠯᠬᠤ ᠵᠢ ᠠᠬᠢᠭᠤᠯᠤᠶ᠎ᠡ᠃ ᠡᠯ᠎ᠡ ᠤᠯᠤᠰ᠎ᠤᠨ ᠠᠷᠠᠳ ᠲᠦᠮᠡᠨ᠎ᠤ ᠪᠡᠶ᠎ᠡ᠎ᠪᠠᠨ ᠲᠠᠭ᠋ᠠᠭ᠋ᠠᠵᠤ ᠰᠤᠨᠭ᠌ᠭᠤᠬᠰᠡᠨ ᠵᠠᠮ᠎ᠢ ᠬᠦᠨᠳᠤᠳᠭᠡᠵᠤ᠂ ᠭᠠᠳᠠᠭ᠋ᠠᠳᠤ ᠵᠢᠨ ᠬᠦᠴᠤᠨ᠎ᠤ ᠭᠡᠰᠢᠬᠦᠨ ᠤᠯᠤᠰ᠎ᠤᠳ᠎ᠤᠨ ᠲᠤᠳᠤᠭ᠋ᠠᠳᠤ ᠵᠢᠨ ᠶᠠᠪᠤᠳᠠᠯ᠎ᠳᠤ ᠭᠠᠷ ᠲᠦᠷᠦᠬᠦ ᠵᠢ ᠡᠰᠡᠷᠬᠦᠴᠡᠶ᠎ᠡ᠃ ᠠᠷᠠᠯᠵᠢᠶ᠎ᠡ᠂ ᠪᠡᠯᠡ ᠤᠷᠤᠭᠤᠯᠤᠯᠳᠠ᠂ ᠦᠢ᠍ᠯᠡᠳᠪᠤᠷᠢᠯᠡᠯ᠎ᠤᠨ ᠴᠢᠳᠠᠪᠤᠷᠢ᠂ ᠵᠠᠮ ᠬᠠᠷᠢᠯᠴᠠᠭ᠎ᠡ᠂ ᠡᠨ᠋ᠸᠷᠬᠢ᠂ ᠰᠢᠨ᠎ᠡ ᠵᠢ ᠡᠬᠦᠳᠬᠦ᠂ ᠲᠤᠭ᠋ᠠᠴᠢᠯᠠᠬᠰᠡᠨ ᠠᠵᠤ ᠠᠬᠤᠢ ᠵᠡᠷᠭᠡ ᠬᠦᠷᠢᠶᠠᠨ᠎ᠳᠠᠬᠢ ᠬᠠᠮᠳᠤᠷᠠᠯᠴᠠᠭ᠎ᠡ᠎ᠪᠠᠨ ᠴᠢᠨᠭ᠌ᠭ᠋ᠠᠳᠬᠠᠵᠤ᠂ ᠠᠷᠠᠳ᠎ᠤᠨ ᠠᠮᠢᠳᠤᠷᠠᠯ᠎ᠢ ᠰᠠᠢ᠍ᠢ᠍ᠵᠢᠷᠠᠭᠤᠯᠵᠤ᠂ ᠶᠠᠳᠠᠭᠤ ᠬᠦᠴᠢᠷᠳᠡᠯ᠎ᠢ ᠠᠷᠢᠯᠭ᠋ᠠᠶ᠎ᠡ᠃ ᠰᠤᠶᠤᠯ ᠢᠷᠭᠡᠨᠰᠢᠯ᠎ᠤᠨ ᠰᠤᠯᠢᠯᠴᠠᠭ᠎ᠡ ᠵᠢ ᠬᠦᠨᠵᠡᠭᠡᠢ᠍ᠢ᠍ᠷᠠᠬᠦᠯᠤᠶ᠎ᠡ᠃ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠡ ᠵᠢ ᠡᠸᠦ᠋ᠷᠤᠫᠠ ᠠᠽᠢᠶ᠎ᠡ ᠵᠢᠨ ᠠᠵᠤ ᠠᠬᠤᠢ ᠵᠢᠨ ᠬᠤᠯᠪᠤᠭ᠎ᠡ ᠵᠢᠨ ᠪᠠᠢ᠍ᠢ᠍ᠭᠤᠯᠤᠯᠳᠠ᠎ᠲᠠᠢ ᠵᠤᠯᠭ᠋ᠠᠭᠤᠯᠬᠤ ᠵᠢ ᠲᠠᠮᠵᠢᠶ᠎ᠡ᠃ 《ᠭᠤᠷᠪᠡᠨ ᠵᠦᠢ᠍ᠯ᠎ᠤᠨ ᠬᠦᠴᠤᠨ》᠎ᠳᠤ ᠬᠠᠮᠳᠤᠷᠠᠨ ᠴᠤᠬᠢᠯᠳᠠ ᠦᠭᠴᠤ᠂ ᠲᠤᠭ᠎ᠡ ᠪᠠᠷᠢᠮᠳᠠ ᠵᠢᠨ ᠠᠮᠤᠷ ᠲᠦᠪᠰᠢᠨ᠂ ᠠᠮᠢᠳᠤ ᠪᠤᠳᠠᠰ᠎ᠤᠨ ᠠᠮᠤᠷ ᠲᠦᠪᠰᠢᠨ᠎ᠢ ᠬᠠᠮᠠᠭ᠋ᠠᠯᠠᠨ᠂ ᠶᠠᠷᠢᠯᠴᠠᠭ᠎ᠡ ᠵᠦᠪᠳᠡᠯᠴᠡᠭᠡ᠎ᠪᠠᠷ ᠲᠠᠮᠵᠢᠨ ᠨᠠᠢ᠍ᠢ᠍ᠷᠠᠮᠳᠠᠯ ᠵᠶ᠋ᠠᠷ ᠮᠠᠷᠭᠤᠯᠳᠤᠭ᠋ᠠᠨ᠎ᠢ ᠰᠢᠢ᠍ᠳᠪᠤᠷᠢᠯᠡᠬᠦ᠎ᠪᠠᠷ ᠴᠢᠷᠮᠠᠢ᠍ᠢ᠍ᠵᠤ᠂ ᠲᠤᠰ ᠭᠠᠵᠠᠷ ᠤᠷᠤᠨ᠎ᠤ᠎ᠪᠠᠨ ᠠᠮᠤᠷ ᠲᠤᠬᠳᠠᠭᠤᠨ ᠪᠠ ᠦᠷᠬᠦᠯᠵᠢᠯᠡᠬᠦ ᠬᠦᠭᠵᠢᠯᠳᠠ ᠵᠢ ᠬᠠᠮᠠᠭ᠋ᠠᠯᠠᠶ᠎ᠡ ᠭᠡᠵᠤ ᠢᠯᠡᠳᠭᠡᠵᠡᠬᠡᠪᠡ᠃
      ᠬᠤᠷᠠᠯ᠎ᠠᠴᠠ ᠲᠡᠵᠢᠺᠰᠲ᠋ᠠᠨ ᠱᠠᠨᠭ᠌ᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠵᠢᠵᠢᠬᠦᠷ ᠲᠡᠷᠢᠬᠦᠯᠡᠭᠴᠢ ᠤᠯᠤᠰ᠎ᠤᠨ ᠲᠤᠰᠢᠶᠠᠯ᠎ᠢ ᠵᠠᠯᠭ᠋ᠠᠨ ᠡᠬᠦᠷᠭᠡᠯᠡᠬᠦ᠎ᠪᠠᠷ ᠲᠤᠬᠳᠠᠵᠠᠢ᠃
      ᠬᠤᠷᠠᠯ᠎ᠠᠴᠠ 《ᠱᠠᠨᠭ᠌ᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠮᠤᠰᠺᠸᠨ ᠵᠢᠨ ᠲᠤᠨᠭ᠌ᠬᠠᠭ》 ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠢ ᠬᠠᠮᠳᠤ᠎ᠪᠠᠷ ᠠᠷᠭ᠋ᠠᠴᠠᠭ᠋ᠠᠬᠤ᠂ ᠲᠡᠯᠡᠭᠡᠢ ᠵᠢᠨ ᠬᠤᠶᠠᠳᠤᠭ᠋ᠠᠷ ᠶᠡᠭᠡ ᠲᠠᠢ᠍ᠢ᠍ᠨ ᠢᠯᠠᠯᠳᠠ ᠤᠯᠤᠬᠰᠡᠨ 75 ᠵᠢᠯ᠎ᠤᠨ ᠤᠢ᠂ ᠤᠯᠠᠨ ᠤᠯᠤᠰ᠎ᠤᠨ ᠮᠡᠳᠡᠭᠡ ᠵᠠᠨᠭ᠌ᠭᠢ ᠵᠢᠨ ᠠᠮᠤᠷ ᠲᠦᠪᠰᠢᠨ᠎ᠢ ᠪᠠᠳᠤᠯᠠᠬᠤ᠂ ᠲᠤᠭ᠋ᠠᠴᠢᠯᠠᠬᠰᠨ ᠠᠵᠤ ᠠᠬᠤᠢ ᠵᠢᠨ ᠬᠦᠷᠢᠶᠠᠨ᠎ᠳᠠᠬᠢ ᠬᠠᠮᠳᠤᠷᠠᠯᠴᠠᠭ᠎ᠡ᠂ ᠢᠨᠲᠸᠷ ᠰᠦᠯᠵᠢᠶ᠎ᠡ ᠵᠡᠷᠭᠡ ᠵᠢ ᠠᠰᠢᠬᠯᠡᠨ ᠰᠦᠷᠳᠡᠬᠦᠯᠦᠯ᠎ᠤᠨ ᠦᠵᠡᠯ᠂ ᠬᠠᠭ᠋ᠠᠴᠠᠭᠤᠯᠬᠤ ᠦᠵᠡᠯ ᠪᠤᠯᠤᠨ ᠭᠡᠳᠤᠷᠠᠮᠠᠭᠡᠢ ᠦᠵᠡᠯ᠎ᠤᠨ ᠦᠵᠡᠯ ᠰᠠᠨᠠᠭ᠎ᠡ ᠵᠢ ᠲᠠᠮᠵᠢᠭᠤᠯᠬᠤ ᠠᠵᠢᠯᠯᠠᠭ᠎ᠠ᠎ᠳᠤ ᠴᠤᠬᠢᠯᠳᠠ ᠦᠭᠬᠦ᠂ ᠬᠤᠤᠷᠳᠤ ᠡᠳ᠋᠎ᠤᠨ ᠰᠦᠷᠳᠡᠬᠦᠯᠦᠯ᠎ᠢ ᠠᠷᠭ᠋ᠠᠴᠠᠭ᠋ᠠᠬᠤ ᠵᠡᠷᠭᠡ ᠠᠯᠢ ᠤᠯᠠᠨ ᠢᠯᠡᠷᠭᠡᠢ᠍ᠢ᠍ᠯᠡᠯᠳᠠ ᠵᠢ ᠨᠠᠢ᠍ᠢ᠍ᠳᠠᠯᠠᠪᠠ᠃
      ᠳ᠋ᠢᠩ ᠰᠢᠤᠸᠠᠢ ᠰᠢᠶᠠᠩ᠂ ᠶᠠᠩ ᠵᠢᠶᠸ ᠊ᠤᠣᠢ᠂ ᠸᠠᠩ ᠢ᠂ ᠾᠸ ᠯᠢ ᠹᠸᠩ ᠨᠠᠷ ᠬᠤᠷᠠᠯ᠎ᠳᠤ ᠤᠷᠤᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠠᠬᠢᠳᠠᠯ ᠢᠯᠡᠭᠡᠵᠦ 《ᠲᠡᠮᠡᠴᠡᠭᠴᠢ》 ᠨᠡᠷᠡᠮᠵᠢᠲᠦ ᠪᠥᠬᠥ ᠲᠡᠯᠡᠶ ᠵᠢᠨ ᠭᠦᠨ᠎ᠤ ᠬᠥᠮᠦᠨ ᠰᠠᠭᠤᠯᠭ᠋ᠠᠭᠰᠠᠨ ᠱᠤᠩᠭᠤᠭᠤᠷ ᠲᠦᠮᠡᠨ ᠮᠧᠲᠷ᠎ᠤᠨ ᠭᠦᠨ ᠲᠡᠯᠡᠶ᠎ᠳᠤ ᠱᠤᠩᠭᠤᠬᠤ ᠲᠤᠷᠰᠢᠯᠲᠠ ᠵᠢ ᠠᠮᠵᠢᠯᠲᠠ᠎ᠲᠠᠢ ᠪᠡᠶᠡᠯᠡᠭᠦᠯᠵᠤ ᠢᠯᠠᠯᠲᠠ᠎ᠲᠠᠢ᠎ᠪᠠᠷ ᠪᠤᠴᠠᠵᠤ ᠢᠷᠡᠭᠰᠡᠨ᠎ᠳᠤ ᠪᠠᠶᠠᠷ ᠬᠦᠷᠭᠡᠪᠡ
ᠰᠢ ᠵᠢᠨ ᠫᠢᠩ᠄ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠦ ᠰᠢᠨ᠎ᠠ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠬᠤ ᠬᠡᠷᠡᠭᠳᠡᠢ
ᠰᠢ ᠵᠢᠨ ᠫᠢᠩ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠤᠳᠠ (ᠰᠢᠶᠠᠨ)᠎ᠪᠠᠷ ᠨᠡᠷᠡᠶ᠋ᠢᠳᠬᠦ ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠤᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠤᠨ ᠲᠥᠯᠥᠭᠡᠯᠡᠭᠴᠢᠳ᠎ᠲᠠᠢ ᠠᠭᠤᠯᠵᠠᠪᠠ
ᠰᠢ ᠵᠢᠨ ᠫᠢᠩ ᠬᠦᠳᠡᠭᠡ ᠲᠤᠰᠬᠤᠨ᠎ᠤ ᠭᠠᠵᠠᠷ ᠰᠢᠷᠤᠢ ᠵᠢᠨ ᠲᠦᠷᠢᠮ᠎ᠤᠨ ᠦᠭᠡᠷᠡᠴᠢᠯᠡᠯᠳᠠ ᠵᠢ ᠠᠬᠢᠭᠤᠯᠬᠤ ᠬᠦᠳᠡᠭᠡ ᠲᠤᠰᠬᠤᠨ᠎ᠤ ᠳᠠᠭ᠋ᠠᠭ᠋ᠠᠴᠢᠯᠠᠬᠰᠠᠨ ᠭᠠᠵᠠᠷ ᠰᠢᠷᠤᠢ ᠵᠢᠨ ᠬᠠᠮᠢᠶᠠᠷᠤᠯᠳᠠ ᠵᠢᠨ ᠠᠵᠢᠯ᠎ᠢ ᠰᠠᠢ᠍ᠢ᠍ᠳᠤᠷ ᠬᠢᠬᠦ ᠲᠤᠬᠠᠢ ᠴᠢᠬᠤᠯᠠ ᠵᠢᠭ᠋ᠠᠪᠤᠷᠢ ᠥᠭᠪᠡ
ᠰᠢ ᠵᠢᠨ ᠫᠢᠩ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠠᠤᠭ᠎ᠠ ᠰᠠᠨᠠᠭ᠎ᠠ ᠡᠷᠡᠯᠭᠡᠭ ᠵᠤᠷᠢᠭ᠎ᠢ ᠬᠦᠪᠴᠢᠯᠡᠬᠦ ᠲᠦᠷᠦᠬᠦᠴᠤᠳ᠎ᠤᠨ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ
 
            