ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠢᠲᠡᠭᠡᠯ ᠠᠯᠳᠠᠭᠰᠠᠳ᠎ᠢ ᠬᠢᠵᠠᠭ᠋ᠠᠷᠯᠠᠬᠤ ᠲᠦᠷᠢᠮ᠎ᠢ ᠲᠡᠭᠦᠯᠳᠡᠷᠵᠢᠭᠦᠯᠬᠦ ᠪᠠ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢ ᠬᠥᠭᠵᠢᠭᠦᠯᠬᠦ᠎ᠳᠤ ᠲᠤᠯᠭ᠋ᠠᠭᠤᠷᠢᠯᠠᠯ ᠣᠯᠭᠣᠪᠠ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ
(ᠵᠠᠰᠠᠪᠤᠷᠢ ᠣᠷᠣᠭᠤᠯᠬᠤ ᠲᠥᠰᠦᠯ)》 ᠵᠢ ᠪᠠᠲᠤᠯᠠᠪᠠ
11 ᠳ᠋ᠦ᠍ᠭᠡᠷ ᠰᠠᠷ᠎ᠠ ᠵᠢᠨ 25᠎ᠤ ᠡᠳᠦᠷ᠎ᠲᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠢᠲᠡᠭᠡᠯ ᠠᠯᠳᠠᠭᠰᠠᠳ᠎ᠢ ᠬᠢᠵᠠᠭ᠋ᠠᠷᠯᠠᠬᠤ ᠲᠦᠷᠢᠮ᠎ᠢ ᠲᠡᠭᠦᠯᠳᠡᠷᠵᠢᠭᠦᠯᠬᠦ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢ ᠬᠥᠭᠵᠢᠭᠦᠯᠬᠦ᠎ᠳᠤ ᠲᠦᠰᠢᠭ ᠲᠤᠯᠭ᠋ᠠᠭᠤᠷᠢ ᠣᠯᠭᠣᠪᠠ; 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ (ᠵᠠᠰᠠᠪᠤᠷᠢ ᠣᠷᠣᠭᠤᠯᠬᠤ ᠲᠥᠰᠦᠯ)》 ᠵᠢ ᠪᠠᠲᠤᠯᠠᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠂ ᠡᠨᠡ ᠪᠣᠯ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢ ᠬᠥᠭᠵᠢᠭᠦᠯᠬᠦ ᠵᠢᠨ ᠴᠢᠬᠤᠯᠠ ᠰᠠᠭᠤᠷᠢ ᠮᠥᠨ᠃ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠡᠷᠬᠡ ᠲᠡᠭᠰᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠪᠠ ᠨᠡᠶ᠋ᠢᠭᠡᠮ᠎ᠤᠨ ᠣᠷᠴᠢᠨ ᠲᠣᠭᠣᠷᠢᠨ᠎ᠢ ᠪᠤᠢ ᠪᠣᠯᠭ᠋ᠠᠬᠤ ᠵᠢᠨ ᠲᠥᠯᠥᠭᠡ᠂ ᠬᠤᠷᠠᠯ᠎ᠠᠴᠠ ᠲᠣᠭᠲᠠᠭ᠋ᠠᠭᠰᠠᠨ᠎ᠨᠢ᠂ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠬᠦ᠂ ᠡᠷᠬᠡ ᠠᠰᠢᠭ᠎ᠢ ᠬᠠᠮᠠᠭ᠋ᠠᠯᠠᠬᠤ᠂ ᠬᠢᠨᠠᠭᠤᠷ ᠪᠣᠯᠭᠣᠮᠵᠢᠲᠠᠶ ᠲᠣᠬᠢᠷᠠᠮᠵᠢᠲᠠᠶ ᠪᠠᠢ᠌ᠬᠤ᠂ ᠨᠠᠷᠢᠨ ᠬᠠᠭᠤᠳᠠᠰᠤ᠎ᠪᠠᠷ ᠬᠠᠮᠢᠶᠠᠷᠬᠤ ᠵᠢ ᠪᠠᠷᠢᠮᠲᠠᠯᠠᠵᠤ᠂ ᠢᠲᠡᠭᠡᠯ ᠠᠯᠳᠠᠭᠰᠠᠳ᠎ᠢ ᠬᠢᠵᠠᠭ᠋ᠠᠷᠯᠠᠬᠤ ᠲᠦᠷᠢᠮ᠎ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠪᠥᠭᠡᠳ ᠡᠷᠡᠭᠦᠯ ᠵᠶ᠋ᠠᠷ ᠲᠦᠯᠬᠢᠨ ᠠᠬᠢᠭᠤᠯᠬᠤ ᠬᠡᠷᠡᠭᠲᠡᠢ᠃ ᠨᠢᠭᠡ᠎ᠳᠤ ᠢᠲᠡᠭᠡᠮᠵᠢ ᠵᠢᠨ ᠮᠡᠳᠡᠭᠡ ᠵᠠᠩᠭᠢ ᠵᠢ ᠣᠷᠣᠭᠤᠯᠬᠤ ᠬᠡᠪᠴᠢᠶ᠎ᠡ ᠪᠠ ᠳᠡᠰ ᠳᠠᠷᠠᠭ᠋ᠠᠯᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠬᠤ ᠬᠡᠷᠡᠭᠲᠡᠢ᠃ ᠣᠨᠴᠠᠭ᠋ᠠᠢ ᠦᠢ᠍ᠯᠡ ᠠᠵᠢᠯᠯᠠᠭ᠎ᠠ ᠵᠢ ᠣᠯᠠᠨ ᠨᠡᠢ᠍ᠢ᠍ᠲᠡ ᠵᠢᠨ ᠢᠲᠡᠭᠡᠮᠵᠢ ᠵᠢᠨ ᠮᠡᠳᠡᠭᠡ ᠵᠠᠩᠭᠢ᠎ᠳᠤ ᠣᠷᠣᠭᠤᠯᠬᠤ᠎ᠳᠤ ᠡᠷᠬᠡᠪᠰᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠡᠷᠭᠡ᠎ᠪᠠᠷ ᠦᠨᠳᠦᠰᠦ ᠪᠠᠷᠢᠮᠲᠠ ᠪᠣᠯᠭ᠋ᠠᠬᠤ ᠬᠡᠷᠡᠭᠲᠡᠶ ᠪᠥᠭᠡᠳ ᠭᠠᠷᠴᠠᠭ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠨᠡᠶ᠋ᠢᠭᠡᠮ ᠨᠡᠢ᠌ᠲᠡ᠎ᠳᠤ ᠢᠯᠡ ᠪᠣᠯᠭ᠋ᠠᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ᠎ᠳᠤ ᠡᠷᠬᠡᠪᠰᠢ ᠬᠠᠤᠯᠢ ᠴᠠᠭ᠋ᠠᠵᠠ ᠵᠢᠨ ᠬᠦᠴᠦᠨ᠎ᠲᠠᠢ ᠪᠢᠴᠢᠭ ᠬᠠᠷ᠎ᠠ᠎ᠪᠠᠷ ᠦᠨᠳᠦᠰᠦᠯᠡᠯ ᠪᠣᠯᠭ᠋ᠠᠬᠤ ᠬᠡᠷᠡᠭᠲᠡᠶ᠃ ᠬᠣᠶᠠᠷ᠎ᠲᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠪᠠ ᠢᠯᠡ ᠪᠣᠯᠭ᠋ᠠᠬᠤ ᠬᠦᠷᠢᠶ᠎ᠡ ᠬᠡᠪᠴᠢᠶ᠎ᠡ ᠪᠠ ᠳᠡᠰ ᠳᠠᠷᠠᠭ᠋ᠠᠯᠠᠯ᠎ᠢ ᠵᠢᠷᠤᠮᠵᠢᠭᠤᠯᠬᠤ ᠬᠡᠷᠡᠭᠲᠡᠢ᠃ ᠢᠲᠡᠭᠡᠮᠵᠢ ᠵᠢᠨ ᠮᠡᠳᠡᠭᠡ ᠵᠠᠩᠭᠢ ᠵᠢ ᠶᠠᠮᠠᠷ ᠬᠡᠪᠴᠢᠶᠡᠨ᠎ᠳᠤ ᠬᠠᠮᠲᠤ᠎ᠪᠠᠷ ᠬᠦᠷᠲᠡᠬᠦ ᠪᠠ ᠢᠯᠡ ᠪᠣᠯᠭ᠋ᠠᠬᠤ ᠡᠰᠡᠬᠦ᠎ᠳᠤ ᠬᠠᠤᠯᠢ᠎ᠳᠤ ᠨᠡᠶ᠋ᠢᠴᠡᠬᠦ᠂ ᠴᠢᠬᠤᠯᠠ ᠪᠦᠬᠦᠢ ᠵᠠᠷᠴᠢᠮ᠎ᠢ ᠪᠠᠷᠢᠮᠲᠠᠯᠠᠬᠤ ᠵᠢᠨ ᠬᠠᠮᠲᠤ ᠢᠲᠡᠭᠡᠮᠵᠢ ᠵᠢᠨ ᠮᠡᠳᠡᠭᠡ ᠵᠠᠩᠭᠢ ᠵᠢᠨ ᠭᠠᠷᠴᠠᠭ᠎ᠢ ᠨᠠᠶ᠋ᠢᠷᠠᠭᠤᠯᠤᠨ ᠵᠣᠬᠢᠶᠠᠬᠤ᠎ᠳᠤ᠎ᠪᠠᠨ ᠬᠠᠮᠲᠤᠳᠤᠨᠢ ᠲᠣᠳᠣᠷᠬᠠᠶ᠋ᠢᠯᠠᠬᠤ ᠬᠡᠷᠡᠭᠲᠡᠶ᠃ ᠭᠤᠷᠪᠠ᠎ᠳᠤ ᠬᠦᠨᠳᠦ ᠨᠣᠴᠢᠲᠠᠶ ᠢᠲᠡᠭᠡᠯ ᠠᠯᠳᠠᠭᠰᠠᠨ ᠭᠣᠣᠯ ᠴᠣᠭᠴᠠ ᠵᠢᠨ ᠨᠡᠷᠡᠰ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠵᠢᠷᠤᠮᠵᠢᠭᠤᠯᠵᠤ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠯᠠᠨ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠳᠤ ᠬᠦᠨᠳᠦ ᠨᠣᠴᠢᠲᠠᠶ ᠬᠣᠤᠷ ᠬᠥᠨᠥᠭᠡᠯ ᠤᠴᠠᠷᠠᠭᠤᠯᠤᠭᠰᠠᠨ᠂ ᠵᠠᠬ᠎ᠠ ᠳᠡᠯᠭᠡᠭᠦᠷ᠎ᠤᠨ ᠭᠣᠤᠯᠴᠢ ᠥᠷᠢᠰᠥᠯᠳᠦᠭᠡᠨ᠎ᠤ ᠡᠮᠬᠢ ᠵᠢᠷᠤᠮ ᠪᠠ ᠨᠡᠶ᠋ᠢᠭᠡᠮ᠎ᠤᠨ ᠬᠡᠪ᠎ᠤᠨ ᠡᠮᠬᠢ ᠵᠢᠷᠤᠮ᠎ᠢ ᠬᠦᠨᠳᠦ ᠨᠣᠴᠢᠲᠠᠶ ᠡᠪᠳᠡᠭᠰᠡᠨ ᠵᠡᠷᠭᠡ ᠲᠠᠯ᠎ᠠ ᠵᠢᠨ ᠬᠠᠷᠢᠭᠤᠴᠠᠯᠭ᠎ᠠ ᠵᠢᠨ ᠭᠣᠤᠯ ᠴᠣᠭᠴᠠ ᠵᠢ ᠴᠢᠩᠭ᠎ᠠ ᠬᠢᠵᠠᠭ᠋ᠠᠷᠯᠠᠨ ᠲᠣᠭᠲᠠᠭ᠋ᠠᠬᠤ ᠬᠡᠷᠡᠭᠲᠡᠢ᠂ ᠳᠤᠷ᠎ᠠ᠎ᠪᠠᠷ ᠵᠶ᠋ᠠᠨ ᠨᠡᠮᠡᠭᠳᠡᠭᠦᠯᠬᠦ ᠪᠤᠶᠤ ᠥᠷᠭᠡᠳᠬᠡᠵᠦ ᠪᠣᠯᠬᠤ ᠦᠭᠡᠢ᠃ ᠪᠣᠳᠠᠲᠠᠶ ᠮᠠᠭ᠋ᠠᠳᠯᠠᠨ ᠲᠣᠭᠲᠠᠭ᠋ᠠᠬᠤ᠎ᠳᠤ ᠳᠡᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠬᠦ ᠬᠡᠷᠡᠭᠲᠡᠶ᠃ ᠳᠥᠷᠪᠡ᠎ᠳᠤ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠦᠷᠨᠢᠭᠦᠯᠵᠦ᠂ ᠠᠯᠳᠠᠭ᠎ᠠ ᠰᠢᠢ᠍ᠳᠬᠡᠯ᠎ᠢ ᠠᠳᠠᠯᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠢᠲᠡᠭᠡᠯ ᠠᠯᠳᠠᠭᠰᠠᠨ ᠭᠣᠣᠯ ᠴᠣᠭᠴᠠ᠎ᠳᠤ ᠡᠷᠬᠡ ᠠᠰᠢᠭ᠎ᠢ᠎ᠨᠢ ᠪᠠᠭ᠋ᠠᠰᠬᠠᠬᠤ ᠪᠤᠶᠤ ᠡᠭᠦᠷᠭᠡ ᠵᠢ᠎ᠨᠢ ᠨᠡᠮᠡᠭᠳᠡᠭᠦᠯᠬᠦ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ᠎ᠳᠤ ᠡᠷᠬᠡᠪᠰᠢ ᠢᠲᠡᠭᠡᠯ ᠠᠯᠳᠠᠭᠰᠠᠨ ᠪᠣᠳᠠᠲᠤ ᠶᠠᠪᠤᠳᠠᠯ᠎ᠳᠤ ᠰᠠᠭᠤᠷᠢᠯᠠᠨ᠂ ᠬᠠᠤᠯᠢ ᠲᠣᠭᠲᠠᠭ᠋ᠠᠯ᠎ᠤᠨ ᠦᠨᠳᠦᠰᠦᠯᠡᠯ᠎ᠲᠠᠢ ᠪᠠᠶ᠋ᠢᠵᠤ᠂ ᠬᠦᠨᠳᠦ ᠬᠥᠩᠭᠡᠨ᠎ᠢ ᠵᠣᠬᠢᠰᠲᠠᠶ ᠰᠢᠢ᠍ᠳᠪᠦᠷᠢᠯᠡᠬᠦ ᠬᠡᠷᠡᠭᠲᠡᠢ᠂ ᠳᠤᠷ᠎ᠠ᠎ᠪᠠᠷ ᠵᠶ᠋ᠠᠨ ᠨᠡᠮᠡᠵᠦ ᠪᠠᠶ᠋ᠢᠭᠤᠯᠬᠤ ᠪᠤᠶᠤ ᠵᠠᠯᠬᠠᠭ᠋ᠠᠨ ᠴᠡᠭᠡᠷᠯᠡᠭᠦᠯᠬᠦ ᠵᠢ ᠬᠦᠨᠳᠦᠷᠡᠭᠦᠯᠵᠦ ᠪᠣᠯᠬᠤ ᠥᠬᠡᠶ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠨ᠎ᠤ ᠡᠪᠯᠡᠯ᠂ ᠰᠣᠨᠢᠨ ᠮᠡᠳᠡᠭᠡᠨ᠎ᠤ ᠵᠠᠭᠤᠴᠢᠯᠠᠭᠤᠷ ᠵᠡᠷᠭᠡ ᠵᠢ ᠠᠯᠪᠠᠲᠠᠨ ᠱᠠᠭ᠋ᠠᠷᠳᠠᠵᠤ ᠪᠠᠢ᠌ᠭ᠋ᠠᠳ ᠢᠲᠡᠭᠡᠮᠵᠢ ᠠᠯᠳᠠᠭᠰᠠᠨ ᠭᠣᠤᠯ ᠴᠣᠭᠴᠠ ᠵᠢ ᠵᠠᠯᠬᠠᠭ᠋ᠠᠨ ᠴᠡᠭᠡᠷᠯᠡᠭᠦᠯᠵᠦ ᠪᠣᠯᠬᠤ ᠥᠬᠡᠶ᠃ ᠲᠠᠪᠤ᠎ᠳᠤ ᠥᠪᠡᠷ᠎ᠤᠨ ᠪᠤᠷᠤᠭᠤ᠎ᠪᠠᠨ ᠵᠠᠯᠠᠷᠠᠭᠤᠯᠬᠤ᠎ᠳᠤ ᠠᠰᠢᠭᠲᠠᠶ ᠢᠲᠡᠭᠡᠮᠵᠢ ᠵᠢᠨ ᠰᠡᠷᠭᠦᠭᠡᠯᠲᠡ ᠵᠢᠨ ᠲᠣᠭᠲᠠᠴᠠ ᠵᠢ ᠪᠠᠢ᠌ᠭᠤᠯᠬᠤ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠢᠲᠡᠭᠡᠯ ᠠᠯᠳᠠᠭᠰᠠᠨ ᠭᠣᠤᠯ ᠴᠣᠭᠴᠠ᠎ᠨᠢ ᠱᠠᠭ᠋ᠠᠷᠳᠠᠯᠭ᠎ᠠ ᠶᠣᠰᠣᠭ᠋ᠠᠷ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠪᠠᠨ ᠵᠠᠯᠠᠷᠠᠭᠤᠯᠵᠤ᠂ ᠮᠠᠭᠤ ᠨᠥᠯᠥᠭᠡ᠎ᠪᠠᠨ ᠠᠷᠢᠯᠭ᠋ᠠᠭᠰᠠᠨ ᠪᠠᠶ᠋ᠢᠪᠠᠯ ᠴᠥᠮ ᠢᠲᠡᠭᠡᠮᠵᠢ᠎ᠪᠠᠨ ᠰᠡᠷᠭᠦᠭᠡᠬᠦ᠎ᠪᠠᠷ ᠭᠤᠶᠤᠴᠢᠯᠠᠵᠤ ᠪᠣᠯᠤᠨ᠎ᠠ᠃ ᠰᠡᠷᠭᠦᠭᠡᠬᠦ ᠨᠥᠬᠥᠴᠡᠯ᠎ᠳᠤ ᠨᠡᠶ᠋ᠢᠴᠡᠪᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠲᠣᠭᠲᠠᠭ᠋ᠠᠯ ᠶᠣᠰᠣᠭ᠋ᠠᠷ ᠢᠲᠡᠭᠡᠯ ᠠᠯᠳᠠᠭᠰᠠᠨ ᠨᠡᠷᠡᠰ᠎ᠠᠴᠠ ᠴᠠᠭ ᠲᠤᠬᠠᠶ᠎ᠳᠤᠨᠢ ᠰᠢᠯᠵᠢᠭᠦᠯᠦᠨ ᠭᠠᠷᠭ᠋ᠠᠬᠤ ᠬᠡᠷᠡᠭᠲᠡᠶ᠃ ᠵᠢᠷᠭᠤᠭ᠎ᠠ᠎ᠳᠤ ᠮᠡᠳᠡᠭᠡ ᠵᠠᠩᠭᠢ ᠵᠢᠨ ᠠᠮᠤᠷ ᠲᠦᠪᠰᠢᠨ ᠪᠠ ᠬᠤᠪᠢ ᠵᠢᠨ ᠨᠢᠭᠤᠴᠠ ᠵᠢ ᠬᠠᠮᠠᠭ᠋ᠠᠯᠠᠬᠤ ᠵᠢ ᠴᠢᠩᠭ᠋ᠠᠳᠬᠠᠬᠤ ᠬᠡᠷᠡᠭᠲᠡᠢ᠃ ᠢᠲᠡᠭᠡᠮᠵᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠡᠷᠬᠡ ᠮᠡᠳᠡᠯ ᠪᠠ ᠳᠡᠰ ᠳᠠᠷᠠᠭ᠋ᠠᠯᠠᠯ᠎ᠢ ᠴᠢᠩᠳᠠᠯᠠᠨ᠂ ᠢᠲᠡᠭᠡᠮᠵᠢ ᠵᠢᠨ ᠮᠡᠳᠡᠭᠡ ᠵᠠᠩᠭᠢ ᠵᠢ ᠵᠠᠳᠠᠷᠠᠭᠤᠯᠬᠤ᠂ ᠥᠭᠡᠷᠡᠲᠦᠭᠦᠯᠬᠦ᠂ ᠰᠦᠢ᠍ᠳᠬᠡᠬᠦ᠂ ᠬᠤᠯᠠᠭ᠋ᠠᠶ᠋ᠢᠯᠠᠨ ᠠᠪᠬᠤ ᠪᠤᠶᠤ ᠢᠲᠡᠭᠡᠮᠵᠢ ᠵᠢᠨ ᠮᠡᠳᠡᠭᠡ ᠵᠠᠩᠭᠢ ᠵᠢ ᠠᠰᠢᠭᠯᠠᠨ ᠬᠤᠪᠢ ᠵᠢᠨ ᠠᠰᠢᠭ ᠬᠥᠭᠡᠭᠡᠴᠡᠯᠳᠦᠬᠦ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠢᠲᠡᠭᠡᠮᠵᠢ ᠵᠢᠨ ᠮᠡᠳᠡᠭᠡ ᠵᠠᠩᠭᠢ ᠵᠢ ᠬᠠᠤᠯᠢ ᠪᠤᠰᠤ᠎ᠪᠠᠷ ᠴᠤᠭᠯᠠᠭᠤᠯᠬᠤ᠂ ᠬᠤᠳᠠᠯᠳᠤᠭ᠋ᠠᠯᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠪᠡ᠃ ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠡᠨᠲᠡ ᠨᠡᠶ᠋ᠢᠲᠡᠯᠡᠭᠰᠡᠨ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ ᠵᠢ ᠦᠨᠡᠮᠰᠢᠬᠦ᠂ ᠲᠡᠮᠳᠡᠭᠯᠡᠬᠦ᠂ ᠢᠯᠡ ᠪᠣᠯᠭ᠋ᠠᠬᠤ᠂ ᠵᠠᠯᠬᠠᠭ᠋ᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ᠎ᠪᠠᠨ ᠱᠠᠯᠠᠪᠳᠠᠨ ᠢᠯᠭ᠋ᠠᠷᠠᠭᠤᠯᠵᠤ᠂ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠵᠢ᠎ᠨᠢ ᠴᠠᠭ ᠲᠤᠬᠠᠶ᠎ᠳᠤᠨᠢ ᠵᠢᠷᠤᠮᠵᠢᠭᠤᠯᠬᠤ ᠬᠡᠷᠡᠭᠲᠡᠶ ᠭᠡᠪᠡ᠃
ᠬᠤᠷᠠᠯ᠎ᠠᠴᠠ ᠪᠠᠰᠠ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠦᠢ᠍ᠯᠡᠰ᠎ᠤᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠮᠥᠩᠭᠥᠨ ᠭᠦᠢ᠍ᠯᠭᠡᠭᠡᠨ᠂ ᠵᠠᠰᠠᠭ᠎ᠤᠨ ᠶᠠᠪᠤᠳᠠᠯ᠂ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ ᠵᠡᠷᠭᠡ ᠬᠣᠯᠪᠣᠭᠳᠠᠯ ᠪᠥᠬᠥᠶ ᠮᠡᠳᠡᠭᠡ ᠵᠠᠩᠭᠢ ᠴᠤᠭᠯᠠᠭᠤᠯᠬᠤ ᠮᠡᠳᠡᠭᠡ ᠵᠠᠩᠭᠢ ᠵᠢ ᠬᠦᠷᠢᠶ᠎ᠡ ᠴᠠᠷᠠᠭ᠎ᠠ ᠠᠯᠤᠰᠯᠠᠨ᠂ ᠭᠠᠵᠠᠷ ᠣᠷᠣᠨ ᠠᠯᠤᠰᠯᠠᠨ ᠬᠠᠤᠯᠢ ᠶᠣᠰᠣᠭ᠋ᠠᠷ ᠬᠠᠮᠲᠤ᠎ᠪᠠᠷ ᠬᠦᠷᠲᠡᠬᠦ ᠵᠢ ᠠᠬᠢᠭᠤᠯᠬᠤ ᠬᠡᠷᠡᠭᠲᠡᠶ᠃ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠢᠯᠡ ᠪᠣᠯᠭ᠋ᠠᠬᠤ ᠪᠠ ᠡᠮᠬᠢ ᠵᠢᠷᠤᠮ᠎ᠲᠠᠢ ᠠᠰᠢᠭᠯᠠᠬᠤ ᠵᠢ ᠲᠦᠷᠭᠡᠳᠬᠡᠬᠦ ᠬᠡᠷᠡᠭᠲᠡᠢ᠃ ᠬᠤᠪᠢ ᠬᠥᠮᠦᠨ᠎ᠤ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠪᠠᠶ᠋ᠢᠭᠤᠯᠤᠮᠵᠢ ᠵᠢ ᠵᠥᠪᠰᠢᠶᠡᠷᠡᠨ ᠣᠷᠣᠭᠤᠯᠬᠤ ᠵᠢ ᠢᠳᠡᠪᠬᠢᠲᠡᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠦᠢ᠍ᠯᠡᠰ᠎ᠤᠨ ᠨᠡᠭᠡᠭᠡᠯᠲᠡ ᠵᠢᠨ ᠡᠷᠴᠢᠮ᠎ᠢ ᠨᠡᠮᠡᠭᠳᠡᠭᠦᠯᠬᠦ ᠬᠡᠷᠡᠭᠲᠡᠢ᠃ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠢᠵᠢ ᠪᠦᠷᠢᠳᠦᠯ᠎ᠤᠨ ᠬᠠᠤᠯᠢ ᠲᠣᠭᠲᠠᠭ᠋ᠠᠯ᠎ᠤᠨ ᠲᠦᠷᠢᠮ᠎ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠲᠤᠯᠭ᠋ᠠᠬᠤ ᠲᠣᠭᠲᠠᠴᠠ ᠵᠢ ᠴᠢᠩᠳᠠᠯᠠᠨ᠂ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠤᠨ ᠳᠡᠰᠯᠡᠬᠦ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠬᠦ ᠬᠡᠷᠡᠭᠲᠡᠢ ᠭᠡᠵᠦ ᠱᠠᠭ᠋ᠠᠷᠳᠠᠵᠠᠢ᠃
ᠬᠤᠷᠠᠯ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ᠃ ᠲᠥᠰᠦᠯ᠎ᠳᠤ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠲᠦᠭᠰᠢᠭᠦᠷᠢ ᠵᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶ᠋ᠢᠯᠡᠬᠦ ᠰᠢᠰᠲ᠋ᠧᠮᠵᠢ ᠵᠢ ᠪᠠᠢ᠌ᠭᠤᠯᠬᠤ ᠬᠡᠷᠡᠭᠲᠡᠢ; ᠣᠷᠣᠨ ᠨᠤᠲᠤᠭ᠎ᠤᠨ ᠵᠠᠰᠠᠭ᠎ᠤᠨ ᠣᠷᠳᠣᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠠᠵᠢᠯ ᠲᠥᠷᠥᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠤᠲᠤᠷᠬᠠᠢ᠌ᠯᠠᠬᠤ ᠬᠡᠷᠡᠭᠲᠡᠢ; ᠠᠶᠤᠯ ᠦᠭᠡᠢ ᠦᠢ᠍ᠯᠡᠳᠪᠦᠷᠢᠯᠡᠯ᠎ᠤᠨ ᠲᠠᠯ᠎ᠠ᠎ᠪᠠᠷ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠷᠭ᠋ᠠᠬᠤ ᠡᠷᠴᠢᠮ ᠵᠶ᠋ᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠬᠠᠤᠯᠢ᠎ᠠᠴᠠ ᠵᠥᠷᠢᠴᠡᠭᠰᠡᠨ ᠥᠪᠡᠷ᠎ᠤᠨ ᠥᠷᠲᠡᠭ᠎ᠢ᠎ᠨᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠬᠤᠷᠠᠯ᠎ᠠᠴᠠ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠶᠠᠷᠢᠯᠴᠠᠭᠤᠯᠬᠤ᠎ᠪᠠᠷ ᠲᠣᠭᠲᠠᠪᠠ᠃
ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃