ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠥᠭᠪᠡ
ᠨᠡᠶ᠋ᠢᠲᠡᠯᠡᠭᠰᠡᠨ ᠴᠠᠭ᠄ 2020-11-13

      ᠰᠢ ᠵᠢᠨ ᠫᠢᠩ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠦᠭᠴᠤ ᠴᠢᠬᠤᠯᠠᠴᠢᠯᠠᠬᠰᠡᠨ᠎ᠨᠢ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ ᠵᠢᠨ ᠲᠦᠪᠰᠢᠨ᠎ᠢ ᠪᠦᠬᠦ ᠲᠠᠯ᠎ᠡ᠎ᠪᠠᠷ ᠲᠡᠭᠡᠭᠰᠢᠯᠡᠬᠦᠯᠵᠤ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ ᠵᠢᠷᠭ᠋ᠠᠯᠳᠤ ᠲᠦᠷᠦᠭᠳᠡᠯ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠠᠢ


      ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠡ ᠵᠢᠨ 11᠎ᠤ ᠴᠠᠬᠢᠯᠭ᠋ᠠᠨ ᠮᠡᠳᠡᠭᠡ   ᠨᠠᠮ᠎ᠤᠨ ᠲᠦᠪ ᠬᠤᠷᠢᠶᠠᠨ᠎ᠤ ᠶᠡᠷᠤᠨᠭ᠌ᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠡ᠎ᠳᠤ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ᠎ᠳᠤ ᠴᠢᠬᠤᠯᠠ ᠵᠢᠭ᠋ᠠᠪᠤᠷᠢ ᠦᠭᠬᠦ᠎ᠳᠡᠭᠡᠨ᠂ ᠤᠢ᠍ᠢ᠍ᠷ᠎ᠡ ᠵᠢᠨ ᠵᠢᠯ᠎ᠠᠴᠠ ᠨᠠᠭ᠋ᠠᠰᠢ᠂ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ᠎ᠬᠢᠨ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠲᠤᠭᠤᠰᠢᠯᠠᠭᠤᠯᠵᠤ᠂ ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ ᠵᠢ ᠯᠠᠪᠳᠠᠭᠤᠨ ᠪᠠᠳᠤᠳᠠᠢ ᠦᠷᠨᠢᠬᠦᠯᠵᠤ᠂ ᠠᠵᠤ ᠠᠬᠤᠢ ᠵᠢᠨ ᠬᠦᠭᠵᠢᠯᠳᠠ ᠵᠢ ᠠᠬᠢᠭᠤᠯᠬᠤ᠂ ᠨᠡᠢ᠍ᠢ᠍ᠭᠡᠮ᠎ᠤᠨ ᠲᠤᠬᠳᠠᠭᠤᠨ᠎ᠢ ᠬᠠᠮᠠᠭ᠋ᠠᠯᠠᠬᠤ᠂ ᠠᠷᠠᠳ ᠲᠦᠮᠡᠨ᠎ᠤ ᠠᠮᠤᠷ ᠲᠦᠪᠰᠢᠨ᠎ᠢ ᠪᠠᠳᠤᠯᠠᠬᠤ᠎ᠳᠤ ᠴᠢᠬᠤᠯᠠ ᠬᠤᠪᠢ ᠨᠠᠮᠡᠷᠢ ᠦᠵᠡᠬᠦᠯᠵᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠨᠡᠩ ᠦᠨᠳᠤᠷ ᠲᠦᠪᠰᠢᠨ ᠪᠦᠬᠦᠢ ᠠᠮᠤᠭᠤᠯᠠᠨᠭ᠌ᠳᠤ ᠲᠤᠮᠳᠠᠳᠤ ᠤᠯᠤᠰ᠎ᠢ ᠪᠦᠳᠦᠭᠡᠨ ᠪᠠᠢ᠍ᠢ᠍ᠭᠤᠯᠬᠤ ᠵᠢᠨ ᠠᠴᠢ ᠬᠤᠯᠪᠤᠬᠳᠠᠯ ᠴᠢᠬᠤᠯᠠ ᠶᠡᠭᠡ ᠶᠤᠮ᠂ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ᠎ᠬᠢᠨ ᠨᠠᠮ᠎ᠤᠨ ᠠᠷᠪᠡ ᠶᠢᠰᠤᠳᠤᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠤᠷᠢᠭ ᠰᠠᠨᠠᠭ᠎ᠡ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ᠂ ᠤᠯᠤᠰ᠎ᠤᠨ ᠶᠡᠷᠤᠨᠭ᠌ᠭᠡᠢ ᠠᠮᠤᠷ ᠲᠦᠪᠰᠢᠨ᠎ᠤ ᠦᠵᠡᠯᠳᠠ ᠵᠢ ᠨᠠᠢ᠍ᠢ᠍ᠳᠠᠪᠤᠷᠢᠵᠢᠭᠤᠯᠵᠤ᠂ ᠬᠠᠮᠳᠤ᠎ᠪᠠᠷ ᠪᠠᠢ᠍ᠢ᠍ᠭᠤᠯᠵᠤ ᠬᠠᠮᠳᠤ᠎ᠪᠠᠷ ᠵᠠᠰᠠᠵᠤ ᠬᠠᠮᠳᠤ᠎ᠪᠠᠷ ᠡᠳ᠋ᠯᠡᠬᠦ ᠴᠢᠭᠯᠡᠯ᠎ᠢ ᠪᠠᠷᠢᠮᠳᠠᠯᠠᠨ᠂ ᠤᠯᠤᠰ᠎ᠤᠨ ᠠᠮᠤᠷ ᠲᠦᠪᠰᠢᠨ᠂ ᠨᠡᠢ᠍ᠢ᠍ᠭᠡᠮ᠎ᠤᠨ ᠠᠮᠤᠷ ᠲᠤᠬᠳᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ᠎ᠢ ᠨᠦᠯᠦᠭᠡᠯᠡᠵᠤ ᠪᠠᠢ᠍ᠢ᠍ᠭ᠎ᠡ ᠲᠤᠪᠤᠢ᠍ᠢ᠍ᠮ᠎ᠡ ᠠᠰᠠᠭᠤᠳᠠᠯ᠎ᠳᠤ ᠠᠨᠭ᠌ᠬᠠᠷᠤᠯ ᠵᠶ᠋ᠠᠨ ᠲᠦᠪᠯᠡᠷᠡᠬᠦᠯᠵᠤ᠂ ᠬᠤᠳᠠ ᠵᠢᠨ ᠬᠡᠪᠴᠢᠶᠠᠨ᠎ᠤ ᠨᠡᠢ᠍ᠢ᠍ᠭᠡᠮ᠎ᠤᠨ ᠵᠠᠰᠠᠯᠳᠠ ᠵᠢᠨ ᠤᠳᠤᠬᠢᠴᠢᠯᠠᠯᠳᠠ ᠵᠢ ᠬᠦᠨᠵᠡᠭᠡᠢ ᠠᠬᠢᠭᠤᠯᠤᠨ᠂ ᠠᠮᠤᠷ ᠠᠮᠤᠭᠤᠯᠠᠩ᠎ᠢ ᠡᠬᠦᠳᠤᠨ ᠪᠠᠢ᠍ᠢ᠍ᠭᠤᠯᠬᠤ ᠠᠵᠢᠯᠯᠠᠭ᠎ᠡ ᠵᠢ ᠬᠦᠨᠵᠡᠭᠡᠢ᠍ᠢ᠍ᠷᠠᠬᠦᠯᠵᠤ᠂ ᠦᠨᠳᠤᠰᠤᠨ ᠱᠠᠳᠤᠨ᠎ᠤ ᠵᠤᠬᠢᠶᠠᠨ ᠪᠠᠢ᠍ᠢ᠍ᠭᠤᠯᠤᠯᠳᠠ᠂ ᠰᠠᠭᠤᠷᠢ ᠠᠵᠢᠯ᠂ ᠦᠨᠳᠤᠰᠤᠨ ᠴᠢᠳᠠᠪᠤᠷᠢ ᠵᠢᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠨ᠂ ᠠᠮᠤᠭᠤᠯᠠᠩᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ ᠵᠢᠨ ᠰᠢᠨᠵᠢᠯᠡᠬᠦ ᠤᠬᠠᠭ᠋ᠠᠨᠴᠢᠯᠠᠯᠳᠠ᠂ ᠨᠡᠢ᠍ᠢ᠍ᠭᠡᠮᠴᠢᠯᠠᠯᠳᠠ᠂ ᠬᠠᠤᠯᠢᠵᠢᠯᠳᠠ᠂ ᠤᠶᠤᠨᠴᠢᠯᠠᠯᠳᠠ ᠵᠢᠨ ᠲᠦᠪᠰᠢᠨ᠎ᠢ ᠪᠦᠬᠦ ᠲᠠᠯ᠎ᠡ᠎ᠪᠠᠷ ᠲᠡᠭᠡᠭᠰᠢᠯᠡᠬᠦᠯᠵᠤ᠂ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠢᠷᠭ᠋ᠠᠯᠳᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠠᠢ᠃ ᠡᠯ᠎ᠡ ᠱᠠᠳᠤᠨ᠎ᠤ ᠨᠠᠮ᠎ᠤᠨ ᠬᠤᠷᠢᠶ᠎ᠡ ᠪᠤᠯᠤᠨ ᠵᠠᠰᠠᠭ᠎ᠤᠨ ᠤᠷᠳᠤᠨ ᠠᠮᠤᠷ ᠠᠮᠤᠭᠤᠯᠠᠩ᠎ᠤᠨ ᠪᠠᠢ᠍ᠢ᠍ᠭᠤᠯᠤᠯᠳᠠ ᠵᠢ ᠵᠤᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠴᠢᠨᠭ᠌ᠭ᠋ᠠᠳᠬᠠᠨ᠂ ᠪᠠᠢ᠍ᠢ᠍ᠭᠤᠯᠤᠮᠵᠢ ᠵᠢᠨ ᠴᠢᠨᠠᠷᠳᠠᠢ᠂ ᠲᠤᠬᠳᠠᠴᠠ ᠵᠢᠨ ᠴᠢᠨᠠᠷᠳᠠᠢ᠂ ᠲᠦᠷᠦ ᠵᠢᠨ ᠪᠤᠳᠤᠯᠭ᠎ᠡ ᠵᠢᠨ ᠴᠢᠨᠠᠷᠳᠠᠢ ᠠᠰᠠᠭᠤᠳᠠᠯ᠎ᠢ ᠰᠤᠳᠤᠯᠤᠨ ᠰᠢᠢ᠍ᠳᠪᠤᠷᠢᠯᠡᠵᠤ᠂ ᠨᠢᠭᠡ ᠭᠠᠵᠠᠷ ᠤᠷᠤᠨ᠎ᠤ ᠬᠦᠭᠵᠢᠯᠳᠠ ᠵᠢ ᠠᠬᠢᠭᠤᠯᠵᠤ ᠨᠢᠭᠡ ᠭᠠᠵᠠᠷ ᠤᠷᠤᠨ᠎ᠤ ᠠᠮᠤᠷ ᠠᠮᠤᠭᠤᠯᠠᠩ᠎ᠢ ᠪᠠᠳᠤᠯᠠᠬᠤ ᠤᠯᠤᠰ ᠲᠦᠷᠦ ᠵᠢᠨ ᠬᠠᠷᠢᠭᠤᠴᠠᠯᠭ᠎ᠡ ᠵᠢ ᠦᠨᠡᠨ ᠬᠦ᠌ ᠡᠬᠦᠷᠭᠡᠯᠡᠬᠦ ᠭᠡᠷᠡᠭᠳᠠᠢ ᠭᠡᠵᠤ ᠴᠢᠬᠤᠯᠠᠴᠢᠯᠠᠪᠠ᠃
      ᠠᠮᠤᠭᠤᠯᠠᠨᠭ᠌ᠳᠤ ᠲᠤᠮᠳᠠᠳᠤ ᠤᠯᠤᠰ᠎ᠤᠨ ᠪᠦᠳᠦᠭᠡᠨ ᠪᠠᠢ᠍ᠢ᠍ᠭᠤᠯᠤᠯᠳᠠ ᠵᠢᠨ ᠠᠵᠢᠯ᠎ᠤᠨ ᠬᠤᠷᠠᠯ 10᠎ᠤ ᠡᠳᠦᠷ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠭᠡᠰᠢᠬᠦᠨ᠂ ᠲᠦᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠬᠤᠷᠢᠶᠠᠨ᠎ᠤ ᠱᠦᠵᠢ ᠬᠦᠸᠸ ᠱᠸᠩ ᠺᠦᠨ ᠬᠤᠷᠠᠯ ᠲᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠬᠰᠡᠨ ᠪᠦᠭᠡᠳ ᠶᠠᠷᠢᠶ᠎ᠡ ᠲᠠᠯᠪᠢᠪᠠ᠃ ᠲᠡᠷᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠡ᠎ᠪᠠᠷ ᠵᠢᠯᠤᠭᠤᠳᠤᠯᠭ᠎ᠡ ᠪᠤᠯᠭ᠋ᠠᠬᠤ ᠵᠢ ᠪᠠᠷᠢᠮᠳᠠᠯᠠᠨ᠂ 《ᠲᠦᠷᠪᠡᠨ ᠤᠬᠠᠮᠰᠠᠷ》 ᠵᠶ᠋ᠠᠨ ᠴᠢᠨᠭ᠌ᠭ᠋ᠠᠳᠬᠠᠨ

《ᠲᠦᠷᠪᠡᠨ ᠢᠳᠡᠭᠡᠯ》 ᠵᠶ᠋ᠠᠨ ᠪᠠᠳᠤᠳᠬᠠᠵᠤ 《ᠬᠤᠶᠠᠷ᠎ᠢ ᠬᠠᠮᠠᠭ᠋ᠠᠯᠠᠬᠤ》 ᠵᠢ ᠪᠠᠶᠠᠯᠡᠬᠦᠯᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠪᠠᠢ᠍ᠢ᠍ᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠬᠦ᠂ ᠤᠯᠤᠰ᠎ᠤᠨ ᠵᠠᠰᠠᠯᠳᠠ ᠵᠢᠨ ᠰᠢᠰᠲ᠋ᠧᠮ ᠪᠤᠯᠤᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠬᠤ ᠶᠡᠷᠤᠨᠭ᠌ᠭᠡᠢ ᠬᠠᠷᠠᠯᠳᠠ ᠵᠢᠨ ᠲᠤᠭᠤᠷᠢᠨ᠎ᠳᠤ ᠤᠯᠤᠰ᠎ᠤᠨ ᠶᠡᠷᠤᠨᠭ᠌ᠭᠡᠢ ᠠᠮᠤᠷ ᠲᠦᠪᠰᠢᠨ᠎ᠤ ᠦᠵᠡᠯᠳᠠ ᠵᠢ ᠨᠡᠢ᠍ᠢ᠍ᠳᠡᠪᠤᠷᠢᠵᠢᠭᠤᠯᠵᠤ᠂ ᠬᠠᠮᠳᠤ᠎ᠪᠠᠷ ᠪᠠᠢ᠍ᠢ᠍ᠭᠤᠯᠵᠤ ᠬᠠᠮᠳᠤ᠎ᠪᠠᠷ ᠵᠠᠰᠠᠵᠤ ᠬᠠᠮᠳᠤ᠎ᠪᠠᠷ ᠡᠳ᠋ᠯᠡᠬᠦ᠎ᠪᠠᠷ ᠤᠳᠤᠷᠢᠳᠤᠮᠵᠢ ᠪᠤᠯᠭ᠋ᠠᠨ᠂ ᠠᠮᠤᠷ ᠲᠦᠪᠰᠢᠨ ᠲᠤᠬᠳᠠᠭᠤᠨ᠎ᠢ ᠨᠦᠯᠦᠭᠡᠯᠡᠵᠤ ᠪᠠᠢ᠍ᠢ᠍ᠭ᠎ᠡ ᠲᠤᠪᠤᠢ᠍ᠢ᠍ᠮ᠎ᠡ ᠠᠶᠤᠯ ᠲᠦᠭᠰᠢᠬᠦᠷᠢ ᠵᠢ ᠰᠡᠷᠭᠡᠢ᠍ᠢ᠍ᠯᠡᠨ ᠠᠷᠢᠯᠭ᠋ᠠᠬᠤ᠎ᠪᠠᠷ ᠭᠤᠤᠯᠳᠠᠯᠭ᠎ᠡ ᠪᠤᠯᠭ᠋ᠠᠵᠤ᠂ ᠬᠤᠳᠠ ᠵᠢᠨ ᠬᠡᠪᠴᠢᠶᠠᠨ᠎ᠤ ᠨᠡᠢ᠍ᠢ᠍ᠭᠡᠮ᠎ᠤᠨ ᠵᠠᠰᠠᠯᠳᠠ ᠵᠢ ᠤᠳᠤᠬᠢᠴᠢᠯᠠᠬᠤ᠂ ᠦᠨᠳᠤᠰᠤᠨ ᠱᠠᠳᠤᠨ᠎ᠤ ᠨᠡᠢ᠍ᠢ᠍ᠭᠡᠮ᠎ᠤᠨ ᠵᠠᠰᠠᠯᠳᠠ ᠵᠢᠨ ᠰᠢᠨ᠎ᠡ ᠵᠢ ᠡᠬᠦᠳᠬᠦ᠂ ᠠᠮᠤᠷ ᠠᠮᠤᠭᠤᠯᠠᠩ᠎ᠢ ᠡᠬᠦᠳᠤᠨ ᠪᠠᠢ᠍ᠢ᠍ᠭᠤᠯᠬᠤ ᠠᠵᠢᠯᠯᠠᠭ᠎ᠡ᠎ᠪᠠᠷ ᠭᠠᠷᠳᠠᠴᠠ ᠪᠤᠯᠭ᠋ᠠᠨ᠂ ᠨᠡᠩ ᠦᠨᠳᠤᠷ ᠲᠦᠪᠰᠢᠨ ᠪᠦᠬᠦᠢ ᠠᠮᠤᠭᠤᠯᠠᠨᠭ᠌ᠳᠤ ᠲᠤᠮᠳᠠᠳᠤ ᠤᠯᠤᠰ᠎ᠢ ᠪᠦᠳᠦᠭᠡᠨ ᠪᠠᠢ᠍ᠢ᠍ᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
      ᠲᠦᠷᠦ ᠵᠢᠨ ᠶᠠᠪᠤᠳᠠᠯ᠎ᠤᠨ ᠭᠡᠰᠢᠬᠦᠨ᠂ ᠲᠤᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠢ᠍ᠢ᠍ᠳ ᠵᠤᠤ ᠺᠸ ᡁᠢ᠂ ᠠᠷᠠᠳ᠎ᠤᠨ ᠲᠡᠭᠡᠳᠤ ᠰᠢᠬᠦᠬᠦ ᠬᠤᠷᠢᠶᠠᠨ᠎ᠤ ᠲᠠᠷᠤᠭ᠎ᠡ ᠵᠸᠤ ᠴᠢᠶᠠᠩ᠂ ᠠᠷᠠᠳ᠎ᠤᠨ ᠲᠡᠭᠡᠳᠤ ᠪᠠᠢ᠍ᠢ᠍ᠴᠠᠭ᠋ᠠᠬᠤ ᠬᠤᠷᠢᠶᠠᠨ᠎ᠤ ᠪᠠᠢ᠍ᠢ᠍ᠴᠠᠭ᠋ᠠᠬᠤ ᠲᠠᠷᠤᠭ᠎ᠡ ᠵᠠᠩ ᠵᠢᠶᠦ᠋ᠨ ᠬᠤᠷᠠᠯ᠎ᠳᠤ ᠤᠷᠤᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠰᠢ ᠵᠢᠨ ᠫᠢᠩ ᠱᠠᠩᠬᠠᠢ ᠵᠢᠨ ᠬᠠᠮᠳᠤᠷᠠᠯᠴᠠᠭ᠋ᠠᠨ᠎ᠤ ᠵᠤᠬᠢᠶᠠᠨ ᠪᠠᠢ᠍ᠢ᠍ᠭᠤᠯᠤᠯᠳᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠬᠦᠨ ᠨᠠᠷ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠳᠤ ᠤᠷᠤᠯᠴᠠᠵᠦ ᠴᠢᠬᠤᠯᠠ ᠶᠠᠷᠢᠶ᠎ᠠ ᠲᠠᠯᠪᠢᠪᠠ
ᠰᠢ ᠵᠢᠨ ᠫᠢᠩ ᠵᠠᠬᠢᠳᠠᠯ ᠢᠯᠡᠭᠡᠵᠦ 《ᠲᠡᠮᠡᠴᠡᠭᠴᠢ》 ᠨᠡᠷᠡᠮᠵᠢᠲᠦ ᠪᠥᠬᠥ ᠲᠡᠯᠡᠶ ᠵᠢᠨ ᠭᠦᠨ᠎ᠤ ᠬᠥᠮᠦᠨ ᠰᠠᠭᠤᠯᠭ᠋ᠠᠭᠰᠠᠨ ᠱᠤᠩᠭᠤᠭᠤᠷ ᠲᠦᠮᠡᠨ ᠮᠧᠲᠷ᠎ᠤᠨ ᠭᠦᠨ ᠲᠡᠯᠡᠶ᠎ᠳᠤ ᠱᠤᠩᠭᠤᠬᠤ ᠲᠤᠷᠰᠢᠯᠲᠠ ᠵᠢ ᠠᠮᠵᠢᠯᠲᠠ᠎ᠲᠠᠢ ᠪᠡᠶᠡᠯᠡᠭᠦᠯᠵᠤ ᠢᠯᠠᠯᠲᠠ᠎ᠲᠠᠢ᠎ᠪᠠᠷ ᠪᠤᠴᠠᠵᠤ ᠢᠷᠡᠭᠰᠡᠨ᠎ᠳᠤ ᠪᠠᠶᠠᠷ ᠬᠦᠷᠭᠡᠪᠡ
ᠰᠢ ᠵᠢᠨ ᠫᠢᠩ᠄ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠦ ᠰᠢᠨ᠎ᠠ ᠵᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠨ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠬᠤ ᠵᠢ ᠠᠬᠢᠭᠤᠯᠬᠤ ᠬᠡᠷᠡᠭᠳᠡᠢ
ᠰᠢ ᠵᠢᠨ ᠫᠢᠩ ᠪᠦᠬᠦ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠤᠳᠠ (ᠰᠢᠶᠠᠨ)᠎ᠪᠠᠷ ᠨᠡᠷᠡᠶ᠋ᠢᠳᠬᠦ ᠵᠢᠴᠢ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠨᠢᠭᠡᠴᠢ ᠪᠤᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠤᠨ ᠲᠥᠯᠥᠭᠡᠯᠡᠭᠴᠢᠳ᠎ᠲᠠᠢ ᠠᠭᠤᠯᠵᠠᠪᠠ
 
            