ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠤᠯᠤᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠦᠪᠡᠳᠡᠭᠰᠢ ᠶᠡᠬᠡ᠎ᠪᠠᠷ ᠶᠠᠪᠤᠭᠳᠠᠪᠠ
ᠨᠡᠶ᠋ᠢᠲᠡᠯᠡᠭᠰᠡᠨ ᠴᠠᠭ᠄ 2020-11-26

      ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠠᠵᠢᠯᠴᠢᠨ ᠠᠩᠬᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠳᠤ ᠴᠢᠩᠭ᠎ᠠ ᠲᠦᠰᠢᠭᠯᠡᠬᠦ ᠬᠡᠷᠡᠭᠲᠡᠢ᠃ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠰᠢᠷᠭ᠋ᠠᠭᠤ ᠬᠠᠳᠠᠭᠤᠵᠢᠯᠳᠠᠢ᠎ᠪᠠᠷ ᠡᠭᠦᠳᠦᠨ ᠪᠦᠲᠦᠭᠡᠵᠦ᠂ ᠵᠣᠷᠢᠭᠲᠠᠶ᠎ᠪᠠᠷ ᠲᠡᠮᠡᠴᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠴᠠᠭ ᠦᠶ᠎ᠡ ᠵᠢᠨ ᠰᠢᠨ᠎ᠡ ᠬᠡᠷᠡᠯ ᠰᠠᠴᠤᠷᠠᠩᠭᠤᠶ ᠠᠮᠵᠢᠯᠳᠠ ᠵᠢ ᠡᠭᠦᠳᠴᠤ᠂ ᠲᠡᠤᠬᠡ ᠵᠢᠨ ᠰᠢᠨ᠎ᠡ ᠠᠤᠭ᠎ᠠ ᠦᠢ᠍ᠯᠡᠰ᠎ᠢ ᠴᠣᠭᠴᠠᠯᠠᠬᠤ᠎ᠪᠠᠷ ᠴᠢᠷᠮᠠᠢ᠍ᠢ᠍ᠬᠤ ᠬᠡᠷᠡᠭᠳᠡᠢ ᠬᠡᠵᠥ ᠴᠢᠬᠤᠯᠠᠴᠢᠯᠠᠪᠠ
      ᠯᠢ ᠺᠸ ᠴᠢᠶᠠᠩ ᠬᠤᠷᠠᠯ᠎ᠢ ᠡᠷᠬᠢᠯᠡᠵᠦ ᠯᠢ ᠵᠠᠨ ᠱᠤ᠌   ᠸᠠᠩ ᠶᠠᠩ   ᠵᠤᠤ ᠯᠸ ᠵᠢᠢ   ᠬᠠᠨ ᠵᠧᠩ ᠣᠷᠣᠯᠴᠠᠪᠡ   ᠸᠠᠩ ᠬᠤ᠌ ᠨᠢᠩ ᠬᠥᠬᠢᠭᠦᠯᠦᠨ ᠰᠠᠶ᠋ᠢᠰᠢᠶᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠪᠡ


      ᠰᠢᠨᠬᠤᠸᠠ ᠬᠣᠷᠢᠶᠠᠨ᠎ᠤ ᠪᠡᠭᠡᠵᠢᠩ᠎ᠤᠨ 11 ᠰᠠᠷ᠎ᠠ ᠵᠢᠨ 24᠎ᠤ ᠴᠠᠬᠢᠯᠭ᠋ᠠᠨ ᠮᠡᠳᠡᠭᠡ   ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ 24᠎ᠤ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠮᠤᠨ᠎ᠡ᠎ᠠᠴᠠ᠂ ᠬᠥᠬᠢᠭᠦᠯᠦᠭᠳᠡᠨ ᠰᠠᠢ᠍ᠢ᠍ᠰᠢᠶᠠᠬᠳᠠᠬᠰᠠᠨ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠳᠠᠨ᠎ᠳᠤ ᠬᠠᠯᠠᠭᠤᠨ ᠪᠠᠶᠠᠷ ᠬᠦᠷᠭᠡᠵᠤ᠂ ᠥᠭᠡᠷᠡᠴᠢᠯᠡᠯᠲᠡ ᠨᠡᠭᠡᠭᠡᠯᠳᠠ ᠪᠤᠯᠤᠨ ᠨᠡᠶ᠋ᠢᠭᠡᠮ ᠵᠢᠷᠤᠮᠳᠤ ᠣᠳᠣᠬᠢᠴᠢᠯᠠᠯᠳᠠ ᠵᠢᠨ ᠪᠦᠳᠦᠭᠡᠠ ᠪᠠᠶ᠋ᠢᠭᠤᠯᠤᠯᠲᠠ᠎ᠳᠤ ᠲᠤᠪᠦ᠋ᠢ᠍ᠮ᠎ᠠ ᠬᠤᠪᠢ ᠨᠡᠮᠡᠷᠢ ᠦᠵᠡᠭᠦᠯᠦᠭᠰᠡᠨ ᠮᠠᠨ᠎ᠤ ᠤᠯᠤᠰ᠎ᠤᠨ ᠠᠵᠢᠯᠴᠢᠨ ᠠᠡᠭᠬᠢ ᠪᠣᠯᠤᠨ ᠥᠷᠭᠡᠨ ᠤᠯᠡᠠ ᠬᠥᠳᠡᠯᠮᠦᠷᠢᠴᠢᠨ ᠲᠦᠮᠡᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃



      ᠰᠢ ᠵᠢᠨ ᠫᠢᠩ᠂ ᠢᠷᠠᠭᠤ ᠠᠯᠳᠠᠷ ᠪᠣᠯ ᠬᠥᠳᠡᠯᠮᠦᠷᠢᠴᠢᠳ᠎ᠤᠨ᠎ᠬᠢ᠂ ᠵᠣᠯ ᠵᠢᠷᠭ᠋ᠠᠯ ᠪᠣᠯ ᠬᠥᠳᠡᠯᠮᠦᠷᠢᠴᠢᠳ᠎ᠤᠨ᠎ᠬᠢ ᠶᠤᠮ᠃ ᠨᠡᠶ᠋ᠢᠭᠡᠮ ᠵᠢᠷᠤᠮ᠎ᠢ ᠲᠡᠮᠡᠴᠡᠵᠦ ᠪᠠᠶ᠋ᠢᠭ᠋ᠠᠳ ᠣᠯᠤᠭᠰᠠᠨ ᠶᠤᠮ᠂ ᠰᠢᠨ᠎ᠡ ᠴᠠᠭ ᠦᠶ᠎ᠡ ᠵᠢ ᠴᠤ᠌ ᠲᠡᠮᠡᠴᠡᠵᠦ ᠪᠠᠶ᠋ᠢᠭ᠋ᠠᠳ ᠣᠯᠤᠭᠰᠠᠨ ᠶᠤᠮ᠃ ᠬᠥᠳᠡᠯᠮᠦᠷᠢ ᠵᠢᠨ ᠵᠢᠱ᠌ᠢᠶᠡᠴᠢ ᠪᠣᠯ ᠦᠨᠳᠦᠰᠦᠲᠡᠨ᠎ᠤ ᠤᠬᠢ ᠰᠤᠳᠤ᠂ ᠠᠷᠠᠳ ᠲᠦᠮᠡᠨ᠎ᠤ ᠦᠯᠢᠭᠡᠷ ᠳᠠᠭᠤᠷᠢᠶᠠᠯ᠂ ᠪᠥᠬᠥᠳᠡ ᠨᠠᠶ᠋ᠢᠷᠠᠮᠳᠠᠬᠤ ᠤᠯᠤᠰ᠎ᠤᠨ ᠭᠠᠪᠢᠶᠠᠲᠠᠨ ᠮᠥᠨ᠃ ᠮᠠᠨ᠎ᠤ ᠤᠯᠤᠰ ᠪᠣᠯ ᠠᠷᠠᠳ ᠲᠦᠮᠡᠨ ᠡᠷᠬᠡ ᠮᠡᠳᠡᠵᠦ ᠡᠵᠡᠨ ᠰᠠᠭᠤᠭᠰᠠᠨ ᠨᠡᠶ᠋ᠢᠭᠡᠮ ᠵᠢᠷᠤᠮᠲᠤ ᠤᠯᠤᠰ ᠮᠥᠨ᠂ ᠨᠠᠮ ᠪᠠ ᠤᠯᠤᠰ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠵᠢᠯᠴᠢᠨ ᠠᠨᠭ᠌ᠭᠢ᠎ᠳᠤ ᠲᠦᠰᠢᠭᠯᠡᠬᠦ ᠴᠢᠭᠯᠡᠯᠲᠡ ᠵᠢ ᠢᠮᠠᠭᠲᠠ ᠪᠠᠷᠢᠮᠲᠠᠯᠠᠵᠤ᠂ ᠠᠵᠢᠯᠴᠢᠨ ᠠᠨᠭ᠌ᠭᠢ ᠪᠤᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠠᠬᠢ ᠴᠢᠬᠤᠯᠠ ᠪᠠᠶ᠋ᠢᠷᠢ ᠰᠠᠭᠤᠷᠢ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠥᠳᠡᠯᠮᠦᠷᠢ ᠵᠢᠨ ᠵᠢᠱ᠌ᠢᠶᠡᠴᠢ ᠪᠤᠯᠤᠨ ᠲᠡᠷᠢᠭᠦᠨ᠎ᠤ ᠠᠵᠢᠯᠲᠠᠨ᠎ᠤ ᠴᠢᠬᠤᠯᠠ   ᠦᠢ᠍ᠯᠡᠳᠦᠯ᠎ᠢ ᠪᠠᠳᠠᠷᠠᠭᠤᠯᠬᠤ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠪᠡ᠃ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠠᠵᠢᠯᠴᠢᠨ ᠠᠩᠬᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠳᠤ ᠴᠢᠩᠭ᠎ᠠ ᠲᠦᠰᠢᠭᠯᠡᠬᠦ ᠬᠡᠷᠡᠭᠲᠡᠢ᠃ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠰᠢᠷᠭ᠋ᠠᠭᠤ ᠬᠠᠳᠠᠭᠤᠵᠢᠯᠳᠠᠢ᠎ᠪᠠᠷ ᠡᠭᠦᠳᠦᠨ ᠪᠦᠲᠦᠭᠡᠵᠦ᠂ ᠵᠣᠷᠢᠭᠲᠠᠶ᠎ᠪᠠᠷ ᠲᠡᠮᠡᠴᠡᠵᠦ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠯᠠᠯ᠎ᠳᠤ ᠴᠠᠭ ᠦᠶ᠎ᠡ ᠵᠢᠨ ᠰᠢᠨ᠎ᠡ ᠬᠡᠷᠡᠯ ᠰᠠᠴᠤᠷᠠᠩᠭᠤᠶ ᠠᠮᠵᠢᠯᠳᠠ ᠵᠢ ᠡᠭᠦᠳᠴᠤ᠂ ᠲᠡᠤᠬᠡ ᠵᠢᠨ ᠰᠢᠨ᠎ᠡ ᠠᠤᠭ᠎ᠠ ᠦᠢ᠍ᠯᠡᠰ᠎ᠢ ᠴᠣᠭᠴᠠᠯᠠᠬᠤ᠎ᠪᠠᠷ ᠴᠢᠷᠮᠠᠢ᠍ᠢ᠍ᠬᠤ ᠬᠡᠷᠡᠭᠳᠡᠢ ᠬᠡᠵᠥ ᠴᠢᠬᠤᠯᠠᠴᠢᠯᠠᠪᠠ᠃
      ᠯᠢ ᠺᠸ ᠴᠢᠶᠠᠩ ᠶᠡᠬᠡ ᠬᠤᠷᠠᠯ᠎ᠢ ᠡᠷᠬᠢᠯᠡᠵᠦ᠂ ᠯᠢ ᠵᠠᠨ ᠱᠤ᠌᠂ ᠸᠠᠩ ᠶᠠᠩ᠂ ᠵᠤᠤ ᠯᠸ ᠵᠢᠢ᠂ ᠬᠠᠨ ᠵᠧᠩ ᠣᠷᠣᠯᠴᠠᠪᠠ᠂ ᠸᠠᠩ ᠬᠤ᠌ ᠨᠢᠩ ᠬᠥᠬᠢᠭᠦᠯᠦᠨ ᠰᠠᠶ᠋ᠢᠰᠢᠶᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠪᠡ᠃
      ᠦᠳᠡ ᠵᠢᠨ ᠡᠮᠦᠨᠡᠬᠢ 10 ᠴᠠᠭ᠎ᠲᠤ᠂ ᠶᠡᠬᠡ ᠬᠤᠷᠠᠯ ᠡᠬᠢᠯᠡᠵᠦ᠂ ᠪᠦᠭᠦᠳᠡᠭᠡᠷ ᠵᠶ᠋ᠠᠨ ᠪᠣᠰᠴᠤ ᠵᠣᠭᠰᠣᠨ᠂ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠪᠠ᠃
      ᠸᠠᠩ ᠬᠤ᠌ ᠨᠢᠩ 《ᠪᠥᠬᠥ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠤᠯᠤᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠶ᠋ᠢᠰᠢᠶᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠤᠩᠰᠢᠨ ᠨᠡᠶ᠋ᠢᠲᠡᠯᠡᠪᠡ᠃ ᠲᠣᠭᠲᠠᠭ᠋ᠠᠯ᠎ᠳᠤ᠂ 2015 ᠣᠨ᠎ᠠᠴᠠ ᠨᠠᠭ᠋ᠠᠰᠢ᠂ ᠡᠯ᠎ᠡ ᠠᠵᠢᠯ ᠲᠥᠷᠥᠯ᠎ᠤᠨ᠎ᠬᠢᠨ᠎ᠳᠤ ᠠᠵᠢᠯ ᠦᠢ᠍ᠯᠡᠰ ᠵᠶ᠋ᠠᠨ ᠳᠡᠭᠡᠳᠦᠯᠡᠵᠦ᠂ ᠵᠤᠷᠢᠭᠳᠠᠢ᠎ᠪᠠᠷ ᠰᠢᠨ᠎ᠡ ᠵᠢ ᠡᠭᠦᠳᠴᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠭᠣᠶᠠᠴᠢ ᠦᠭᠡᠶ᠎ᠪᠠᠷ ᠵᠢᠳᠬᠦᠳᠡᠭ ᠲᠡᠷᠢᠭᠦᠨ᠎ᠤ ᠵᠢᠱ᠌ᠢᠶᠡᠴᠢ ᠬᠥᠮᠦᠰ ᠠᠯᠢ ᠤᠯᠠᠨ ᠴᠣᠯᠭᠣᠷᠠᠨ ᠭᠠᠷᠴᠠᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 1689 ᠬᠥᠮᠦᠨ᠎ᠳᠤ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠵᠢᠨ ᠴᠣᠯᠠ ᠣᠯᠭᠣᠵᠤ᠂ 804 ᠬᠥᠮᠦᠨ᠎ᠳᠤ ᠪᠦᠬᠦ ᠤᠯᠤᠰ᠎ᠤᠨ ᠲᠡᠷᠢᠭᠦᠨ᠎ᠤ ᠠᠵᠢᠯᠳᠠᠨ᠎ᠤ ᠴᠣᠯᠠ ᠣᠯᠭᠣᠬᠤ᠎ᠪᠠᠷ ᠳᠤᠬᠳᠠᠵᠠᠢ ᠬᠡᠵᠥ ᠵᠢᠭ᠋ᠠᠵᠥ ᠭᠠᠷᠭ᠋ᠠᠪᠠ᠃
      ᠪᠠᠶᠠᠰᠬᠤᠯᠠᠩᠲᠤ ᠬᠥᠭᠵᠢᠮ᠎ᠤᠨ ᠳᠤᠮᠳᠠ᠂ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠳᠠᠨ᠎ᠤ ᠲᠥᠯᠥᠭᠡᠯᠡᠭᠴᠢ ᠳᠡᠰ ᠳᠠᠷᠠᠭ᠋ᠠᠯᠠᠨ ᠲᠡᠷᠢᠭᠦᠯᠡᠭᠴᠢ ᠵᠢᠨ ᠲᠠᠶ᠋ᠢᠰᠠᠨ᠎ᠳᠤ ᠭᠠᠷᠴᠤ᠂ ᠰᠢ ᠵᠢᠨ ᠫᠢᠩ ᠨᠡᠷ ᠲᠡᠳᠡᠨ᠎ᠳᠤ ᠢᠷᠠᠭᠤ ᠠᠯᠳᠠᠷ᠎ᠤᠨ ᠦᠨᠡᠮᠯᠡᠯ ᠣᠯᠭᠣᠪᠠ᠃



      ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠬᠦᠳᠡᠯᠬᠡᠬᠦᠷ᠎ᠤᠨ ᠪᠦᠯᠦᠭᠯᠡᠯ᠎ᠤᠨ ᠮᠦᠭᠳᠡᠨ᠎ᠳᠠᠬᠢ ᠯᠢ ᠮᠢᠩ ᠠᠭ᠋ᠠᠷ᠎ᠤᠨ ᠠᠶᠠᠯᠠᠯ᠎ᠤᠨ ᠬᠥᠳᠡᠯᠭᠡᠭᠦᠷ᠎ᠤᠨ ᠬᠢᠵᠠᠭ᠋ᠠᠷᠲᠤ ᠺᠣᠮᠫᠠᠨᠢ ᠵᠢᠨ ᠳᠡᠭᠡᠳᠦ ᠮᠡᠷᠭᠡᠵᠢᠯᠳᠡᠨ ᠬᠣᠩ ᠵᠢᠶᠠ ᠭᠤᠸᠠᠩ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠲᠠᠨ᠎ᠢ ᠲᠥᠯᠥᠭᠡᠯᠡᠨ ᠰᠠᠨᠠᠭ᠋ᠠᠴᠢᠯᠠᠭ᠎ᠠ ᠵᠢᠨ ᠪᠢᠴᠢᠭ ᠤᠩᠰᠢᠵᠤ᠂ ᠠᠵᠢᠯᠴᠢᠨ ᠠᠩᠬᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠳᠤ᠂ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠵᠤ ᠶᠠᠪᠤᠬᠤ ᠬᠣᠰᠢᠭᠤᠴᠢ ᠴᠡᠷᠢᠭ᠂ ᠰᠢᠨ᠎ᠡ ᠭᠠᠪᠢᠶ᠎ᠠ ᠪᠠᠶ᠋ᠢᠭᠤᠯᠵᠥ ᠠᠤᠭ᠎ᠠ ᠦᠢ᠍ᠯᠡᠰ ᠪᠦᠲᠦᠭᠡᠬᠦ ᠭᠣᠣᠯ ᠬᠦᠴᠦᠨ᠂ ᠭᠠᠷᠮᠠᠭ᠋ᠠᠢ ᠳᠡᠭᠡᠳᠦ ᠡᠷᠳᠡᠮ ᠴᠢᠳᠠᠪᠤᠷᠢ᠎ᠲᠠᠢ ᠲᠡᠮᠡᠴᠡᠭᠴᠢ᠂ ᠪᠦᠯᠬᠦᠮᠳᠡᠯ᠎ᠢ ᠡᠷᠬᠢᠮᠯᠡᠵᠦ ᠡᠶ᠎ᠡ ᠵᠣᠬᠢᠴᠠᠯ᠎ᠢ ᠠᠬᠢᠭᠤᠯᠬᠤ ᠲᠠᠭ᠋ᠠᠭᠤᠯᠤᠬ᠍ᠴᠢ ᠪᠣᠯᠬᠤ᠎ᠪᠠᠷ ᠴᠢᠷᠮᠠᠢ᠍ᠢ᠍ᠶ᠎ᠠ ᠭᠡᠬᠦ ᠰᠠᠨᠠᠭ᠋ᠠᠴᠢᠯᠠᠭ᠎ᠠ

ᠭᠠᠷᠭ᠋ᠠᠪᠠ᠃
      ᠲᠠᠯᠠᠪᠠᠢ ᠳᠠᠶᠠᠭ᠋ᠠᠷ᠎ᠤᠨ ᠨᠢᠵᠢᠬᠢᠨᠡᠭᠰᠡᠨ ᠠᠯᠠᠭ᠎ᠠ ᠲᠠᠰᠢᠯᠳᠠ ᠵᠢᠨ ᠳᠤᠮᠳᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠷᠲᠤ ᠬᠤᠭᠤᠴᠠᠭ᠋ᠠᠨ᠎ᠤ ᠲᠤᠷᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠡᠬᠡ ᠤᠯᠤᠰ᠎ᠲᠠᠢ᠎ᠪᠠᠨ ᠬᠠᠮᠲᠤ᠎ᠪᠠᠷ ᠦᠰᠦᠨ ᠪᠣᠶ᠋ᠢᠵᠢᠵᠤ᠂ ᠴᠠᠭ ᠦᠶ᠎ᠡ᠎ᠲᠠᠢ ᠵᠡᠷᠭᠡ᠎ᠪᠠᠷ ᠡᠷᠡᠮᠡᠬᠡᠢ᠍ᠢ᠍ᠯᠡᠨ ᠤᠷᠤᠭᠰᠢᠯᠠᠵᠤ᠂ 《ᠮᠠᠨ᠎ᠤ ᠠᠵᠢᠯᠴᠢᠨ ᠬᠦᠴᠦᠨ᠎ᠲᠠᠢ》 ᠭᠡᠬᠦ ᠭᠣᠤᠯ ᠬᠥᠭ ᠠᠶᠠᠰ᠎ᠢ ᠴᠤᠤᠷᠢᠶᠠᠳᠤᠭᠤᠯᠵᠤ᠂ ᠡᠯ᠎ᠡ ᠹᠷᠣᠨᠲ ᠵᠶ᠋ᠠᠷ ᠪᠠᠭ᠋ᠠᠳᠤᠷᠴᠤᠳ ᠤᠳᠠᠭ᠎ᠠ ᠳᠠᠷᠠᠭ᠋ᠠᠯᠠᠨ ᠴᠣᠯᠭᠣᠷᠠᠨ ᠭᠠᠷᠴᠤ᠂ ᠤᠯᠠᠨ ᠰᠤᠳᠤᠨ ᠬᠦᠮᠦᠰ ᠢᠯᠡᠷᠡᠵᠠᠢ᠃ ᠤᠨᠴᠠᠭ᠋ᠠᠢ᠍ᠢ᠍ᠯᠠᠨ ᠰᠢᠨ᠎ᠡ ᠴᠠᠭ ᠦᠶ᠎ᠠ᠎ᠳᠤ ᠣᠷᠣᠭᠰᠠᠨ᠎ᠠᠴᠠ ᠨᠠᠭ᠋ᠠᠰᠢ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠳᠤᠮᠳᠠᠳᠤ ᠵᠢᠨ ᠵᠡᠭᠦᠳᠦ ᠵᠢ ᠪᠡᠶᠡᠯᠡᠭᠦᠯᠬᠦ ᠠᠭᠤᠤ ᠶᠡᠬᠡ ᠠᠬᠢᠴᠠ ᠳᠤᠮᠳᠠ ᠡᠷᠡᠯᠬᠡᠭᠯᠡᠨ ᠲᠡᠮᠡᠴᠡᠵᠦ᠂ ᠲᠡᠷᠢᠭᠦᠨ᠎ᠤ᠎ᠬᠢ ᠪᠤᠯᠬᠤ᠎ᠪᠠᠷ ᠬᠦᠴᠦᠯᠡᠨ ᠴᠢᠷᠮᠠᠢ᠍ᠢ᠍ᠵᠤ᠂ ᠵᠤᠷᠢᠭᠳᠠᠢ᠎ᠪᠠᠷ ᠦᠨᠳᠦᠷ ᠣᠷᠭᠢᠯ᠎ᠳᠤ ᠠᠪᠠᠷᠢᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠣᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠳᠤ ᠳᠠᠶ᠋ᠢᠯᠠᠯᠳᠤᠭ᠋ᠠᠨ ᠬᠢᠬᠦ᠎ᠳᠤ ᠭᠣᠤᠯ ᠬᠦᠴᠦᠨ ᠴᠡᠷᠢᠭ᠎ᠤᠨ ᠦᠢ᠍ᠯᠡᠳᠦᠯ ᠪᠠᠳᠠᠷᠠᠭᠤᠯᠵᠤ᠂ ᠣᠶᠤᠨ ᠤᠬᠠᠭ᠋ᠠᠨ ᠪᠣᠯᠤᠨ ᠬᠦᠴᠦ ᠬᠥᠯᠥᠰᠥ᠎ᠪᠠᠷ ᠵᠶ᠋ᠠᠨ ᠬᠥᠳᠡᠯᠮᠦᠷᠢ ᠥᠩᠭᠡ ᠭᠡᠷᠡᠯᠲᠡᠢ᠂ ᠮᠡᠳᠡᠯᠭᠡ ᠡᠷᠬᠢᠮ ᠳᠡᠭᠡᠳᠤ᠂ ᠴᠢᠳᠠᠪᠤᠷᠢᠲᠠᠨ ᠬᠤᠪᠤᠷ ᠨᠠᠨᠳᠢᠨ᠂ ᠡᠭᠦᠳᠦᠨ ᠪᠦᠲᠦᠭᠡᠬᠦ ᠠᠭᠤᠤ ᠶᠡᠬᠡ ᠪᠠᠢ᠍ᠢ᠍ᠳᠠᠭ ᠨᠡᠶ᠋ᠢᠭᠡᠮ᠎ᠤᠨ ᠬᠡᠪ ᠰᠤᠷᠲᠠᠯ᠎ᠢ ᠪᠤᠢ ᠪᠣᠯᠭ᠋ᠠᠵᠤ᠂ 《ᠳᠤᠮᠳᠠᠳᠤ ᠵᠢᠨ ᠵᠡᠭᠦᠳᠦ · ᠬᠥᠳᠡᠯᠮᠦᠷᠢ ᠰᠠᠶ᠋ᠢᠬᠠᠨ》᠎ᠤ ᠰᠢᠨ᠎ᠡ ᠬᠠᠭᠤᠳᠠᠰᠤ ᠵᠢ ᠪᠢᠴᠢᠭᠯᠡᠵᠡᠢ ᠬᠡᠵᠥ ᠵᠢᠭ᠋ᠠᠵᠥ ᠭᠠᠷᠭ᠋ᠠᠪᠠ᠃



      ᠰᠢ ᠵᠢᠨ ᠫᠢᠩ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠬᠤ ᠬᠡᠷᠡᠭᠲᠡᠢ᠃ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠪᠣᠯ ᠤᠯᠤᠰ ᠵᠶ᠋ᠠᠨ ᠬᠠᠢ᠍ᠢ᠍ᠷᠠᠯᠠᠬᠤ ᠦᠵᠡᠯ ᠵᠶ᠋ᠠᠷ ᠭᠣᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠣᠣᠯ ᠪᠣᠯᠭ᠋ᠠᠭᠰᠠᠨ ᠴᠠᠭ ᠦᠶ᠎ᠡ ᠵᠢᠨ ᠵᠣᠷᠢᠭ ᠰᠠᠨᠠᠭ᠋ᠠᠨ᠎ᠤ ᠠᠮᠢᠳᠤᠯᠢᠭ ᠢᠯᠡᠷᠡᠯ ᠮᠥᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠣᠷᠢᠭᠵᠢᠭᠤᠯᠤᠨ ᠰᠠᠯᠬᠢ ᠪᠤᠷᠤᠭ᠋ᠠᠨ᠎ᠤ ᠳᠤᠮᠳᠠᠭᠤᠷ ᠡᠷᠡᠯᠬᠡᠭᠯᠡᠨ ᠤᠷᠤᠭᠰᠢᠯᠠᠭᠤᠯᠬᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠮᠥᠨ᠃ ᠬᠥᠳᠡᠯᠮᠦᠷᠢ ᠪᠣᠯ ᠠᠯᠢᠪᠠ ᠵᠣᠯ ᠵᠢᠷᠭ᠋ᠠᠯ᠎ᠤᠨ ᠡᠬᠢ ᠪᠤᠯᠠᠭ ᠮᠥᠨ᠃ ᠰᠢᠨ᠎ᠡ ᠪᠠᠶ᠋ᠢᠳᠠᠯ ᠳᠣᠤᠷ᠎ᠠ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠦᠷᠭᠦᠯᠵᠢᠯᠡᠨ ᠲᠡᠷᠢᠭᠦᠨ᠎ᠤ᠎ᠬᠢ᠎ᠠᠴᠠ ᠰᠤᠷᠤᠯᠴᠠᠵᠤ ᠲᠡᠷᠢᠭᠦᠨ᠎ᠤ᠎ᠬᠢ ᠪᠤᠯᠬᠤ᠎ᠪᠠᠷ ᠬᠦᠭᠡᠭᠡᠴᠡᠯᠳᠦᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠲᠠᠨ᠎ᠤ ᠡᠷᠬᠢᠮ ᠳᠡᠭᠡᠳᠤ ᠵᠣᠷᠢᠭ ᠰᠠᠨᠠᠭ᠎ᠠ ᠪᠣᠯᠤᠨ ᠡᠷᠬᠢᠮ ᠳᠡᠭᠡᠳᠤ ᠵᠠᠩ ᠰᠤᠷᠲᠠᠯ ᠵᠶ᠋ᠠᠷ ᠥᠪᠡᠷ᠎ᠢ᠎ᠪᠠᠨ ᠱᠠᠭ᠋ᠠᠷᠳᠠᠨ᠂ ᠰᠢᠷᠭ᠋ᠠᠭᠤ ᠬᠦᠳᠡᠯᠮᠦᠷᠢᠯᠡᠬᠦ᠂ ᠰᠢᠳᠤᠷᠭᠤ᠎ᠪᠠᠷ ᠬᠥᠳᠡᠯᠮᠦᠷᠢᠯᠡᠬᠦ᠂ ᠪᠦᠲᠦᠭᠡᠯᠴᠢ᠎ᠪᠠᠷ ᠬᠥᠳᠡᠯᠮᠦᠷᠢᠯᠡᠬᠦ ᠵᠢ ᠤᠬᠠᠮᠰᠠᠷᠳᠤ ᠠᠵᠢᠯᠯᠠᠭ᠎ᠠ ᠪᠣᠯᠭ᠋ᠠᠬᠤ ᠬᠡᠷᠡᠭᠳᠠᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠬᠥᠳᠡᠯᠮᠦᠷᠢ ᠵᠢᠨ ᠵᠢᠱ᠌ᠢᠶᠡᠴᠢ ᠵᠢ ᠬᠦᠨᠳᠦᠳᠬᠡᠵᠦ᠂ ᠬᠥᠳᠡᠯᠮᠦᠷᠢ ᠵᠢᠨ ᠵᠢᠱ᠌ᠢᠶᠡᠴᠢ ᠵᠢ ᠬᠠᠶ᠋ᠢᠷᠠᠯᠠᠨ ᠬᠠᠯᠠᠮᠵᠢᠯᠠᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠤᠨ᠂ ᠨᠡᠩ ᠤᠯᠠᠨ ᠬᠥᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠳᠠᠨ ᠴᠣᠯᠭᠣᠷᠠᠨ ᠭᠠᠷᠬᠤ ᠵᠢ ᠠᠬᠢᠭᠤᠯᠬᠤ ᠬᠡᠷᠡᠭᠳᠠᠢ᠃ ᠪᠦᠬᠦ ᠨᠡᠶ᠋ᠢᠭᠡᠮ ᠵᠶ᠋ᠠᠷ ᠵᠶ᠋ᠠᠨ ᠬᠥᠳᠡᠯᠮᠦᠷᠢ ᠵᠢ ᠡᠷᠬᠢᠮᠯᠡᠨ᠂ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠵᠤ᠂ ᠬᠦᠳᠡᠯᠮᠦᠷᠢ ᠬᠠᠮᠤᠭ ᠥᠩᠭᠡ ᠬᠡᠷᠡᠯᠳᠠᠢ᠂ ᠬᠥᠳᠡᠯᠮᠦᠷᠢ ᠬᠠᠮᠤᠭ ᠡᠷᠬᠢᠮ ᠳᠡᠭᠡᠳᠦ᠂ ᠬᠥᠳᠡᠯᠮᠦᠷᠢ ᠬᠠᠮᠤᠭ ᠠᠭᠤᠤ ᠶᠡᠬᠡ᠂ ᠬᠥᠳᠡᠯᠮᠦᠷᠢ ᠬᠠᠮᠤᠭ ᠰᠠᠶ᠋ᠢᠬᠠᠨ ᠪᠠᠢ᠍ᠢ᠍ᠬᠤ ᠨᠡᠶ᠋ᠢᠭᠡᠮ᠎ᠤᠨ ᠬᠡᠪ ᠰᠤᠷᠲᠠᠯ᠎ᠢ ᠪᠠᠳᠠᠷᠠᠭᠤᠯᠬᠤ ᠬᠡᠷᠡᠭᠲᠡᠶ᠃ ᠬᠥᠳᠡᠯᠮᠦᠷᠢ᠎ᠪᠠᠷ ᠵᠣᠯ ᠵᠢᠷᠭ᠋ᠠᠯ᠎ᠢ ᠡᠭᠦᠳᠬᠦ᠎ᠪᠠᠷ ᠭᠣᠤᠯ ᠰᠡᠳᠦᠪ ᠪᠣᠯᠭ᠋ᠠᠭᠰᠠᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠬᠥᠳᠡᠯᠮᠦᠷᠢ ᠵᠢᠨ ᠬᠥᠮᠦᠵᠢᠯ᠎ᠢ ᠴᠢᠳᠠᠪᠤᠷᠢᠲᠠᠨ ᠬᠥᠮᠦᠵᠢᠭᠦᠯᠬᠦ ᠪᠦᠬᠦ ᠶᠠᠪᠤᠴᠠ᠎ᠳᠤ ᠣᠷᠣᠭᠤᠯᠵᠤ᠂ ᠦᠶ᠎ᠡ ᠦᠶ᠎ᠡ ᠵᠢᠨ ᠬᠥᠳᠡᠯᠮᠦᠷᠢ᠎ᠳᠤ ᠬᠠᠢ᠍ᠢ᠍ᠷᠠᠳᠠᠢ᠂ ᠬᠥᠳᠡᠯᠮᠦᠷᠢᠯᠡᠬᠦ ᠳᠤᠷᠠᠳᠠᠢ᠂ ᠬᠦᠳᠡᠯᠮᠦᠷᠢᠯᠡᠬᠦ᠎ᠳᠤ ᠴᠢᠳᠠᠮᠠᠭ᠋ᠠᠢ ᠥᠨᠳᠥᠷ ᠬᠡᠪ ᠪᠤᠯᠪᠠᠰᠤᠷᠠᠯ᠎ᠲᠠᠢ ᠬᠥᠳᠡᠯᠮᠦᠷᠢᠴᠢᠨ᠎ᠢ ᠬᠥᠮᠦᠵᠢᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃



      ᠰᠢ ᠵᠢᠨ ᠫᠢᠩ᠂ ᠠᠵᠢᠯᠴᠢᠨ ᠠᠩᠭᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠭᠣᠣᠯ ᠬᠦᠴᠦᠨ ᠴᠡᠷᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠠᠵᠢᠯᠴᠢᠨ ᠠᠨᠭ᠌ᠭᠢ ᠪᠣᠯ ᠮᠠᠨ᠎ᠤ ᠤᠯᠤᠰ᠎ᠤᠨ ᠤᠳᠤᠷᠢᠳᠬᠤ ᠠᠨᠭ᠌ᠭᠢ ᠮᠥᠨ᠂ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠪᠠ ᠦᠢ᠍ᠯᠡᠳᠪᠦᠷᠢᠯᠡᠯ᠎ᠤᠨ ᠬᠠᠷᠢᠴᠠᠭ᠋ᠠᠨ᠎ᠤ ᠲᠥᠯᠥᠭᠡᠯᠡᠭᠴᠢ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠭᠣᠤᠯ ᠬᠦᠴᠦᠨ ᠴᠡᠷᠢᠭ ᠮᠥᠨ᠃ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ᠂ ᠡᠷᠡᠰ ᠭᠤᠶ᠋ᠢᠪᠢᠰᠢ ᠦᠭᠡᠢ᠎ᠪᠠᠷ ᠨᠠᠮ ᠵᠶ᠋ᠠᠨ ᠳᠠᠭ᠋ᠠᠵᠤ᠂ ᠰᠠᠢ᠍ᠢ᠍ᠨ ᠡᠵᠡᠨ ᠬᠦᠮᠦᠨ ᠪᠤᠯᠵᠤ᠂ ᠰᠢᠨ᠎ᠡ ᠴᠠᠭ ᠦᠶ᠎ᠠ᠎ᠳᠤ ᠭᠠᠪᠢᠶ᠎ᠠ ᠪᠠᠶ᠋ᠢᠭᠤᠯᠬᠤ ᠬᠡᠷᠡᠭᠳᠠᠢ᠃ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠰᠠᠭᠤᠷᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢ᠍ᠯ᠎ᠤᠨ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠎ᠳᠤ ᠰᠠᠭᠤᠷᠢᠯᠠᠵᠤ᠂ ᠬᠥᠳᠡᠯᠮᠦᠷᠢ ᠪᠣᠯᠤᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠢ ᠥᠷᠭᠡᠨ ᠳᠡᠯᠭᠡᠷ ᠭᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠤ᠂ ᠤᠯᠠᠨ ᠲᠦᠮᠡᠨᠴᠢ ᠴᠢᠨᠠᠷᠲᠠᠶ ᠰᠢᠨ᠎ᠡ ᠵᠢ ᠡᠭᠦᠳᠬᠦ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠬᠡᠷᠡᠭᠳᠠᠢ᠃ ᠲᠡᠦᠬᠡ ᠵᠢᠨ ᠡᠭᠦᠷᠭᠡᠲᠦ ᠪᠤᠳᠤᠯ ᠪᠠ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠤ᠂ ᠤᠯᠤᠰ ᠰᠠᠢ᠍ᠢ᠍ᠨ᠂ ᠦᠨᠳᠦᠰᠦᠲᠡᠨ ᠰᠠᠢ᠍ᠢ᠍ᠨ ᠪᠠᠶ᠋ᠢᠪᠠᠯ ᠤᠯᠠᠨ ᠵᠶ᠋ᠠᠷ ᠵᠶ᠋ᠠᠨ ᠰᠠᠶᠢ ᠰᠠᠢ᠍ᠢ᠍ᠨ ᠪᠠᠶ᠋ᠢᠵᠤ ᠴᠢᠳᠠᠬᠤ ᠵᠢ ᠭᠦᠨᠵᠡᠭᠡᠶ ᠲᠠᠨᠢᠵᠤ᠂ ᠤᠬᠠᠮᠰᠠᠷ᠎ᠠᠴᠠ᠎ᠪᠠᠨ ᠶᠡᠬᠡ ᠲᠠᠯ᠎ᠠ ᠵᠢ ᠬᠠᠮᠠᠭ᠋ᠠᠯᠠᠵᠤ᠂ ᠶᠡᠬᠡ ᠲᠠᠯ᠎ᠠ᠎ᠳᠤ ᠦᠢ᠍ᠯᠡᠴᠢᠯᠡᠬᠦ ᠬᠡᠷᠡᠭᠳᠠᠢ᠃ ᠠᠵᠢᠯᠴᠢᠨ ᠠᠡᠭᠬᠢ ᠵᠢᠨ ᠪᠦᠯᠬᠦᠮᠳᠡᠯ᠎ᠢ ᠴᠢᠩᠭ᠋ᠠᠳᠬᠠᠵᠤ᠂ ᠠᠵᠢᠯᠴᠢᠨ ᠠᠡᠭᠬᠢ ᠪᠤᠯᠤᠨ ᠪᠤᠰᠤᠳ ᠬᠥᠳᠡᠯᠮᠦᠷᠢᠴᠢᠨ ᠲᠦᠮᠡᠨ᠎ᠯᠦᠭᠡ ᠵᠢᠨ ᠪᠦᠯᠬᠦᠮᠳᠡᠯ᠎ᠢ ᠴᠢᠩᠭ᠋ᠠᠳᠬᠠᠨ᠂ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ᠎ᠢ ᠢᠯᠠᠨ ᠳᠠᠪᠠᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠢᠮᠠᠭᠲᠠ ᠨᠠᠮ᠎ᠤᠨ ᠲᠦᠷᠦ ᠪᠠᠷᠢᠬᠤ ᠵᠢᠨ ᠪᠠᠲᠤ ᠴᠢᠩᠭ᠎ᠠ ᠲᠦᠰᠢᠭ ᠪᠣᠯᠬᠤ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠥᠨᠳᠥᠷ ᠬᠡᠪ ᠪᠣᠯᠪᠠᠰᠤᠷᠠᠯ᠎ᠲᠠᠢ ᠬᠥᠳᠡᠯᠮᠦᠷᠢᠴᠢᠳ᠎ᠤᠨ ᠶᠡᠬᠡ ᠴᠡᠷᠢᠭ᠎ᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃ ᠬᠥᠳᠡᠯᠮᠦᠷᠢᠴᠢᠳ᠎ᠤᠨ ᠬᠡᠪ ᠪᠤᠯᠪᠠᠰᠤᠷᠠᠯ᠎ᠨᠢ ᠨᠢᠭᠡ ᠤᠯᠤᠰ᠂ ᠨᠢᠭᠡ ᠦᠨᠳᠦᠰᠦᠲᠡᠨ᠎ᠤ ᠬᠥᠭᠵᠢᠯᠲᠡ᠎ᠳᠤ ᠲᠤᠶ᠋ᠢᠯ᠎ᠤᠨ ᠴᠢᠬᠤᠯᠠ ᠶᠤᠮ᠃ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠨᠠᠰᠤᠨ ᠲᠤᠷᠰᠢᠳᠠ ᠰᠤᠷᠤᠯᠴᠠᠬᠤ ᠣᠶ᠋ᠢᠯᠠᠭ᠋ᠠᠭᠳᠠᠬᠤᠨ᠎ᠢ ᠪᠣᠶ ᠪᠣᠯᠭ᠋ᠠᠵᠤ᠂ ᠰᠤᠷᠤᠯᠴᠠᠬᠤ᠎ᠳᠠᠭᠠᠨ ᠴᠢᠳᠠᠮᠠᠭ᠋ᠠᠢ᠂ ᠰᠡᠳᠬᠢᠨ ᠪᠤᠳᠤᠬᠤ ᠳᠤᠷᠠᠳᠠᠢ ᠳᠠᠳᠬᠠᠯ᠎ᠢ ᠪᠤᠢ ᠪᠣᠯᠭ᠋ᠠᠵᠤ᠂ ᠰᠤᠷᠤᠯᠴᠠᠯᠭ᠎ᠠ᠎ᠪᠠᠷ ᠶᠤᠰᠤ ᠮᠤᠷᠠᠯ᠎ᠢ ᠬᠦᠮᠦᠵᠢᠭᠦᠯᠬᠦ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠭᠰᠠᠨ ᠵᠶ᠋ᠠᠨ ᠪᠤᠳᠠᠳᠠᠢ᠎ᠳᠤ ᠬᠡᠷᠡᠭᠯᠡᠬᠦ ᠵᠢ ᠪᠡᠶᠡᠯᠡᠭᠦᠯᠬᠦ ᠬᠡᠷᠡᠭᠳᠠᠢ᠃ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠬᠡᠷᠡᠭᠴᠡᠭᠡ᠎ᠳᠤ ᠵᠣᠬᠢᠴᠠᠵᠤ᠂ ᠰᠢᠷᠭ᠋ᠠᠭᠤ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠨ ᠭᠦᠨᠵᠡᠭᠡᠶ ᠰᠤᠳᠤᠯᠵᠤ᠂ ᠮᠡᠷᠭᠡᠵᠢᠯ ᠤᠷ᠎ᠠ ᠴᠢᠳᠠᠪᠤᠷᠢ ᠵᠢᠨ ᠬᠢᠷᠢ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠮᠡᠷᠭᠡᠵᠢᠯ᠎ᠤᠨ ᠠᠵᠢᠯᠴᠢᠨ᠎ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠬᠢᠨᠠᠨ ᠰᠢᠯᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠨᠡᠩ ᠤᠯᠠᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠠ ᠶᠡᠬᠡ ᠤᠯᠤᠰ᠎ᠤᠨ ᠤᠷᠠᠨ ᠳᠠᠷᠬᠠᠨ᠎ᠢ ᠬᠥᠮᠦᠵᠢᠭᠦᠯᠬᠦ ᠬᠡᠷᠡᠭᠲᠡᠶ᠃ ᠰᠢᠨ᠎ᠡ ᠵᠢ ᠡᠭᠦᠳᠬᠦ ᠤᠬᠠᠮᠰᠠᠷ ᠵᠶ᠋ᠠᠨ ᠴᠢᠩᠭ᠋ᠠᠳᠬᠠᠵᠤ᠂ ᠰᠢᠨ᠎ᠡ ᠵᠢ ᠡᠭᠦᠳᠬᠦ ᠰᠡᠳᠬᠢᠬᠦᠢ ᠵᠢ ᠬᠥᠮᠦᠵᠢᠭᠦᠯᠵᠦ᠂ ᠰᠢᠨ᠎ᠡ ᠵᠢ ᠡᠭᠦᠳᠬᠦ ᠡᠷᠴᠢ ᠵᠣᠷᠢᠭ᠂ ᠪᠤᠰᠤᠳ᠎ᠠᠴᠠ ᠲᠦᠷᠦᠭᠦᠯᠡᠬᠦ ᠣᠮᠣᠭ ᠵᠣᠷᠢᠭ᠂ ᠥᠭᠡᠳᠡᠯᠡᠨ ᠳᠠᠪᠰᠢᠬᠤ ᠴᠤᠭ ᠰᠦᠯᠳᠡ ᠵᠢ ᠢᠯᠡᠷᠡᠭᠦᠯᠬᠦ ᠬᠡᠷᠡᠭᠲᠡᠢ᠃ ᠠᠵᠤ ᠦᠢ᠍ᠯᠡᠰ᠎ᠤᠨ ᠠᠵᠢᠯᠴᠢᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠠᠬᠢᠭᠤᠯᠵᠤ᠂ ᠬᠦᠰᠡᠯᠡᠩ᠎ᠲᠠᠢ ᠢᠲᠡᠭᠡᠯ ᠪᠢᠰᠢᠷᠡᠯ᠎ᠲᠠᠢ᠂ ᠮᠡᠷᠭᠡᠵᠢᠯ᠎ᠲᠠᠢ ᠰᠢᠨ᠎ᠡ ᠵᠢ ᠡᠭᠦᠳᠴᠦ ᠴᠢᠳᠠᠬᠤ᠂ ᠵᠣᠷᠢᠭᠲᠠᠢ᠎ᠪᠠᠷ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠵᠢ ᠡᠷᠬᠢᠮᠯᠡᠳᠡᠭ ᠰᠦᠷ ᠳᠠᠯᠠᠢ᠍ᠢ᠍ᠴᠠᠳᠠᠢ ᠠᠵᠤ ᠦᠢ᠍ᠯᠡᠰ᠎ᠤᠨ ᠠᠵᠢᠯᠴᠢᠨ᠎ᠤ ᠡᠩᠨᠡᠭᠡ ᠵᠢ ᠪᠠᠢ᠍ᠢ᠍ᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃



      ᠰᠢ ᠵᠢᠨ ᠫᠢᠩ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠬᠦ ᠬᠡᠷᠡᠭᠲᠡᠢ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠵᠤ᠂ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠦ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠠᠵᠢᠯ᠎ᠢ ᠨᠠᠩ ᠲᠣᠪᠣᠢ᠍ᠢ᠍ᠮ᠎ᠠ ᠪᠠᠶ᠋ᠢᠷᠢᠨ᠎ᠳᠤ ᠲᠠᠯᠪᠢᠵᠤ᠂ ᠬᠥᠳᠡᠯᠮᠦᠷᠢᠴᠢᠳ᠎ᠤᠨ ᠣᠷᠣᠯᠭ᠎ᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠣᠯᠠᠨ ᠳᠡᠰ ᠳᠠᠪᠬᠤᠷᠭ᠎ᠠ ᠪᠦ᠍ᠬᠦᠢ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠠᠶ᠋ᠢᠭᠤᠯᠵᠤ᠂ ᠬᠥᠳᠡᠯᠮᠦᠷᠢ ᠵᠢᠨ ᠠᠮᠤᠷ ᠲᠦᠪᠰᠢᠨ ᠡᠷᠡᠭᠦᠯ ᠬᠠᠮᠠᠭ᠋ᠠᠯᠠᠯ᠎ᠤᠨ ᠨᠥᠬᠥᠴᠡᠯ᠎ᠢ ᠰᠠᠶ᠋ᠢᠵᠢᠷᠠᠭᠤᠯᠤᠨ᠂ ᠥᠷᠭᠡᠨ ᠣᠯᠠᠨ ᠬᠥᠳᠡᠯᠮᠦᠷᠢᠴᠢᠳ᠎ᠢ ᠥᠭᠡᠷᠡᠴᠢᠯᠡᠯᠲᠡ ᠬᠥᠭᠵᠢᠯᠲᠡ ᠵᠢᠨ ᠦᠷ᠎ᠠ ᠪᠦᠲᠦᠭᠡᠯ᠎ᠢ ᠬᠠᠮᠲᠤ᠎ᠪᠠᠷ ᠪᠠᠶ᠋ᠢᠭᠤᠯᠵᠦ ᠬᠠᠮᠲᠤ᠎ᠪᠠᠷ ᠡᠳ᠋ᠯᠡᠭᠦ ᠪᠤᠯᠭ᠋ᠠᠨ᠂ ᠨᠠᠩ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠬᠠᠮᠲᠤ᠎ᠪᠠᠷ ᠪᠠᠶᠠᠵᠢᠬᠤ ᠵᠢ ᠲᠠᠰᠤᠷᠠᠯᠲᠠ ᠥᠬᠡᠶ ᠠᠬᠢᠭᠤᠯᠬᠤ ᠭᠡᠷᠡᠭᠲᠡᠢ᠃ ᠬᠦᠴᠢᠷᠳᠡᠯᠲᠡᠶ ᠣᠯᠠᠨ ᠲᠦᠮᠡᠨ᠎ᠢ ᠬᠠᠪᠰᠤᠷᠤᠨ ᠲᠡᠳᠬᠦᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠨᠠᠮ ᠪᠣᠯᠤᠨ ᠵᠠᠰᠠᠭ᠎ᠤᠨ ᠣᠷᠳᠣᠨ᠎ᠤ ᠬᠠᠶ᠋ᠢᠷ᠎ᠠ ᠬᠠᠯᠠᠮᠵᠢ ᠵᠢ ᠬᠦᠴᠢᠷᠳᠡᠯᠲᠡᠶ ᠣᠯᠠᠨ ᠲᠦᠮᠡᠨ᠎ᠤ ᠰᠡᠳᠬᠢᠯ᠎ᠳᠤ ᠬᠦᠷᠭᠡᠵᠦ᠂ ᠲᠡᠳᠡᠨ᠎ᠳᠤ ᠨᠡᠶ᠋ᠢᠭᠡᠮ ᠵᠢᠷᠦᠮ᠎ᠤᠨ ᠶᠡᠬᠡ ᠭᠡᠷ ᠪᠦᠯᠢ ᠵᠢᠨ ᠬᠠᠯᠠᠭᠤᠨ ᠳᠤᠯᠠᠭ᠋ᠠᠨ᠎ᠢ ᠮᠡᠳᠡᠷᠡᠭᠦᠯᠬᠦ ᠬᠡᠷᠡᠭᠲᠡᠢ᠃ ᠨᠠᠮ ᠵᠠᠰᠠᠭ ᠵᠶ᠋ᠠᠷ ᠭᠤᠤᠯᠯᠠᠭᠰᠠᠨ ᠡᠷᠬᠡ ᠠᠰᠢᠭ ᠵᠶ᠋ᠠᠨ ᠬᠠᠮᠠᠭ᠋ᠠᠯᠠᠬᠤ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠬᠥᠳᠡᠯᠮᠦᠷᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠡᠭᠦᠯᠳᠡᠷᠵᠢᠭᠦᠯᠤᠨ᠂ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠎ᠳᠤ ᠬᠠᠤᠯᠢ ᠴᠠᠭ᠋ᠠᠵᠠ ᠪᠣᠯᠤᠨ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠵᠢᠭ᠋ᠠᠵᠦ ᠭᠠᠷᠭ᠋ᠠᠪᠠ᠃
      ᠡᠨᠡ ᠵᠢᠯ ᠴᠢᠪ ᠬᠡᠮᠡᠨ ᠳᠤᠮᠳᠠᠳᠤ ᠵᠢᠨ ᠪᠦᠬᠦ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ ᠪᠠᠶ᠋ᠢᠭᠤᠯᠤᠭᠳᠠᠭᠰᠠᠨ 95 ᠵᠢᠯ᠎ᠤᠨ ᠣᠢ ᠳᠤᠬᠢᠶᠠᠵᠥ ᠪᠠᠢ᠍ᠢ᠍ᠨ᠎ᠠ᠂ ᠰᠢ ᠵᠢᠨ ᠫᠢᠩ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ ᠪᠠ ᠠᠵᠢᠯᠴᠢᠨ᠎ᠤ ᠡᠪᠯᠡᠯ᠎ᠤᠨ ᠠᠵᠢᠯ᠎ᠳᠤ ᠲᠣᠪᠣᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠠᠬᠠᠮᠠᠳ ᠨᠢᠭᠡ ᠦᠶ᠎ᠡ ᠵᠢᠨ ᠠᠵᠢᠯᠴᠢᠨ᠎ᠤ ᠡᠪᠯᠡᠯ᠎ᠤᠨ ᠠᠵᠢᠯᠲᠠᠳ᠂ ᠪᠦᠬᠦ ᠤᠯᠤᠰ᠎ᠤᠨ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠪᠠ ᠠᠵᠢᠯᠴᠢᠨ᠎ᠤ ᠡᠪᠯᠡᠯ᠎ᠤᠨ ᠥᠷᠭᠡᠨ ᠣᠯᠠᠨ ᠺᠠᠳ᠋ᠷ᠂ ᠥᠷᠭᠡᠨ ᠣᠯᠠᠨ ᠠᠵᠢᠯᠲᠠᠨ ᠠᠵᠢᠯᠴᠢᠨ ᠪᠠ ᠠᠵᠢᠯᠴᠢᠨ᠎ᠤ ᠡᠪᠯᠡᠯ᠎ᠤᠨ ᠢᠳᠡᠪᠬᠢᠲᠡᠳ᠎ᠢ ᠴᠢᠩ ᠰᠡᠳᠬᠢᠯ᠎ᠠᠴᠠ᠎ᠪᠠᠨ ᠲᠣᠬᠣᠨᠢᠭᠤᠯᠵᠤ ᠪᠠᠢ᠍ᠢ᠍ᠬᠤ᠎ᠪᠠᠨ ᠢᠯᠡᠳᠭᠡᠪᠡ᠃ ᠰᠢ ᠵᠢᠨ ᠫᠢᠩ᠂ ᠠᠵᠢᠯᠴᠢᠨ᠎ᠤ ᠡᠪᠯᠡᠯ᠎ᠤᠨ᠎ᠬᠢᠨ 95 ᠵᠢᠯ᠎ᠤᠨ ᠲᠤᠷᠰᠢᠬᠢ ᠠᠮᠵᠢᠯᠲᠠ ᠪᠣᠯᠤᠨ ᠲᠤᠷᠰᠢᠯᠭ᠎ᠠ᠎ᠪᠠᠨ ᠳ᠋ᠦᠩᠨᠡᠵᠦ᠂ ᠠᠵᠢᠯᠴᠢᠨ᠎ᠤ ᠡᠪᠯᠡᠯ᠎ᠤᠨ ᠠᠵᠢᠯ᠎ᠤᠨ ᠴᠢᠳᠠᠪᠤᠷᠢ ᠪᠣᠯᠤᠨ ᠲᠦᠪᠰᠢᠨ ᠵᠶ᠋ᠠᠨ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠨᠠᠮ᠎ᠤᠨ ᠲᠥᠷᠥ ᠪᠠᠷᠢᠬᠤ ᠠᠩᠭᠢ ᠵᠢᠨ ᠰᠠᠭᠤᠷᠢ ᠪᠠ ᠣᠯᠠᠨ ᠲᠦᠮᠡᠨ᠎ᠤ ᠰᠠᠭᠤᠷᠢ ᠵᠢ ᠪᠡᠬᠢᠵᠢᠭᠦᠯᠬᠦ ᠦᠨᠲᠦᠷᠴᠡ᠎ᠠᠴᠠ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠵᠢᠯᠴᠢᠨ ᠠᠨᠭ᠌ᠭᠢ᠎ᠳᠤ ᠲᠦᠰᠢᠭᠯᠡᠬᠦ ᠴᠢᠭᠯᠡᠯᠲᠡ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠦ᠂ ᠠᠵᠢᠯᠴᠢᠨ᠎ᠤ ᠡᠪᠯᠡᠯ᠎ᠤᠨ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠨ ᠰᠠᠶ᠋ᠢᠵᠢᠷᠠᠭᠤᠯᠵᠤ᠂ ᠠᠵᠢᠯᠴᠢᠨ᠎ᠤ ᠡᠪᠯᠡᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠦᠢ᠍ᠯᠡᠳᠦᠯ ᠵᠶ᠋ᠠᠨ ᠪᠠᠳᠠᠷᠠᠭᠤᠯᠬᠤ᠎ᠳᠤ ᠲᠠᠰᠤᠷᠠᠯᠳᠠ ᠦᠭᠡᠢ ᠠᠰᠢᠭᠲᠠᠶ ᠨᠥᠬᠥᠴᠡᠯ ᠡᠭᠦᠳᠴᠤ ᠥᠭᠭᠦ ᠭᠡᠷᠡᠭᠲᠡᠢ ᠭᠡᠵᠦ ᠵᠢᠭ᠋ᠠᠵᠦ ᠭᠠᠷᠭ᠋ᠠᠵᠠᠢ᠃
      ᠯᠢ ᠺᠸ ᠴᠢᠶᠠᠩ ᠶᠡᠬᠡ ᠬᠤᠷᠠᠯ᠎ᠢ ᠡᠷᠬᠢᠯᠡᠬᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠦᠢ᠍ᠯᠡᠰ᠎ᠲᠠᠬᠢ ᠴᠢᠬᠤᠯᠠ ᠪᠠᠶ᠋ᠢᠷᠢ ᠰᠠᠭᠤᠷᠢ ᠪᠣᠯᠤᠨ ᠦᠢ᠍ᠯᠡᠳᠦᠯ᠎ᠢ ᠳᠡᠭᠡᠳᠦ ᠬᠡᠮᠵᠢᠶ᠎ᠠ᠎ᠪᠠᠷ ᠦᠨᠡᠯᠡᠵᠦ᠂ ᠪᠦᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠣᠯᠤᠨ ᠲᠡᠷᠢᠭᠦᠨ᠎ᠤ ᠠᠵᠢᠯᠳᠠᠨ᠎ᠤ ᠭᠠᠷᠮᠠᠭ᠋ᠠᠶ ᠬᠤᠪᠢ ᠨᠡᠮᠡᠷᠢ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ ᠵᠢ ᠭᠦᠢ᠍ᠴᠡᠳ ᠨᠤᠲᠠᠯᠠᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠲᠡᠮᠡᠴᠡᠯ ᠳᠤᠮᠳᠠ ᠠᠶᠤᠯ ᠲᠦᠭᠰᠢᠭᠦᠷᠢ᠎ᠠᠴᠠ ᠰᠦᠷᠳᠡᠯ ᠦᠭᠡᠢ ᠡᠷᠡᠯᠬᠡᠭ ᠵᠶ᠋ᠠᠷ ᠲᠡᠮᠡᠴᠡᠭᠰᠡᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠠᠯᠠᠭᠤᠨ ᠵᠶ᠋ᠠᠷ ᠮᠠᠭᠲᠠᠨ ᠰᠠᠶ᠋ᠢᠰᠢᠶᠠᠵᠦ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠤ ᠭᠣᠣᠯ ᠬᠦᠴᠦᠨ ᠴᠡᠷᠢᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠨᠳᠥᠷ ᠬᠡᠪ ᠪᠤᠯᠪᠠᠰᠤᠷᠠᠯ᠎ᠲᠠᠢ ᠬᠥᠳᠡᠯᠮᠦᠷᠢᠴᠢᠳ᠎ᠤᠨ ᠶᠡᠬᠡ ᠴᠡᠷᠢᠭ᠎ᠢ ᠪᠠᠶ᠋ᠢᠭᠤᠯᠵᠤ᠂ ᠬᠥᠳᠡᠯᠮᠦᠷᠢᠴᠢᠳ᠎ᠤᠨ ᠬᠠᠤᠯᠢ ᠶᠤᠰᠣᠨ᠎ᠤ ᠡᠷᠬᠡ ᠠᠰᠢᠭ᠎ᠢ ᠦᠨᠡᠨ ᠬᠦ᠌ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠴᠠᠢ᠃ ᠶᠠᠷᠢᠶ᠎ᠠ᠎ᠨᠢ ᠮᠠᠰᠢ ᠴᠢᠩᠭ᠎ᠠ ᠦᠵᠡᠯ ᠰᠠᠨᠠᠭ᠋ᠠᠴᠢ ᠴᠢᠨᠠᠷ᠂ ᠵᠢᠯᠣᠭᠣᠳᠬᠤ ᠴᠢᠨᠠᠷ᠂ ᠬᠠᠨᠳᠤᠯᠭ᠋ᠠᠲᠤ ᠴᠢᠨᠠᠷ᠎ᠲᠠᠢ᠃ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠨᠡᠶ᠋ᠢᠭᠡᠮ ᠵᠢᠷᠦᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠯᠠᠯ᠎ᠢ ᠡᠬᠢᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠳ᠋ᠢᠩ ᠰᠢᠤᠸᠠᠢ ᠰᠢᠶᠠᠩ᠂ ᠵᠠᠩ ᠶᠢᠦ ᠰᠢᠶᠠ᠂ ᠴᠧᠨ ᠰᠢ᠂ ᠬᠤ᠌ ᠴᠦᠨ ᠬᠤᠸᠠ᠂ ᠬᠤᠸᠠᠩ ᠺᠦᠨ ᠮᠢᠩ᠂ ᠶᠢᠦ ᠴᠢᠤᠸᠠᠨ᠂ ᠵᠠᠩ ᠴᠦᠨ ᠰᠢᠶᠠᠨ᠂ ᠸᠠᠩ ᠳ᠋ᠦᠩ ᠮᠢᠩ᠂ ᠰᠢᠶᠤᠤ ᠵᠢᠶᠸ᠂ ᠵᠠᠩ ᠴᠢᠩ ᠯᠢ ᠶᠡᠬᠡ ᠬᠤᠷᠠᠯ᠎ᠳᠤ ᠣᠷᠣᠯᠴᠠᠪᠠ᠃
      ᠲᠥᠪ᠎ᠤᠨ ᠨᠠᠮ ᠵᠠᠰᠠᠭ ᠴᠡᠷᠢᠭ ᠣᠯᠠᠨ ᠲᠦᠮᠡᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠪᠡᠭᠡᠵᠢᠩ ᠬᠣᠲᠠ ᠵᠢᠨ ᠬᠠᠷᠢᠭᠤᠴᠠᠯᠭ᠋ᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ᠂ ᠪᠥᠬᠥ ᠤᠯᠤᠰ᠎ᠤᠨ  ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠬᠠᠷᠢᠭᠤᠴᠠᠯᠭ᠋ᠠᠲᠠᠨ ᠪᠠ ᠨᠠᠮ ᠪᠦᠯᠦᠭ᠎ᠤᠨ ᠪᠤᠰᠤ ᠬᠥᠮᠦᠰ᠎ᠤᠨ ᠲᠥᠯᠥᠭᠡᠯᠡᠭᠴᠢ᠂ 2020 ᠣᠨ᠎ᠤ ᠪᠥᠬᠥ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠳᠠᠨ ᠶᠡᠬᠡ ᠬᠤᠷᠠᠯ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠢᠲᠡᠭᠡᠯ ᠠᠯᠳᠠᠭᠰᠠᠳ᠎ᠢ ᠬᠢᠵᠠᠭ᠋ᠠᠷᠯᠠᠬᠤ ᠲᠦᠷᠢᠮ᠎ᠢ ᠲᠡᠭᠦᠯᠳᠡᠷᠵᠢᠭᠦᠯᠬᠦ ᠪᠠ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠡᠷᠭᠡ ᠵᠢ ᠲᠣᠭᠲᠠᠭ᠋ᠠᠪᠠ
《ᠦᠨᠡᠨ》 ᠰᠡᠳᠬᠦᠯ ᠶᠡᠷᠤᠨᠭ᠌ᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠠᠢ᠍ᠢ᠍ᠳᠡᠯᠡᠪᠡ 《ᠴᠠᠭ ᠦᠶ᠎ᠡ ᠵᠢᠨ ᠬᠠᠷᠢᠭᠤᠴᠠᠯᠭ᠎ᠡ ᠵᠢ ᠬᠠᠮᠳᠤ᠎ᠪᠠᠷ ᠡᠬᠦᠷᠭᠡᠯᠡᠵᠤ ᠪᠦᠬᠦ ᠪᠦᠮᠪᠦᠷᠴᠡᠭ᠎ᠤᠨ ᠬᠦᠭᠵᠢᠯᠳᠠ ᠵᠢ ᠬᠠᠮᠳᠤ᠎ᠪᠠᠷ ᠠᠬᠢᠭᠤᠯᠤᠶ᠎ᠡ》
ᠰᠢ ᠵᠢᠨ ᠫᠢᠩ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠢ ᠰᠠᠢ᠌ᠲᠤᠷ ᠬᠢᠬᠦ ᠲᠣᠬᠠᠢ ᠴᠢᠬᠤᠯᠠ ᠵᠢᠭ᠋ᠠᠪᠤᠷᠢ ᠥᠭᠪᠡ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠍ᠢ᠍ᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠬᠤᠷᠠᠯ᠎ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠡᠬᠡ ᠬᠦᠤ ᠮᠥᠩᠭᠥ ᠵᠢ᠎ᠨᠢ ᠪᠤᠴᠠᠭ᠋ᠠᠬᠤ ᠵᠢ ᠬᠣᠢ᠌ᠰᠢᠯᠠᠭᠤᠯᠬᠤ ᠲᠥᠷᠥ ᠵᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ᠎ᠪᠠᠷ ᠳᠡᠮᠵᠢᠬᠦ ᠲᠥᠯᠥᠪᠯᠡᠭᠡ ᠵᠢ ᠦᠷᠭᠦᠯᠵᠢᠯᠡᠭᠦᠯᠬᠦ ᠵᠡᠷᠭᠡ ᠵᠢ ᠲᠣᠭᠲᠠᠭ᠋ᠠᠪᠠ
 
            